ᠮᠠᠨ ᠤ ᠬᠤᠰᠢᠭᠤ ᠪᠠᠲᠤ ᠶᠢᠨ ᠲᠣᠬᠤᠢ ᠶᠢᠨ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠵᠢᠭᠦᠯᠬᠦ ᠢᠨᠵᠧᠨᠧᠷᠢᠩ ᠤᠨ ᠪᠠᠷᠢᠯᠭ᠎ᠠ ᠶᠢ ᠡᠭᠢᠯᠠᠭᠦᠯᠭᠦ ᠲᠤᠬᠠᠶ ᠶᠢᠨ ᠲᠠᠯᠠᠪᠠᠢ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/11/6
     10 ᠰᠠᠷ᠎ᠠ ᠶᠢᠨ 30 ᠤ ᠡᠳᠦᠷ᠂ ᠮᠠᠨ ᠤ ᠬᠤᠰᠢᠭᠤ ᠪᠠᠲᠤ ᠶᠢᠨ ᠲᠣᠬᠤᠢ ᠶᠢᠨ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠵᠢᠭᠦᠯᠬᠦ ᠢᠨᠵᠧᠨᠧᠷᠢᠩ ᠤᠨ ᠪᠠᠷᠢᠯᠭ᠎ᠠ ᠡᠭᠢᠯᠠᠭᠦᠯᠭᠦ ᠲᠤᠬᠠᠢ ᠶᠢᠨ ᠲᠠᠯᠠᠪᠠᠢ ᠶᠢᠨ ᠬᠤᠷᠠᠯ ᠬᠤᠷᠠᠯᠳᠤᠭᠤᠯᠤᠭᠰᠠᠨ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠪᠦᠲᠦᠭᠡᠨ ᠪᠠᠶᠢᠭᠤᠯᠤᠯᠲᠠ ᠶᠢᠨ ᠭᠠᠵᠠᠷ ᠤᠨ ᠳᠠᠷᠤᠭ᠎ᠠ ᠯᠢ ᠬᠠᠢ ᠮᠢᠩ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠤᠤ ᠹᠸᠢ ᠯᠦ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠤᠤ ᠸᠧᠶ᠂  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠬᠡᠯᠲᠡᠰ ᠤᠨ ᠳᠠᠷᠤᠭ᠎ᠠ ᠹᠧᠩ ᡁᠢ ᠮᠢᠩ᠂ ᠬᠤᠰᠢᠭᠤ ᠳᠡᠳ᠋ ᠳᠠᠷᠤᠭ᠎ᠠ ᠪᠠᠶᠠᠨᠴᠡᠩᠬᠡᠯ ᠪᠣᠯᠣᠨ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ᠂ ᠬᠤᠰᠢᠭᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ᠂ ᠰᠢᠷᠬᠤᠰᠤᠨ ᠪᠠᠯᠭᠠᠰᠤᠨ ᠤ ᠭᠤᠤᠯ ᠬᠠᠷᠢᠭᠤᠴᠠᠯᠭᠠᠲᠠᠨ ᠶᠣᠰᠣᠯᠠᠯ ᠳᠤ ᠣᠷᠣᠯᠴᠠᠭᠰᠠᠨ ᠪᠠᠶᠢᠨ᠎ᠠ᠃
