ᠤᠯᠠᠭᠠᠨᠲᠤᠯᠤᠭᠠᠢ ᠪᠠᠯᠭᠠᠰᠤᠨ ᠤ ᠪᠠᠶᠠᠠᠰᠢᠯᠢ ᠭᠠᠴᠠᠭ᠎ᠠ ︽ᠡᠯᠪᠡᠭ ᠬᠤᠷᠢᠶᠠᠯᠲᠠ ᠶᠢᠨ ᠵᠢᠯ ᠬᠤᠪᠢᠰᠬᠠᠯ ᠤᠨ ᠲᠠᠭᠤᠨ ᠴᠤᠤᠷᠢᠶᠠᠳᠤᠨ᠎ᠠ︾ ᠬᠡᠬᠦ ᠤᠶᠤᠨ ᠤ ᠪᠤᠯᠪᠠᠰᠤᠨ ᠢ ᠦᠢᠯᠡᠳᠦᠯᠬᠡᠵᠢᠬᠦᠯᠬᠦ ᠰᠢᠷᠢᠰ ᠠᠵᠢᠯᠯᠠᠭ᠎ᠠ ᠶᠢ ᠦᠷᠨᠢᠬᠦᠯᠦᠯ᠎ᠡ
ᠨᠡᠶᠢᠲᠡᠯᠡᠭᠰᠡᠨ ᠴᠠᠭ᠄
2020/11/6
     ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠬᠢᠵᠢᠭᠦᠯᠬᠦ ᠶᠢᠨ ᠬᠠᠮᠲᠤ ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ ᠱᠠᠲᠤᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠪᠣᠯᠤᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ ᠮᠠᠯᠴᠢᠨ ᠲᠠᠷᠢᠶᠠᠴᠢᠨ ᠤᠯᠠᠨ ᠲᠦᠮᠡᠨ ᠤ ᠣᠶᠤᠨ ᠰᠠᠨᠠᠭ᠎ᠠ ᠰᠣᠶᠣᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ ᠭᠦᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠠᠵᠢᠯ ᠢ ᠠᠬᠢᠭᠤᠯᠤᠨ ᠰᠢᠨ᠎ᠡ ᠴᠠᠭ ᠦᠶ᠎ᠡ ᠶᠢᠨ ᠤᠶᠤᠨ‌‍ᠤ ᠪᠣᠯᠪᠠᠰᠤᠨ ᠤ ᠦᠢᠯᠡᠳᠦᠯᠬᠡᠵᠢᠬᠦᠯᠬᠡ ᠶᠢᠨ ᠠᠵᠢᠯᠯᠠᠭ᠎ᠠ ᠶᠢ ᠪᠠᠶᠠᠯᠢᠭᠵᠢᠭᠤᠯᠵᠤ ᠤᠯᠠᠨ ᠲᠦᠮᠡᠨ ᠢ ᠤᠬᠠᠭᠤᠯᠬᠤ᠂ ᠤᠯᠠᠨ ᠲᠦᠮᠡᠨ ᠢ ᠬᠥᠮᠦᠵᠢᠭᠦᠯᠬᠦ᠂ ᠤᠯᠠᠨ ᠲᠦᠮᠡᠨ ᠳᠤ ᠰᠡᠳᠬᠢᠯ ᠲᠠᠯᠪᠢᠬᠤ᠂ ᠤᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠦᠨ᠎ᠡ᠃ 10 ᠰᠠᠷ᠎ᠠ ᠶᠢᠨ 30 ᠤ ᠡᠳᠦᠷ᠂ ᠤᠯᠠᠭᠠᠨᠲᠤᠯᠤᠭᠠᠢ ᠪᠠᠯᠭᠠᠰᠤᠨ ᠤ ᠪᠠᠶᠠᠨᠰᠢᠯᠢ ᠭᠠᠴᠠᠭ᠎ᠠ ᠪᠤᠯᠤᠨ ︽3+1︾ ᠶᠢᠨ ᠬᠠᠷᠢᠯᠴᠠᠨ ᠬᠠᠪᠰᠤᠷᠤᠯᠴᠠᠨ ᠬᠠᠮᠲᠤ ᠪᠠᠷ ᠪᠠᠶᠢᠭᠤᠯᠬᠤ ᠨᠢᠭᠡᠴᠢ ᠦᠤᠰᠢᠨ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠵᠢᠴᠢ ᠪᠠᠶᠠᠠᠰᠢᠯᠢ ᠭᠠᠴᠠᠭᠠᠨ ᠳᠤ ᠰᠠᠭᠤᠭ᠎ᠠ ᠠᠵᠤ ᠠᠬᠤᠶᠢᠯᠠᠯ ᠬᠠᠮᠳᠤᠷᠠᠨ ︽ᠡᠯᠪᠡᠭ ᠬᠤᠷᠢᠶᠠᠯᠲᠠ ᠶᠢᠨ ᠵᠢᠯ ᠬᠤᠪᠢᠰᠬᠠᠯ ᠤᠨ ᠲᠠᠭᠤᠨ ᠴᠤᠤᠷᠢᠶᠠᠳᠤᠨ᠎ᠠ︾ ᠬᠡᠬᠦ ᠤᠶᠤᠨ ᠤ ᠪᠤᠯᠪᠠᠰᠤᠨ ᠢ ᠦᠢᠯᠡᠳᠦᠯᠬᠡᠵᠢᠬᠦᠯᠬᠦ ᠰᠢᠷᠢᠰ ᠠᠵᠢᠯᠯᠠᠭ᠎ᠠ ᠶᠢ ᠦᠷᠨᠢᠬᠦᠯᠦᠭᠰᠡᠨ ᠪᠠᠶᠢᠨ᠎ᠠ᠃ ᠬᠤᠰᠢᠭᠤ ᠤᠰᠤᠨ ᠠᠰᠢᠭᠯᠠᠯᠲᠠ ᠶᠢᠨ ᠲᠣᠪᠴᠢᠶᠠᠨ ᠤ ᠬᠡᠰᠡᠭ ᠨᠠᠮ ᠤᠨ ᠭᠡᠰᠢᠭᠦᠨ ᠺᠠᠳ᠋ᠷ᠂ ᠪᠠᠶᠠᠠᠰᠢᠯᠢ ᠭᠠᠴᠠᠭᠠᠨ ᠳᠤ ᠰᠠᠭᠤᠭ᠎ᠠ ᠠᠵᠤ ᠠᠬᠤᠶᠢᠯᠠᠯ ᠤᠨ ᠬᠠᠮᠢᠶ᠎ᠠ ᠪᠥᠬᠦᠶ ᠬᠥᠮᠦᠰ᠂ ᠪᠠᠶᠠᠨᠰᠢᠯᠢ ᠭᠠᠴᠠᠭᠠᠨ ᠤ ᠪᠥᠬᠦ ᠨᠠᠮ ᠤᠨ ᠭᠡᠰᠢᠭᠦᠨ᠂ ᠬᠡᠰᠡᠭ ᠮᠠᠯᠴᠢᠨ ᠲᠠᠷᠢᠶᠠᠴᠢᠨ ᠤᠯᠠᠨ ᠲᠦᠮᠡᠨ ᠠᠵᠢᠯᠯᠠᠭ᠎ᠠ ᠳᠤ ᠣᠷᠣᠯᠴᠠᠵᠠᠶ᠃
     ᠠᠵᠢᠯᠯᠠᠭᠠᠨ ᠳᠡᠭᠡᠷ᠎ᠡ ᠲᠤᠮᠳᠠᠲᠤ ᠶᠢᠨ ᠦᠨᠳᠦᠰᠦᠲᠡᠨ ᠤ ᠬᠠᠮᠲᠤ ᠶᠢᠨ ᠴᠤᠭᠴᠠ ᠶᠢᠨ ᠦᠵᠡᠯ ᠤᠬᠠᠮᠰᠠᠷ᠂ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠲᠠᠶᠢᠯᠪᠤᠷᠢᠯᠠᠨ ᠨᠠᠮ ᠪᠠ ᠠᠷᠠᠳ ᠲᠦᠮᠡᠨ ᠤ ᠬᠠᠷᠢᠴᠠᠭ᠎ᠠ᠂ ᠺᠠᠳ᠋ᠷ ᠪᠤᠯᠤᠨ ᠠᠷᠠᠳ ᠲᠦᠮᠡᠨ ᠤ ᠬᠠᠷᠢᠴᠠᠭ᠎ᠠ ᠶᠢ ᠨᠢᠭᠲᠠᠷᠠᠭᠤᠯᠵᠤ ᠮᠠᠯᠴᠢᠨ ᠲᠠᠷᠢᠶᠠᠴᠢᠨ  ᠤ ᠬᠡᠪ ᠪᠤᠯᠪᠠᠰᠤᠷᠠᠯ ᠢ ᠲᠡᠭᠡᠭᠰᠢᠯᠡᠬᠦᠯᠦᠨ ᠤᠯᠤᠰ ᠢᠶᠠᠨ ᠬᠠᠶᠢᠷᠠᠯᠠᠬᠤ ᠰᠡᠳᠬᠢᠯᠬᠡ ᠶᠢ ᠤᠯᠠᠮ ᠬᠦᠭᠵᠢᠭᠡᠭᠰᠡᠨ ᠪᠠᠶᠢᠨ᠎ᠠ
     ᠠᠵᠢᠯᠯᠠᠭᠠᠨ ᠳᠡᠭᠡᠷ᠎ᠡ ᠪᠠᠰᠠ ᠬᠤᠪᠢᠰᠬᠠᠯ ᠤᠨ ᠲᠠᠭᠤᠤ ᠲᠠᠭᠤᠯᠠᠬᠤ ᠶᠢᠨ ᠬᠠᠮᠲᠤ ᠰᠠᠲᠦᠪ ᠪᠤᠯᠢᠶᠠᠯᠳᠤᠨ ᠬᠠᠷᠢᠭᠤᠯᠬᠤ ᠤᠷᠤᠯᠳᠤᠭᠠᠨ ᠦᠷᠨᠢᠬᠦᠯᠦᠭᠰᠡᠨ ᠪᠠ ᠶᠠᠳᠠᠭᠤ ᠶᠢ ᠲᠡᠳᠬᠦᠬᠦ ᠠᠵᠢᠯ ᠤᠨ ᠲᠤᠮᠳᠠᠬᠢ ᠨᠡᠶᠢᠲᠡᠯᠢᠭ ᠵᠢᠱᠢᠶᠡᠴᠢ ᠡᠷᠦᠬᠡ ᠪᠤᠯᠤᠨ ᠬᠤᠪᠢ ᠬᠦᠮᠦᠨ ᠢ ᠱᠠᠩᠨᠠᠨ ᠭᠥᠭᠢᠭᠦᠯᠤᠨ SPPA ᠡᠮᠡᠭᠲᠡᠶᠢᠴᠦᠳ ᠤᠨ ᠰᠠᠶᠢᠨ ᠲᠤᠷ᠎ᠠ  ᠶᠢᠨ ᠦᠢᠯᠡᠴᠢᠯᠡᠬᠡᠨ ᠤ ᠠᠩᠬᠢ ᠳᠤ ᠫᠠᠶᠢᠰᠠ ᠤᠯᠭᠤᠭᠰᠠᠨ ᠪᠠᠶᠢᠨ᠎ᠠ᠃
     ᠲᠤᠰ ᠤᠳᠠᠭᠠᠨ ᠤ ᠰᠢᠷᠢᠰ ᠠᠵᠢᠯᠯᠠᠭ᠎ᠠ ᠨᠢ ᠶᠠᠳᠠᠭᠤ ᠠᠴᠠ ᠠᠩᠬᠢᠵᠢᠷᠠᠭᠤᠯᠬᠤ ᠪᠤᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠬᠦᠯᠵᠤ ᠰᠢᠨ᠎ᠡ ᠴᠠᠭ ᠦᠶ᠎ᠡ ᠶᠢᠨ ᠮᠠᠯᠴᠢᠨ ᠲᠠᠷᠢᠶᠠᠴᠢᠨ ᠤ ᠠᠵᠢᠯᠴᠢ ᠬᠦᠳᠡᠯᠮᠦᠷᠢᠴᠢ ᠤᠶᠤᠨ ᠤᠬᠠᠭᠠᠨ ᠪᠠ ᠴᠤᠭ ᠵᠢᠪᠬᠤᠭ᠎ᠠ ᠶᠢ ᠭᠦᠪᠴᠢᠯᠡᠨ ᠮᠠᠯᠴᠢᠨ ᠲᠠᠷᠢᠶᠠᠴᠢᠨ ᠤ ᠵᠤᠯ ᠵᠢᠷᠭᠠᠯᠲᠤ ᠠᠮᠤᠷ ᠲᠦᠪᠰᠢᠨ ᠤ ᠲᠦᠷᠦᠭᠳᠡᠯ ᠢ ᠲᠡᠭᠡᠭᠰᠢᠯᠡᠬᠦᠯᠦᠨ  ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠠᠤᠭ᠎ᠠ ᠶᠡᠭᠡ ᠨᠢᠭᠲᠠᠷᠠᠯ ᠤᠨ ᠭᠥᠴᠤᠨ ᠢ ᠪᠦᠷᠢᠯᠳᠦᠬᠦᠯᠦᠭᠰᠡᠨ ᠪᠠᠶᠢᠨ᠎ᠠ᠃  
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号