11 ᠰᠠᠷ᠎ᠠ ᠶᠢᠨ 3 ᠤ ᠡᠳᠦᠷ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠠᠴᠠ | ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠰᠬᠠᠶ ᠰᠡᠳᠦᠪᠲᠦ ᠠᠷᠠᠳᠴᠢᠯᠠᠭᠰᠠᠨ | ᠠᠮᠢᠳᠤᠷᠠᠯ ᠤᠨ ᠬᠤᠷᠠᠯ ᠤᠨ ᠰᠠᠨᠠᠯ ᠬᠤᠷᠢᠶᠠᠬᠤ ᠬᠤᠷᠠᠯ ᠢ ᠬᠤᠷᠠᠯᠳᠤᠭᠤᠯᠵᠦ ᠨᠠᠮ ᠤᠨ ᠲᠥᠯᠥᠭᠡᠯᠡᠭᠴᠢ᠂ | ᠠᠷᠠᠳ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠦᠨᠳᠦᠰᠦᠨ ᠱᠠᠲᠤ ᠪᠣᠯᠤᠨ | ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠲᠥᠯᠥᠭᠡᠯᠡᠭᠴᠢ᠂ ᠣᠯᠠᠨ ᠲᠦᠮᠡᠨ ᠤ | ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠲᠥᠯᠥᠭᠡᠯᠡᠭᠴᠢ᠂ ᠰᠤᠷᠭᠠᠨ ᠬᠥᠮᠦᠵᠢᠯ ᠤᠨ ᠰᠢᠰᠲ᠋ᠧᠮ ᠤᠨ | ᠲᠥᠯᠥᠭᠡᠯᠡᠭᠴᠢ ᠶᠢᠨ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠦᠨᠳᠦᠰᠦᠲᠡᠨ ᠤ ᠠᠵᠢᠯ ᠢ | ᠴᠢᠩᠭᠠᠳᠬᠠᠨ ᠰᠠᠶᠢᠵᠢᠷᠠᠭᠤᠯᠬᠤ ᠲᠤᠬᠠᠶ ᠰᠠᠨᠠᠯ ᠰᠠᠨᠠᠭᠤᠯᠭ᠎ᠠ ᠶᠢ ᠰᠣᠨᠣᠰᠴᠤ ᠲᠤᠰᠬᠠᠶ ᠰᠡᠳᠦᠪᠲᠦ ᠠᠷᠠᠳᠴᠢᠯᠠᠭᠰᠠᠨ | ᠠᠮᠢᠳᠤᠷᠠᠯ ᠤᠨ ᠬᠤᠷᠠᠯ ᠤᠨ ᠴᠢᠨᠠᠷ ᠰᠠᠶᠢᠲᠠᠶ᠂ ᠰᠠᠶᠢᠨ ᠦᠷ᠎ᠡ ᠪᠦᠲᠦᠮᠵᠢ ᠲᠠᠢ ᠬᠤᠷᠠᠯᠳᠤᠬᠤ ᠶᠢ ᠪᠠᠳᠤᠯᠠᠭᠰᠠᠨ | ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠢᠭᠡᠳᠦᠮᠡᠯ ᠹᠷᠣᠨᠲ ᠤᠨ ᠬᠡᠯᠲᠡᠰ ᠤᠨ | ᠳᠠᠷᠤᠭ᠎ᠠ ᠠᠯᠲᠠᠨᠲᠤᠶᠠᠭ᠎ᠠ ᠬᠤᠷᠠᠯ ᠢ ᠡᠷᠭᠢᠯᠡᠪᠡ᠃ | | | | | | | ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ | ᠶᠢᠨ ᠤᠳᠤᠷᠢᠳᠬᠤ ᠪᠠᠭ ᠤᠨ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ | ᠴᠤᠭᠴᠠᠯᠠᠬᠤ᠂ ᠬᠤᠤᠰ ᠬᠡᠯᠡᠨ ᠤ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠠᠬᠢᠭᠤᠯᠬᠤ ᠲᠤᠬᠠᠶ ᠨᠠᠮ ᠤᠨ | ᠲᠥᠪ ᠬᠤᠷᠢᠶᠠᠨ ᠤ ᠴᠢᠬᠤᠯᠠ ᠶᠡᠭᠡ ᠰᠢᠢᠳᠪᠤᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ᠂ ᠤᠯᠤᠰ ᠤᠨ ᠨᠢᠭᠡᠳᠦᠯᠲᠡᠶ | ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠠᠵᠢᠯ ᠢ ᠠᠭᠢᠭᠤᠯᠬᠤ ᠬᠤᠯᠪᠣᠭᠳᠠᠯ ᠪᠥᠬᠦᠶ ᠠᠰᠠᠭᠤᠳᠠᠯ ᠢ | ᠰᠢᠢᠳᠪᠤᠷᠢᠯᠠᠭᠦ ᠵᠢᠴᠢ ᠤᠯᠤᠰ ᠲᠥᠷᠥ ᠶᠢᠨ ᠵᠣᠭᠰᠣᠴᠠ᠂ ᠦᠵᠡᠯ ᠰᠠᠨᠠᠭ᠎ᠠ ᠲᠠᠨᠢᠯᠲᠠ᠂ ᠬᠠᠷᠢᠭᠤᠴᠠᠯᠭ᠎ᠠ ᠡᠭᠦᠷᠭᠡᠯᠡᠯ | ᠂ ᠠᠵᠢᠯ ᠤᠨ ᠰᠤᠷᠲᠠᠯ᠂ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢᠨ ᠬᠢᠷᠢ ᠲᠦᠪᠰᠢᠨ ᠵᠡᠷᠭᠡ | ᠲᠠᠯ᠎ᠠ ᠪᠠᠷ ᠡᠷᠬᠢᠮ ᠨᠠᠨᠳᠢᠨ ᠰᠠᠨᠠᠯ ᠪᠠ ᠰᠠᠨᠠᠭᠤᠯᠭ᠎ᠠ ᠳᠤᠷᠠᠳᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠬᠤᠷᠠᠯ ᠳᠤ ᠣᠷᠣᠯᠴᠠᠭᠰᠠᠳ ᠪᠤᠳᠠᠳᠤ ᠪᠠᠶᠢᠳᠠᠯ ᠲᠠᠢ ᠪᠠᠨ | ᠤᠶᠠᠯᠳᠤᠭᠤᠯᠤᠨ ᠦᠵᠡᠯᠲᠡ ᠲᠠᠢ᠂ ᠬᠠᠨᠳᠤᠯᠭᠠᠲᠤ ᠴᠢᠨᠠᠷᠲᠠᠶ ᠰᠠᠨᠠᠯ ᠰᠠᠨᠠᠭᠤᠯᠭ᠎ᠠ ᠳᠤᠷᠠᠳᠴᠠᠶ᠃ ᠣᠯᠠᠨ ᠤ | ᠳᠤᠷᠠᠳᠤᠭᠰᠠᠨ ᠰᠠᠨᠠᠯ ᠰᠠᠨᠠᠭᠤᠯᠭ᠎ᠠ ᠶᠢ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠳᠤ ᠴᠠᠭ | ᠲᠤᠬᠠᠶ ᠳᠤᠨᠢ ᠬᠠᠷᠢᠭᠤ ᠲᠤᠰᠬᠠᠬᠤ ᠶᠢᠨ ᠬᠠᠮᠳᠤ ᠵᠤᠷᠪᠤᠰ ᠳᠠᠷᠠᠭᠠᠯᠠᠨ ᠡᠮᠬᠢᠯᠡᠨ ᠬᠤᠷᠢᠶᠠᠩᠭᠤᠶᠢᠯᠠᠵᠤ ᠴᠡᠭᠴᠡᠯᠡᠨ | ᠰᠠᠶᠢᠵᠢᠷᠠᠭᠤᠯᠵᠤ ᠨᠠᠶᠢᠳᠠᠪᠤᠷᠢᠵᠢᠭᠤᠯᠤᠨ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ | ᠪᠣᠳᠠᠲᠤ ᠦᠷ᠎ᠡ ᠪᠦᠲᠦᠮᠵᠢ ᠣᠯᠬᠤ ᠶᠢ ᠪᠠᠳᠤᠯᠠᠨ᠎ᠠ ᠭᠡᠵᠡᠢ᠃ |