ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ ᠹᠸᠢ ᠯᠦ ᠮᠠᠨ ᠤ ᠬᠤᠰᠢᠭᠤᠨ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠳᠠ ᠵᠢᠭᠠᠨ ᠵᠢᠯᠤᠭᠤᠳᠤᠯᠭ᠎ᠠ ᠭᠢᠪᠡ
ᠨᠡᠶᠢᠲᠡᠯᠡᠭᠰᠡᠨ ᠴᠠᠭ᠄
2020/11/6
     11 ᠰᠠᠷ᠎ᠠ ᠶᠢᠨ 3 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ ᠹᠸᠢ ᠯᠦ ᠭᠠᠯᠠᠭᠤᠲᠤ ᠪᠠᠯᠭᠠᠰᠤᠨ ᠤ ᠳᠤᠭᠤᠶᠢᠯᠠᠩ ᠨᠡᠶᠢᠭᠡᠮ ᠲᠣᠭᠤᠷᠢᠭ ᠲᠤ ᠬᠦᠨᠵᠡᠭᠡᠶᠢᠷᠡᠨ ᠮᠠᠨ ᠤ ᠬᠤᠰᠢᠭᠤᠨ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠳᠠ ᠵᠢᠭᠠᠨ ᠵᠢᠯᠤᠭᠤᠳᠤᠯᠭ᠎ᠠ ᠭᠢᠵᠤ ᠭᠠᠯᠠᠭᠤᠲᠤ ᠪᠠᠯᠭᠠᠰᠤ᠂ ᠲᠤᠭ᠎ᠠ ᠪᠦᠷᠢᠳᠬᠡᠯ ᠤᠨ ᠲᠣᠪᠴᠢᠶᠠᠨ ᠤ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠳᠠ ᠳᠤ ᠤᠷᠤᠯᠴᠠᠭᠰᠠᠨ ᠪᠠᠶᠢᠨ᠎ᠠ᠃       ᠳᠤᠭᠤᠶᠢᠯᠠᠩ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠥᠪ ᠲᠤ ᠵᠣᠣ ᠹᠸᠢ ᠯᠤ᠋ ᠠᠵᠢᠯᠲᠠᠨ ᠲᠠᠢ ᠶᠠᠷᠢᠯᠴᠠᠨ  ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠡᠮᠦᠨᠡᠬᠢ ᠬᠤᠭᠤᠴᠠᠭᠠᠨ ᠤ ᠪᠠᠶᠢᠳᠠᠯ ᠢ ᠣᠶᠢᠯᠠᠭᠠᠬᠤ᠂ ᠡᠷᠦᠬᠡ ᠳᠤ ᠭᠥᠨᠵᠡᠭᠡᠶᠢᠷᠠᠭᠦ᠂ ᠨᠡᠶᠢᠳᠡᠮ ᠪᠠᠶᠢᠴᠠᠭᠠᠯᠳᠠ ᠶᠢᠨ ᠲᠡᠮᠳᠡᠭᠯᠡᠯ ᠭᠢᠭᠦ ᠵᠢᠴᠢ ᠨᠡᠶᠢᠳᠡᠮ ᠪᠠᠶᠢᠴᠠᠭᠠᠭᠴᠢ ᠪᠣᠯᠤᠨ ᠨᠡᠶᠢᠳᠡᠮ ᠪᠠᠶᠢᠴᠠᠭᠠᠯᠲᠠ ᠶᠢᠨ ᠵᠢᠯᠤᠭᠤᠳᠤᠭᠴᠢ ᠶᠢᠨ ᠡᠩᠨᠡᠭᠡ ᠶᠢᠨ ᠪᠦᠷᠢᠯᠳᠦᠯ ᠵᠡᠷᠭᠡ ᠪᠠᠶᠢᠳᠠᠯ ᠢ ᠨᠠᠷᠢᠨ ᠣᠶᠢᠯᠠᠭᠠᠵᠤ ᠨᠢᠭᠡᠳᠦᠭᠡᠷ ᠹᠷᠣᠨᠲ ᠲᠤ ᠨᠡᠶᠢᠳᠡᠮ ᠪᠠᠶᠢᠴᠠᠭᠠᠯᠲᠠ ᠶᠢᠨ ᠠᠵᠢᠯ ᠢ ᠥᠷᠨᠢᠭᠦᠯᠵᠦ ᠪᠠᠶᠢᠭ᠎ᠠ ᠡᠯ᠎ᠡ ᠱᠠᠲᠤᠨ ᠤ ᠺᠠᠳ᠋ᠷ ᠪᠣᠯᠤᠨ ᠪᠦᠬᠦ ᠠᠵᠢᠯᠲᠠᠳ ᠲᠤ ᠮᠡᠨᠳᠦᠴᠢᠯᠡᠯ ᠳᠡᠪᠰᠢᠭᠦᠯᠪᠡ᠃
      ᠵᠤᠤ ᠹᠸᠢ ᠯᠦ ᠨᠡᠶᠢᠳᠡᠮ ᠪᠠᠶᠢᠴᠠᠭᠠᠭᠴᠢ ᠲᠠᠢ ᠬᠠᠮᠲᠤ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠭᠡᠷ ᠢᠶᠠᠷ ᠬᠦᠷᠴᠦ ᠭᠡᠷ ᠪᠦᠯᠢ ᠶᠢᠨ ᠪᠦᠷᠢᠯᠳᠦᠬᠦᠨ ᠤ ᠮᠡᠳᠡᠭᠡ ᠵᠠᠩᠭᠢ ᠵᠡᠷᠭᠡ ᠶᠢᠨ ᠪᠠᠶᠢᠳᠠᠯ ᠢ ᠯᠠᠪᠯᠠᠨ ᠠᠰᠠᠭᠤᠵᠤ ᠨᠡᠶᠢᠳᠡᠮ ᠪᠠᠶᠢᠴᠠᠭᠠᠯᠳᠠ ᠶᠢᠨ ᠳᠠᠩᠰᠠᠯᠠᠨ ᠲᠡᠮᠳᠡᠭᠯᠡᠬᠦ ᠶᠠᠪᠤᠴᠠ ᠶᠢ ᠪᠠᠶᠢᠴᠠᠭᠠᠨ ᠥᠵᠠᠪᠠ᠃ ᠲᠡᠷᠡ ᠵᠢᠭᠠᠵᠤ ᠭᠠᠷᠭᠠᠭᠰᠠᠨ ᠨᠢ᠂ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠨᠢ ᠪᠢᠳᠠᠨ ᠤ ᠠᠮᠢᠳᠤᠷᠠᠯ ᠲᠠᠢ ᠨᠢᠭᠳᠠ ᠬᠤᠯᠪᠣᠭ᠎ᠠ  ᠲᠠᠢ᠂ ᠪᠠᠰᠠ ᠴᠤ ᠠᠷᠠᠳ ᠢᠷᠭᠡᠨ ᠨᠢᠭᠡᠪᠦᠷᠢ ᠶᠢᠨ ᠡᠭᠦᠷᠭᠡ ᠬᠠᠷᠢᠭᠤᠴᠠᠯᠭ᠎ᠠ ᠪᠣᠯᠤᠨ᠎ᠠ᠂ ᠨᠡᠶᠢᠳᠡᠮ ᠪᠠᠶᠢᠴᠠᠭᠠᠭᠳᠠᠬᠤ ᠡᠲᠡᠭᠡᠳ ᠨᠢ ᠨᠡᠶᠢᠳᠡᠮ ᠪᠠᠶᠢᠴᠠᠭᠠᠯᠲᠠ ᠶᠢᠨ ᠡᠭᠦᠷᠭᠡ ᠪᠠᠨ ᠬᠠᠤᠯᠢ ᠶᠣᠰᠣᠭᠠᠷ ᠭᠥᠢᠴᠡᠳᠭᠡᠨ ᠨᠡᠶᠢᠳᠡᠮ ᠪᠠᠶᠢᠴᠠᠭᠠᠭᠴᠢ ᠶᠢᠨ ᠠᠵᠢᠯ ᠲᠠᠢ ᠬᠠᠮᠵᠢᠯᠴᠠᠨ ᠮᠡᠳᠡᠭᠡ ᠵᠠᠩᠭᠢ ᠶᠢ ᠦᠨᠡᠨ ᠪᠣᠳᠠᠲᠠᠶ ᠪᠠᠷ ᠬᠠᠩᠭᠠᠬᠤ ᠬᠡᠷᠡᠭᠲᠡᠶ ᠭᠡᠵᠡᠢ
      ᠵᠤᠤ ᠹᠸᠢ ᠯᠦ ᠵᠢᠭᠠᠵᠤ ᠭᠠᠷᠭᠠᠭᠰᠠᠨ ᠨᠢ᠂ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠪᠣᠯ ᠤᠯᠤᠰ ᠤᠨ ᠡᠳ᠋ ᠤᠨ ᠵᠠᠰᠠᠭ ᠠᠷᠠᠳ ᠤᠨ ᠠᠮᠢᠳᠤᠷᠠᠯ ᠲᠠᠢ ᠬᠤᠯᠪᠤᠭᠳᠠᠬᠤ ᠨᠢᠭᠡᠨ ᠲᠣᠮᠣ ᠶᠠᠪᠤᠳᠠᠯ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠠᠴᠠ ᠭᠠᠷᠭᠠᠭᠰᠠᠨ ᠴᠢᠬᠤᠯᠠ ᠶᠡᠭᠡ ᠰᠢᠢᠳᠪᠤᠷᠢᠳᠤ ᠪᠠᠶᠢᠷᠢᠯᠠᠭᠤᠯᠤᠯᠳᠠ᠂ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠲᠤᠰᠢᠶᠠᠭᠰᠠᠨ ᠨᠢᠭᠡᠨ ᠴᠢᠬᠤᠯᠠ ᠠᠵᠢᠯ ᠮᠥᠨ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠲᠡᠭᠡᠭᠰᠢᠯᠠᠭᠦᠯᠤᠨ ᠤᠳᠤᠷᠢᠳᠤᠯᠭ᠎ᠠ ᠪᠠᠨ ᠴᠢᠩᠭᠠᠳᠬᠠᠵᠦ ᠨᠢᠮᠪᠠᠶ ᠵᠣᠬᠢᠶᠠᠨ ᠪᠠᠶᠢᠭᠤᠯᠤᠨ ᠨᠠᠷᠢᠨ ᠨᠢᠭᠳᠠ ᠪᠠᠶᠢᠷᠢᠯᠠᠭᠤᠯᠵᠤ ᠲᠡᠭᠡᠳᠤ ᠱᠠᠲᠤᠨ ᠤ ᠬᠤᠯᠪᠣᠭᠳᠠᠯ ᠪᠥᠭᠦᠢ ᠰᠠᠯᠠᠭ᠎ᠠ ᠮᠥᠴᠢᠷ ᠤᠨ ᠠᠵᠢᠯ ᠤᠨ ᠱᠠᠭᠠᠷᠳᠠᠯᠭ᠎ᠠ ᠶᠢ ᠬᠢᠨᠠᠮᠠᠭᠠᠶ ᠲᠤᠭᠤᠰᠢᠯᠠᠭᠤᠯᠤᠨ ᠨᠠᠮ ᠪᠠ ᠠᠷᠠᠳ ᠲᠦᠮᠡᠨ ᠳᠤ ᠬᠠᠷᠢᠭᠤᠴᠠᠬᠤ ᠣᠪᠣᠷ ᠢᠶᠠᠷ ᠨᠡᠶᠢᠳᠡᠮ ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠵᠦ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠡᠭᠦᠷᠭᠡ ᠶᠢ ᠴᠢᠨᠠᠷ ᠰᠠᠶᠢᠲᠠᠶ ᠪᠠᠶᠠᠯᠠᠭᠦᠯᠭᠦ ᠭᠡᠷᠡᠭᠳᠠᠢ᠃ ᠪᠦᠬᠦ ᠬᠤᠰᠢᠭᠤᠨ ᠤ ᠡᠯ᠎ᠡ ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠨᠡᠶᠢᠳᠡᠮ ᠪᠠᠶᠢᠴᠠᠭᠠᠯᠲᠠ ᠶᠢᠨ ᠲᠥᠰᠦᠯ ᠢ ᠨᠠᠷᠢᠨ ᠬᠢᠨᠠᠮᠠᠭᠠᠶ ᠬᠡᠷᠡᠭᠵᠢᠭᠦᠯᠵᠦ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠦᠨᠡᠨ ᠪᠣᠳᠠᠲᠠᠶ᠂ ᠣᠨᠣᠪᠴᠢᠲᠠᠶ᠂ ᠪᠦᠷᠢᠨ ᠪᠦᠲᠦᠨ ᠪᠠᠶᠢᠬᠤ ᠶᠢ ᠪᠠᠳᠤᠯᠠᠨ ᠨᠡᠶᠢᠳᠡᠮ ᠪᠠᠶᠢᠴᠠᠭᠠᠭᠴᠢ ᠲᠥᠰᠦᠯ ᠤᠨ ᠶᠠᠪᠤᠴᠠ ᠶᠣᠰᠣᠭᠠᠷ ᠡᠷᠦᠬᠡ ᠳᠤ ᠣᠷᠣᠵᠤ ᠲᠠᠩᠰᠠᠯᠠᠨ ᠠᠷᠠᠳ ᠢᠷᠭᠡᠳ ᠤᠨ ᠬᠤᠪᠢ ᠬᠥᠮᠦᠨ ᠤ ᠮᠡᠳᠡᠭᠡ ᠵᠠᠩᠭᠢ ᠶᠢᠨ ᠬᠠᠮᠠᠭᠠᠯᠠᠯᠲᠠ ᠶᠢ ᠴᠢᠩᠭᠠᠳᠬᠠᠬᠤ ᠭᠡᠷᠡᠭᠳᠠᠢ᠃ ᠡᠯ᠎ᠡ ᠭᠠᠵᠠᠷ ᠤᠷᠤᠨ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠬᠦᠴᠦ ᠪᠠᠨ ᠬᠠᠮᠲᠤᠳᠬᠠᠨ ᠨᠢᠭᠳᠠ ᠬᠠᠮᠵᠢᠯᠴᠠᠵᠤ ᠨᠡᠶᠢᠳᠡᠮ ᠪᠠᠶᠢᠴᠠᠭᠠᠯᠲᠠ ᠶᠢᠨ ᠠᠵᠢᠯ ᠳᠤ ᠠᠰᠢᠭᠲᠠᠢ ᠨᠥᠬᠦᠴᠡᠯ ᠬᠠᠩᠭᠠᠨ ᠰᠠᠶᠢᠨ ᠰᠠᠶᠢᠬᠠᠨ ᠣᠷᠴᠢᠨ ᠲᠣᠭᠤᠷᠢᠨ ᠢ ᠡᠭᠦᠳᠬᠦ ᠬᠡᠷᠡᠭᠲᠡᠶ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号