     ᠵᠤᠤ ᠹᠸᠢ ᠯᠦ ᠢᠯᠡᠷᠬᠡᠶᠢᠯᠡᠬᠦ ᠳᠡᠭᠡᠨ᠂ ᠣᠶᠢᠷ᠎ᠠ ᠶᠢᠨ ᠵᠢᠯ ᠳᠤ ᠮᠠᠨ ᠤ ᠬᠤᠰᠢᠭᠤ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠪᠠ ᠤᠯᠤᠰ ᠤᠨ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠴᠢᠨᠠᠷ ᠰᠠᠶᠢᠲᠠᠶ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠣᠷᠣᠨ ᠵᠠᠶ ᠶᠢ ᠲᠡᠩᠴᠡᠭᠦᠷᠢᠲᠡᠶ ᠪᠠᠶᠢᠯᠭᠠᠬᠤ᠂ ᠰᠢᠰᠲ᠋ᠧᠮ ᠲᠠᠢ ᠵᠠᠰᠠᠬᠤ᠂ ᠬᠤᠶᠠᠷ ᠲᠠᠯ᠎ᠠ ᠪᠠᠷ ᠭᠥᠴᠤᠯᠠᠭᠦ ᠵᠡᠷᠭᠡ ᠰᠢᠨ᠎ᠡ ᠴᠠᠭ ᠦᠶ᠎ᠡ ᠶᠢᠨ ᠣᠰᠣᠨ ᠵᠠᠮ ᠢ ᠰᠢᠯᠦᠭᠤᠳᠬᠠᠨ ᠠᠶᠤᠯ ᠢ ᠠᠷᠢᠯᠭᠠᠬᠤ ᠠᠵᠢᠯ ᠤᠨ ᠴᠢᠭᠯᠡᠯᠲᠡ ᠶᠣᠰᠣᠭᠠᠷ ᠲᠥᠯᠥᠪᠵᠢᠭᠦᠯᠭᠡ ᠪᠠ ᠳᠦᠷᠢᠮ ᠤᠨ ᠬᠢᠵᠠᠭᠠᠷᠯᠠᠯ ᠢ ᠴᠢᠩᠭᠠᠳᠬᠠᠵᠤ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ ᠨᠠᠷᠢᠠᠭᠤᠤᠯ ᠤᠨ ᠦᠶᠡᠷ ᠢ ᠰᠡᠷᠭᠡᠶᠢᠯᠡᠬᠦ ᠬᠠᠰᠢᠯᠭ᠎ᠠ ᠶᠢ ᠪᠠᠬᠢᠯᠡᠬᠦ ᠵᠡᠷᠭᠡ ᠨᠢᠭᠡ ᠪᠦᠯᠦᠭ ᠭᠤᠤᠯᠳᠠᠯᠭ᠎ᠠ ᠲᠠᠢ ᠤᠰᠤᠨ ᠠᠰᠢᠭᠯᠠᠯᠲᠠ ᠶᠢᠨ ᠢᠨᠵᠧᠨᠧᠷᠢᠩ ᠪᠣᠯᠤᠨ ᠬᠤᠰᠢᠭᠤᠨ ᠳᠠᠬᠢ ᠡᠮᠦᠨ᠎ᠡ ᠤᠮᠠᠷ᠎ᠠ ᠶᠢ ᠬᠤᠯᠪᠣᠭᠰᠠᠨ ᠠᠵᠤ ᠦᠢᠯᠡᠳᠪᠦᠷᠢ ᠶᠢᠨ ᠤᠰᠤ ᠬᠠᠩᠭᠠᠬᠤ ᠬᠤᠭᠤᠯᠠᠶ ᠱᠤᠭᠤᠮ ᠵᠢᠴᠢ ᠠᠮᠤ ᠪᠤᠳᠠᠭᠠᠨ ᠤ ᠭᠤᠣᠯ ᠭᠠᠷᠤᠯᠲᠠ ᠶᠢᠨ ᠣᠷᠣᠨ ᠤ ᠮᠠᠯ ᠲᠠᠷᠢᠶᠠᠯᠠᠩ ᠠᠵᠤ ᠠᠬᠤᠶ ᠶᠢᠨ ᠤᠰᠤ ᠠᠷᠪᠢᠯᠠᠬᠤ ᠲᠥᠷᠥᠯ ᠵᠦᠢᠯ ᠢ ᠦᠷᠭᠦᠯᠵᠢᠯᠡᠨ ᠬᠡᠷᠡᠭᠵᠢᠭᠦᠯᠵᠦ ᠤᠰᠤᠨ ᠤ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ ᠠᠰᠢᠭᠯᠠᠬᠤ᠂ ᠦᠶᠡᠷ ᠤᠰᠤᠲᠤᠯ ᠵᠡᠷᠭᠡ ᠤᠰᠤᠨ ᠤ ᠭᠠᠮᠰᠢᠭ ᠢ ᠪᠦᠲᠦᠮᠵᠢᠲᠡᠶ ᠰᠡᠷᠭᠡᠶᠢᠯᠡᠨ ᠵᠠᠰᠠᠬᠤ᠂ ᠤᠰᠤᠨ ᠤ ᠠᠮᠢ ᠠᠬᠤᠶ ᠣᠷᠴᠢᠨ ᠲᠣᠭᠤᠷᠢᠨ ᠢ ᠪᠦᠬᠦ ᠲᠠᠯ᠎ᠠ ᠪᠠᠷ ᠰᠡᠷᠭᠦᠭᠡᠬᠦ᠂ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠢ ᠲᠦᠷᠭᠡᠳᠬᠡᠨ ᠪᠠᠶᠢᠭᠤᠯᠬᠤ ᠶᠢ  ᠪᠡᠶᠡᠯᠡᠭᠦᠯᠤᠨ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠭᠰᠠᠨ ᠪᠠᠶᠢᠨ᠎ᠠ ᠭᠡᠵᠡᠢ᠃
     ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠪᠥᠲᠥᠭᠡᠨ ᠪᠠᠶᠢᠭᠤᠯᠤᠯᠲᠠ ᠶᠢᠨ ᠭᠠᠵᠠᠷ ᠤᠨ ᠳᠠᠷᠤᠭ᠎ᠠ ᠯᠢ ᠬᠠᠶ ᠮᠢᠩ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠪᠣᠳᠠᠲᠠᠶ ᠱᠠᠭᠠᠷᠳᠠᠯᠭ᠎ᠠ ᠳᠤᠷᠠᠳᠴᠤ ᠡᠯ᠎ᠡ ᠬᠠᠷᠢᠭᠤᠴᠠᠯᠭᠠᠲᠤ ᠤᠳᠤᠷᠢᠳᠤᠯᠭ᠎ᠠ ᠪᠣᠯᠤᠨ ᠬᠠᠷᠢᠭᠤᠴᠠᠯᠭᠠᠲᠤ ᠨᠢᠭᠡᠴᠢ ᠶᠢ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠵᠤ ᠪᠠᠷᠢᠯᠭ᠎ᠠ ᠶᠢᠨ ᠶᠠᠰᠤ ᠴᠢᠨᠠᠷ ᠪᠣᠯᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠴᠢᠩᠭ᠎ᠠ ᠠᠳᠬᠤᠨ ᠪᠠᠷᠢᠯᠭ᠎ᠠ ᠶᠢᠨ ᠠᠮᠤᠷ ᠲᠦᠪᠰᠢᠨ ᠢ ᠦᠨᠡᠨᠬᠦ ᠪᠠᠲᠤᠯᠠᠭᠰᠠᠨ ᠤᠷᠢᠲᠠᠯ ᠳᠣᠤᠷ᠎ᠠ ᠲᠥᠷᠥᠯ  ᠵᠦᠢᠯ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠬᠦ ᠬᠡᠷᠡᠭᠲᠡᠶ ᠬᠡᠰᠡᠨ ᠪᠠᠶᠢᠨ᠎ᠠ᠃ ᠬᠤᠲᠠ ᠶᠢᠨ ᠤᠰᠤᠨ ᠠᠰᠢᠭᠯᠠᠯᠲᠠ ᠶᠢᠨ  ᠲᠣᠪᠴᠢᠶᠠᠨ ᠳᠠᠷᠤᠭ᠎ᠠ ᠸᠠᠩ ᠵᠢᠶᠠᠨ ᠲᠥᠷᠥᠯ ᠵᠦᠢᠯ ᠤᠨ ᠠᠵᠢᠯ ᠡᠬᠢᠯᠡᠭᠰᠡᠨ ᠢ ᠵᠠᠷᠯᠠᠵᠤ ᠪᠠᠷᠢᠯᠭ᠎ᠠ ᠪᠠᠷᠢᠬᠤ ᠨᠢᠭᠡᠴᠢ᠂ ᠬᠢᠨᠠᠨ ᠬᠠᠮᠢᠶᠠᠷᠬᠤ ᠨᠢᠭᠡᠴᠢ ᠲᠣᠰ ᠲᠣᠰ ᠣᠪᠣᠷ ᠢᠶᠠᠨ ᠢᠯᠡᠳᠬᠡᠵᠦ ᠶᠠᠷᠢᠶ᠎ᠠ ᠲᠠᠯᠪᠢᠭᠰᠠᠨ ᠪᠠᠶᠢᠨ᠎ᠠ᠃
     ᠳᠠᠷᠠᠭ᠎ᠠ ᠨᠢ᠂ ᠬᠤᠷᠠᠯ ᠳᠤ ᠣᠷᠣᠯᠴᠠᠭᠰᠠᠳ ᠪᠠᠲᠤ ᠶᠢᠨ ᠲᠣᠬᠤᠢ ᠶᠢᠨ ᠤᠰᠤᠨ ᠴᠥᠭᠦᠷᠥᠮ ᠤᠨ ᠤᠰᠤᠨ ᠤ ᠪᠠᠶᠢᠳᠠᠯ ᠢ ᠠᠵᠢᠭᠯᠠᠬᠤ ᠴᠡᠭ ᠪᠣᠯᠤᠨ ᠤᠰᠤᠨ ᠤ ᠠᠮᠢ ᠠᠬᠤᠢ ᠶᠢᠨ ᠪᠣᠯᠪᠠᠰᠤᠨ ᠤ ᠬᠥᠮᠦᠵᠢᠯ ᠤᠨ ᠦᠵᠡᠭᠦᠯᠦᠯᠭᠡ ᠶᠢᠨ ᠲᠢᠩᠬᠢᠮ ᠢ ᠲᠣᠭᠤᠷᠢᠨ ᠦᠵᠡᠭᠰᠡᠨ ᠪᠠᠶᠢᠨ᠎ᠠ᠃      ᠣᠶᠢᠯᠠᠭᠠᠭᠰᠠᠨ ᠢᠶᠠᠷ᠂ ᠶᠡᠷᠦᠩᠬᠡᠶ ᠪᠡᠯᠡ ᠣᠷᠣᠭᠤᠯᠤᠯᠲᠠ ᠨᠢ 1.54 ᠳ᠋ᠦᠩᠰᠢᠭᠤᠷ ᠲᠥᠭᠦᠷᠢᠭ ᠤᠨ ᠪᠠᠲᠤ ᠶᠢᠨ ᠲᠣᠬᠤᠢ ᠶᠢᠨ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠵᠢᠭᠦᠯᠬᠦ ᠢᠨᠵᠧᠨᠧᠷᠢᠩ ᠪᠠᠶᠢᠭᠤᠯᠤᠭᠳᠠᠭᠰᠠᠨ ᠤ ᠳᠠᠷᠠᠭ᠎ᠠ   ᠰᠢᠷᠬᠤᠰᠣᠨ ᠭᠤᠤᠯ ᠤᠨ ᠬᠤᠶᠠᠷ ᠡᠷᠭᠢ ᠶᠢᠨ ᠪᠣᠬᠢᠷᠳᠤᠯ ᠦᠭᠡᠢ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠶᠢ ᠨᠡᠩ ᠲᠡᠭᠦᠯᠳᠡᠷᠵᠢᠭᠦᠯᠵᠦ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢᠨ ᠦᠢᠯᠡᠳᠦᠯ ᠢ ᠨᠡᠩ ᠪᠠᠳᠠᠷᠠᠭᠤᠯᠤᠨ ᠡᠷᠭᠢᠨ ᠲᠣᠭᠤᠷᠢᠨ ᠤ ᠠᠷᠠᠳ ᠣᠯᠠᠨ ᠤ ᠠᠮᠢᠳᠤᠷᠠᠯ ᠢ ᠨᠡᠩ ᠵᠣᠯ ᠵᠢᠷᠭᠠᠯ ᠲᠠᠢ ᠪᠣᠯᠭᠠᠵᠤ ᠪᠣᠬᠢᠷᠲᠤᠯ ᠦᠭᠡᠶ ᠬᠥᠭᠵᠢᠯᠲᠡ ᠶᠢ ᠦᠨᠡᠨᠬᠦ ᠪᠠᠶᠠᠯᠠᠭᠦᠯᠭᠦ ᠪᠣᠯᠣᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号