ᠰᠢ ᠶᠢᠨ ᠫᠢᠩ ᠢᠲ᠋ᠠᠯᠢ ᠶᠢᠨ ᠶᠡᠷᠦᠩᠭᠡᠶᠢᠯᠡᠭᠴᠢ ᠮᠠᠲ᠋ᠠᠯᠸᠢᠢᠯᠠ ᠲᠠᠢ ᠤᠳᠠᠰᠤ ᠪᠠᠷ ᠶᠠᠷᠢᠯᠴᠠᠵᠦ ᠳᠤᠮᠳᠠᠳᠤ ᠢᠲ᠋ᠠᠯᠢ ᠶᠢᠨ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠶᠢ ᠪᠡᠯᠭᠡᠯᠡᠪᠡ
ᠨᠡᠶᠢᠲᠡᠯᠡᠭᠰᠡᠨ ᠴᠠᠭ᠄
2020/11/6
   ᠰᠢᠨᠬᠤᠸᠠ ᠬᠤᠷᠢᠶᠠᠨ ᠤ ᠪᠡᠭᠡᠵᠢᠩ ᠤᠨ 11 ᠰᠠᠷ᠎ᠠ ᠶᠢᠨ 4 ᠤ ᠴᠠᠬᠢᠯᠭᠠᠨ ᠮᠡᠳᠡᠭᠡ ᠳᠤᠮᠳᠠᠳᠤ ᠤᠯᠤᠰ ᠪᠠ ᠢᠲ᠋ᠠᠯᠢ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠶᠢᠨ ᠲᠠᠰᠢᠷᠠᠮ ᠳᠤ᠂ ᠤᠯᠤᠰ ᠤᠨ ᠲᠡᠷᠢᠬᠦᠯᠡᠭᠴᠢ ᠰᠢ ᠶᠢᠨ ᠫᠢᠩ 11 ᠰᠠᠷ᠎ᠠ ᠶᠢᠨ 4 ᠤ ᠤᠷᠤᠢ ᠢᠲ᠋ᠠᠯᠢ ᠶᠢᠨ ᠶᠡᠷᠦᠩᠭᠡᠶᠢᠯᠡᠭᠴᠢ ᠮᠠᠲ᠋ᠠᠯᠸᠢᠢᠯᠠ ᠲᠠᠢ ᠤᠳᠠᠰᠤ ᠪᠠᠷ ᠶᠠᠷᠢᠯᠴᠠᠵᠦ᠂ ᠬᠠᠷᠢᠯᠴᠠᠨ ᠪᠠᠶᠠᠷ ᠬᠦᠷᠭᠡᠪᠡ᠃    ᠰᠢ ᠶᠢᠨ ᠫᠢᠩ᠂ ᠬᠠᠭᠠᠰ ᠵᠠᠭᠤᠨ ᠤ ᠲᠤᠷᠰᠢ᠂ ᠤᠯᠠᠨ ᠤᠯᠤᠰ ᠤᠨ ᠪᠠᠶᠢᠳᠠᠯ ᠭᠡᠷᠬᠢᠨ ᠬᠤᠪᠢᠷᠠᠭᠰᠠᠨ ᠴᠦ ᠳᠤᠮᠳᠠᠳᠤ ᠢᠲ᠋ᠠᠯᠢ ᠬᠤᠶᠠᠷ ᠤᠯᠤᠰ ᠬᠠᠷᠢᠯᠴᠠᠨ ᠬᠦᠨᠳᠦᠳᠭᠡᠵᠦ ᠬᠠᠷᠢᠯᠴᠠᠨ ᠢᠳᠡᠭᠡᠯᠴᠡᠬᠦ᠂ ᠬᠠᠷᠢᠯᠴᠠᠨ ᠠᠰᠢᠬᠳᠠᠢ ᠬᠠᠮᠳᠤ ᠪᠠᠷ ᠠᠰᠢᠬ ᠬᠦᠷᠳᠡᠬᠦ᠂ ᠬᠠᠷᠢᠯᠴᠠᠨ ᠲᠤᠯᠢᠯᠠᠵᠦ ᠬᠠᠷᠢᠯᠴᠠᠨ ᠬᠠᠪᠰᠤᠷᠤᠯᠴᠠᠬᠤ ᠶᠢ ᠪᠠᠷᠢᠮᠳᠠᠯᠠᠨ᠂ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠳᠠᠨ ᠪᠤᠯᠵᠦ᠂ ᠬᠤᠶᠠᠷ ᠤᠯᠤᠰ ᠤᠨ ᠠᠷᠠᠳ ᠲᠦᠮᠡᠨ ᠳᠤ ᠪᠤᠶᠠᠨ ᠦᠢᠯᠡᠳᠦᠨ᠂ ᠪᠠᠰᠠ ᠠᠳᠠᠯᠢ ᠪᠤᠰᠤ ᠪᠠᠶᠢᠭᠤᠯᠤᠯ᠂ ᠠᠳᠠᠯᠢ ᠪᠤᠰᠤ ᠰᠤᠶᠤᠯ ᠲᠠᠢ ᠤᠯᠤᠰ ᠤᠨ ᠬᠤᠶᠠᠷ ᠲᠠᠯ᠎ᠠ ᠶᠢᠨ ᠬᠠᠷᠢᠯᠴᠠᠭ᠎ᠠ ᠶᠢ ᠬᠦᠭᠵᠢᠬᠦᠯᠬᠦ ᠲᠠᠯ᠎ᠠ ᠪᠠᠷ ᠦᠯᠢᠭᠡᠷ ᠳᠠᠭᠤᠷᠢᠶᠠᠯ ᠪᠤᠯᠵᠠᠢ᠃ ᠭᠡᠨᠡᠳᠳᠡ ᠪᠠᠷ ᠲᠠᠭᠠᠷᠢᠨ ᠢᠷᠡᠭᠰᠡᠨ ᠰᠢᠨ᠎ᠠ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠤᠨ ᠡᠮᠦᠨ᠎ᠠ᠂ ᠳᠤᠮᠳᠠᠳᠤ ᠢᠲ᠋ᠠᠯᠢ ᠬᠤᠶᠠᠷ ᠤᠯᠤᠰ ᠤᠨ ᠠᠷᠠᠳ ᠲᠦᠮᠡᠨ ᠪᠡᠷᠭᠡᠲᠡᠯ ᠲᠦᠪᠡᠭᠲᠡᠯ ᠤᠨ ᠳᠤᠮᠳᠠ ᠦᠨᠡᠨᠴᠢ ᠰᠡᠳᠬᠢᠯᠭᠡ ᠶᠢ ᠢᠯᠡᠷᠡᠬᠦᠯᠦᠨ᠂ ᠭᠠᠷ ᠬᠤᠯᠪᠤᠨ ᠬᠢᠵᠢᠭ ᠲᠠᠢ ᠲᠡᠮᠡᠴᠡᠵᠦ᠂ ᠳᠡᠯᠡᠭᠡᠢ ᠨᠡᠶᠢᠭᠡᠮ ᠳᠤ ᠴᠠᠭ ᠤᠨ ᠪᠡᠷᠭᠡ ᠶᠢ ᠬᠠᠮᠳᠤ ᠪᠠᠷ ᠲᠤᠭᠤᠯᠬᠤ ᠨᠡᠶᠢᠳᠡᠯᠢᠭ ᠵᠢᠱᠢᠶ᠎ᠠ ᠪᠤᠯᠵᠠᠢ᠃ ᠬᠤᠶᠠᠷ ᠲᠠᠯ᠎ᠠ ᠪᠠᠷ ᠢᠶᠠᠨ ᠦᠩᠭᠡᠷᠡᠭᠰᠡᠨ ᠢᠶᠠᠨ ᠳ᠋ᠦᠩᠨᠡᠵᠦ᠂ ᠢᠷᠡᠭᠡᠳᠦᠢ ᠶᠢ ᠪᠠᠷᠠᠯᠠᠨ᠂ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠡᠮ ᠨᠡᠭᠡᠭᠡᠵᠦ᠂ ᠳᠤᠮᠳᠠᠳᠤ ᠢᠲ᠋ᠠᠯᠢ ᠶᠢᠨ ᠬᠠᠷᠢᠯᠴᠠᠭ᠎ᠠ ᠰᠢᠨ᠎ᠠ ᠴᠠᠭ ᠦᠶ᠎ᠠ ᠳᠤ ᠨᠡᠩ ᠶᠡᠭᠡ ᠬᠦᠭᠵᠢᠯᠳᠠ ᠲᠠᠢ ᠪᠤᠯᠬᠤ ᠶᠢ ᠠᠬᠢᠭᠤᠯᠤᠶ᠎ᠠ ᠭᠡᠵᠦ ᠵᠢᠭᠠᠵᠦ ᠭᠠᠷᠭᠠᠪᠠ᠃    ᠰᠢ ᠶᠢᠨ ᠫᠢᠩ᠂ ᠳᠤᠮᠳᠠᠳᠤ ᠤᠯᠤᠰ ᠤᠨ ᠡᠪ ᠬᠠᠮᠳᠦ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠲᠠᠪᠤᠳᠤᠭᠠᠷ ᠪᠦᠬᠦᠳᠠ ᠬᠤᠷᠠᠯ ᠠᠴᠠ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠤᠯᠤᠨ 2035 ᠣᠨ ᠤ ᠠᠯᠤᠰ ᠤᠨ ᠬᠠᠷᠠᠯᠲᠠ ᠶᠢ ᠲᠤᠬᠳᠠᠭᠠᠬᠤ ᠲᠤᠬᠠᠢ ᠰᠠᠨᠠᠭᠤᠯᠭ᠎ᠠ ᠶᠢ ᠪᠠᠳᠤᠯᠠᠪᠠ᠃ ᠳᠤᠮᠳᠠᠳᠤ ᠤᠯᠤᠰ ᠰᠢᠨ᠎ᠠ ᠬᠦᠭᠵᠢᠯᠳᠠ ᠶᠢᠨ ᠤᠢᠢᠯᠠᠭᠠᠭᠳᠠᠬᠤᠨ ᠢ ᠪᠠᠷᠢᠮᠳᠠᠯᠠᠵᠦ᠂ ᠰᠢᠨ᠎ᠠ ᠬᠦᠭᠵᠢᠯᠳᠠ ᠶᠢᠨ ᠪᠠᠶᠢᠷᠢᠰᠢᠯ ᠢ ᠪᠠᠶᠢᠭᠤᠯᠤᠨ᠂ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠵᠦ᠂ ᠨᠡᠩ ᠦᠨᠳᠦᠷ ᠭᠠᠷᠤᠭ᠎ᠠ ᠠᠴᠠ ᠦᠭᠡᠷᠡᠴᠢᠯᠡᠯᠳᠠ ᠨᠡᠭᠡᠭᠡᠯᠳᠠ ᠶᠢ ᠠᠬᠢᠭᠤᠯᠤᠨ᠎ᠠ᠃ ᠢᠲ᠋ᠠᠯᠢ ᠶᠢ ᠪᠠᠭᠳᠠᠭᠠᠭᠰᠠᠨ ᠡᠯ᠎ᠠ ᠤᠯᠤᠰ ᠳᠤᠮᠳᠠᠳᠤ ᠤᠯᠤᠰ ᠤᠨ ᠬᠦᠭᠵᠢᠯᠳᠠ ᠪᠦᠳᠦᠭᠡᠨ ᠪᠠᠶᠢᠭᠤᠯᠤᠯᠳᠠ ᠳᠤ ᠢᠳᠡᠪᠬᠢᠳᠠᠢ ᠤᠷᠤᠯᠴᠠᠵᠦ᠂ ᠬᠠᠷᠢᠯᠴᠠᠨ ᠠᠰᠢᠬᠳᠠᠢ ᠬᠠᠮᠳᠤ ᠪᠠᠷ ᠠᠰᠢᠬ ᠬᠦᠷᠳᠡᠬᠦ ᠶᠢ ᠪᠠᠶᠡᠯᠡᠬᠦᠯᠬᠦ ᠶᠢ ᠬᠦᠰᠡᠵᠦ ᠪᠠᠶᠢᠨ᠎ᠠ᠃ ᠳᠤᠮᠳᠠᠳᠤ ᠢᠲ᠋ᠠᠯᠢ ᠬᠤᠶᠠᠷ ᠲᠠᠯ᠎ᠠ ᠪᠠᠷ ᠢᠶᠠᠨ ᠡᠯ᠎ᠠ ᠲᠠᠰ ᠲᠠᠪᠬᠤᠷᠭ᠎ᠠ ᠶᠢᠨ ᠶᠠᠪᠤᠯᠴᠠᠭ᠎ᠠ ᠶᠢ ᠪᠠᠳᠤᠯᠠᠵᠦ᠂ ᠡᠯ᠎ᠠ ᠬᠦᠷᠢᠶᠡᠨ ᠳᠠᠬᠢ ᠬᠠᠷᠢᠯᠴᠠᠨ ᠠᠰᠢᠬᠳᠠᠢ ᠬᠠᠮᠳᠤᠷᠠᠯᠴᠠᠭ᠎ᠠ ᠶᠢ ᠠᠬᠢᠭᠤᠯᠤᠨ᠂ ᠪᠤᠯᠪᠠᠰᠤᠨ ᠤ ᠰᠤᠯᠢᠯᠴᠠᠭ᠎ᠠ ᠶᠠᠷᠢᠯᠴᠠᠭ᠎ᠠ ᠶᠢ ᠠᠬᠢᠭᠤᠯᠵᠦ᠂ ᠳᠤᠮᠳᠠᠳᠤ ᠡᠸᠦ᠋ᠷᠦᠫᠠ ᠶᠢᠨ ᠬᠠᠷᠢᠯᠴᠠᠭ᠎ᠠ ᠶᠢᠨ ᠡᠷᠡᠬᠦᠯ ᠢᠶᠠᠷ ᠬᠦᠭᠵᠢᠬᠦ ᠶᠢ ᠬᠠᠮᠳᠤ ᠪᠠᠷ ᠬᠠᠮᠠᠭᠠᠯᠠᠶ᠎ᠠ ᠭᠡᠵᠦ ᠴᠢᠬᠤᠯᠠᠴᠢᠯᠠᠪᠠ᠃    ᠰᠢ ᠶᠢᠨ ᠫᠢᠩ᠂ ᠬᠦᠮᠦᠨ ᠲᠦᠷᠦᠯᠬᠢᠳᠡᠨ ᠪᠤᠯ ᠵᠢᠷᠭᠠᠯ ᠵᠤᠪᠠᠯᠠᠩ ᠢᠶᠠᠨ ᠬᠠᠮᠳᠤᠳᠬᠠᠭᠰᠠᠨ ᠬᠤᠪᠢ ᠵᠠᠶᠠᠭᠠᠨ ᠤ ᠬᠠᠮᠳᠦ ᠶᠢᠨ ᠴᠤᠬᠴᠠ ᠮᠦᠨ᠃ ᠡᠩᠭᠡ ᠲᠠᠶᠢᠪᠤᠩ ᠢᠶᠠᠷ ᠬᠦᠭᠵᠢᠵᠦ᠂ ᠬᠠᠳᠠᠭᠤ ᠪᠡᠷᠭᠡᠰᠢᠶᠡᠯ ᠢ ᠬᠠᠮᠳᠤ ᠪᠠᠷ ᠲᠤᠭᠤᠯᠤᠨ᠂ ᠬᠠᠮᠳᠤᠷᠠᠯᠴᠠᠵᠦ ᠬᠠᠮᠳᠤ ᠪᠠᠷ ᠠᠰᠢᠬ ᠬᠦᠷᠳᠡᠬᠦ ᠪᠤᠯ ᠰᠠᠶᠢ ᠲᠦᠪ ᠶᠤᠰᠤ ᠮᠦᠨ᠃    ᠳᠤᠮᠳᠠᠳᠤ ᠶᠢᠨ ᠲᠠᠯ᠎ᠠ ᠶᠢᠨ ᠬᠢᠨ ᠢᠲ᠋ᠠᠯᠢ ᠶᠢᠨ ᠲᠤᠰ ᠤᠯᠤᠰ ᠤᠨ ᠪᠠᠶᠢᠳᠠᠯ ᠢᠶᠠᠨ ᠦᠨᠳᠦᠰᠦᠯᠡᠨ ᠬᠢᠵᠢᠭ ᠤᠨ ᠪᠠᠶᠢᠳᠠᠯ ᠢ ᠠᠷᠭᠠᠴᠠᠭᠠᠬᠤ ᠶᠢ ᠳᠡᠮᠵᠢᠵᠦ᠂ ᠳᠤᠷᠠᠳᠠᠶ᠎ᠠ ᠢᠲ᠋ᠠᠯᠢ ᠳᠤ ᠦᠷᠬᠦᠯᠵᠢᠯᠡᠨ ᠬᠠᠪᠰᠤᠷᠤᠯᠭ᠎ᠠ ᠬᠠᠩᠭᠠᠨ᠂ ᠳᠡᠯᠡᠭᠡᠢ ᠶᠢᠨ ᠡᠷᠡᠬᠦᠯ ᠬᠠᠮᠠᠭᠠᠯᠠᠯ ᠤᠨ ᠵᠤᠬᠢᠶᠠᠨ ᠪᠠᠶᠢᠭᠤᠯᠤᠯᠳᠠ ᠵᠡᠷᠭᠡ ᠶᠢᠨ ᠦᠢᠯᠡᠳᠦᠯ ᠢᠶᠠᠨ ᠪᠠᠳᠠᠷᠠᠭᠤᠯᠬᠤ ᠶᠢ ᠬᠠᠮᠳᠤ ᠪᠠᠷ ᠳᠡᠮᠵᠢᠵᠦ᠂ ᠬᠦᠮᠦᠨ ᠲᠦᠷᠦᠯᠬᠢᠳᠡᠨ ᠤ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠬᠠᠮᠳᠤ ᠶᠢᠨ ᠴᠤᠬᠴᠠ ᠶᠢ ᠬᠠᠮᠳᠤ ᠪᠠᠷ ᠪᠠᠶᠢᠭᠤᠯᠤᠨ᠎ᠠ᠃ ᠳᠤᠮᠳᠠᠳᠤ ᠶᠢᠨ ᠲᠠᠯ᠎ᠠ ᠢᠳ᠋ᠯᠠᠢ ᠶᠢᠨ ᠳᠠᠷᠠᠭ᠎ᠠ ᠵᠢᠯ ᠬᠤᠷᠢᠨ ᠤᠯᠤᠰ ᠤᠨ ᠪᠦᠯᠦᠭᠯᠡᠯ ᠤᠨ ᠲᠡᠷᠢᠬᠦᠯᠡᠭᠴᠢ ᠤᠯᠤᠰ ᠤᠨ ᠲᠤᠰᠢᠶᠠᠯ ᠡᠬᠦᠷᠭᠡᠯᠡᠬᠦ ᠶᠢ ᠳᠡᠮᠵᠢᠵᠦ᠂ ᠢᠲ᠋ᠠᠯᠢ ᠶᠢᠨ ᠲᠠᠯ᠎ᠠ ᠲᠠᠢ ᠬᠠᠮᠳᠦ ᠬᠤᠷᠢᠨ ᠤᠯᠤᠰ ᠤᠨ ᠪᠦᠯᠦᠭᠯᠡᠯ ᠤᠨ ᠪᠦᠬᠦ ᠪᠦᠮᠪᠦᠷᠴᠡᠭ ᠤᠨ ᠵᠠᠰᠠᠯᠳᠠ ᠶᠢ ᠳᠡᠬᠦᠯᠳᠡᠷᠵᠢᠬᠦᠯᠬᠦ᠂ ᠳᠡᠯᠡᠭᠡᠢ ᠶᠢᠨ ᠠᠵᠤ ᠠᠬᠤᠢ ᠶᠢᠨ ᠰᠡᠷᠬᠦᠯᠳᠠ ᠶᠢ ᠠᠬᠢᠭᠤᠯᠬᠤ ᠳᠤ ᠦᠷᠬᠦᠯᠵᠢᠯᠡᠨ ᠴᠢᠬᠤᠯᠠ ᠦᠢᠯᠡᠳᠦᠯ ᠦᠵᠡᠬᠦᠯᠬᠦ ᠶᠢ ᠠᠬᠢᠭᠤᠯᠤᠨ᠎ᠠ ᠭᠡᠵᠦ ᠴᠢᠬᠤᠯᠠᠴᠢᠯᠠᠪᠠ᠃    ᠮᠠᠲ᠋ᠠᠯᠸᠢᠢᠯᠠ᠂ ᠪᠢ ᠲᠡᠷᠢᠬᠦᠯᠡᠭᠴᠢ ᠰᠢ ᠶᠢᠨ ᠫᠢᠩ ᠤᠨ ᠬᠤᠶᠠᠷ ᠤᠯᠤᠰ ᠤᠨ ᠬᠠᠷᠢᠯᠴᠠᠭ᠎ᠠ ᠶᠢᠨ ᠲᠤᠬᠠᠢ ᠦᠨᠡᠯᠠᠯᠳᠠ ᠶᠢ ᠪᠦᠷᠢᠮᠤᠰᠤᠨ ᠵᠦᠪᠰᠢᠶᠡᠷᠡᠨ᠎ᠠ᠃ ᠢᠲ᠋ᠠᠯᠢ ᠳᠤᠮᠳᠠᠳᠤ ᠶᠢᠨ ᠤᠯᠠᠮᠵᠢᠯᠠᠯᠳᠤ ᠨᠦᠬᠦᠷᠯᠠᠯ ᠪᠤᠯ ᠦᠨᠢ ᠤᠲᠠᠭᠠᠨ ᠲᠡᠤᠬᠡ ᠲᠠᠢ ᠶᠤᠮ᠃ ᠬᠠᠷᠢᠯᠴᠠᠭ᠎ᠠ ᠪᠠᠶᠢᠭᠤᠯᠤᠬᠳᠠᠬᠰᠠᠨ 50 ᠵᠢᠯ ᠤᠨ ᠲᠤᠷᠰᠢ᠂ ᠬᠤᠶᠠᠷ ᠤᠯᠤᠰ ᠤᠨ ᠬᠠᠷᠢᠯᠴᠠᠭ᠎ᠠ ᠨᠦᠬᠦᠷᠰᠡᠭ ᠬᠦᠭᠵᠢᠯᠳᠠ ᠪᠠᠨ ᠪᠠᠷᠢᠮᠳᠠᠯᠠᠵᠤ᠂ ᠶᠠᠪᠤᠯᠴᠠᠭ᠎ᠠ ᠬᠠᠮᠳᠤᠷᠠᠯᠴᠠᠭ᠎ᠠ ᠲᠠᠰᠤᠷᠠᠯᠳᠠ ᠦᠬᠡᠢ ᠬᠦᠨᠵᠡᠬᠡᠶᠢᠷᠡᠪᠠ᠂ ᠢᠲ᠋ᠠᠯᠢ ᠶᠢᠨ ᠬᠢᠨ ᠡᠬᠦᠨ ᠳᠤ ᠤᠮᠤᠬᠰᠢᠵᠤ ᠪᠠᠶᠢᠨ᠎ᠠ᠃ ᠵᠢᠯ ᠤᠨ ᠡᠬᠢᠨ ᠠᠴᠠ ᠨᠠᠭᠠᠰᠢ᠂ ᠬᠤᠶᠠᠷ ᠤᠯᠤᠰ ᠤᠨ ᠠᠷᠠᠳ ᠲᠦᠮᠡᠨ ᠬᠢᠵᠢᠭ ᠤᠨ ᠪᠠᠶᠢᠳᠠᠯ ᠤᠨ ᠡᠮᠦᠨ᠎ᠠ ᠬᠠᠷᠢᠯᠴᠠᠨ ᠬᠠᠪᠰᠤᠷᠴᠤ᠂ ᠬᠠᠷᠢᠯᠴᠠᠨ ᠲᠡᠮᠵᠢᠵᠤ᠂ ᠢᠯᠠᠩᠭᠤᠶ᠎ᠠ ᠢᠲ᠋ᠠᠯᠢ ᠶᠢᠨ ᠬᠠᠮᠤᠬ ᠤᠨ ᠬᠦᠴᠢᠷᠳᠠᠯᠳᠠᠢ ᠦᠶ᠎ᠠ ᠳᠤ᠂ ᠳᠤᠮᠳᠠᠳᠤ ᠤᠯᠤᠰ ᠡᠷᠬᠢᠮ ᠨᠠᠨᠳᠢᠨ ᠲᠡᠮᠵᠢᠯᠬᠡ ᠬᠠᠩᠭᠠᠬᠰᠠᠨ ᠪᠠᠶᠢᠨ᠎ᠠ᠃ ᠢᠲ᠋ᠠᠯᠢ ᠳᠤᠮᠳᠠᠳᠤ ᠶᠢᠨ ᠨᠦᠬᠦᠷᠯᠠᠯ ᠰᠢᠯᠭᠠᠯᠳᠠ ᠶᠢ ᠲᠠᠭᠠᠭᠠᠵᠤ᠂ ᠤᠨ ᠤᠲᠠᠬᠤ ᠲᠤᠲᠤᠮ ᠢᠶᠠᠨ ᠨᠡᠩ ᠠᠮᠢᠵᠢᠷᠠᠯ ᠤᠨ ᠬᠦᠴᠤᠨ ᠲᠠᠢ ᠪᠤᠯᠵᠤ ᠪᠠᠶᠢᠨ᠎ᠠ᠃ ᠢᠲ᠋ᠠᠯᠢ ᠶᠢᠨ ᠬᠢᠨ ᠲᠤᠷᠠᠳᠠᠶ᠎ᠠ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠳᠠᠨ ᠤ ᠬᠠᠷᠢᠯᠴᠠᠭ᠎ᠠ ᠶᠢᠨ ᠵᠤᠷᠢᠬ ᠰᠠᠨᠠᠭ᠎ᠠ ᠪᠠᠷ᠂ ᠳᠤᠮᠳᠠᠳᠤ ᠤᠯᠤᠰ ᠯᠤᠭ᠎ᠠ ᠨᠦᠬᠦᠷᠯᠡᠯ ᠢᠶᠠᠨ ᠵᠤᠵᠠᠭᠠᠳᠬᠠᠵᠤ᠂ ᠬᠠᠮᠳᠤᠷᠠᠯᠴᠠᠭ᠎ᠠ ᠪᠠᠨ ᠦᠷᠬᠡᠳᠬᠡᠵᠤ᠂ ᠰᠤᠶᠤᠯ ᠢᠷᠬᠡᠨᠰᠢᠯ ᠤᠨ ᠰᠤᠯᠢᠯᠴᠠᠭ᠎ᠠ ᠶᠢ ᠠᠬᠢᠭᠤᠯᠤᠨ᠎ᠠ᠃ ᠳᠤᠮᠳᠠᠳᠤ ᠢᠲ᠋ᠠᠯᠢ ᠬᠤᠶᠠᠷ ᠤᠯᠤᠰ ᠨᠢᠭᠡ ᠨᠢ ᠨᠢᠭᠡ ᠪᠠᠨ ᠵᠠᠯᠭᠠᠭᠠᠳ ᠡᠪᠤᠯ ᠤᠨ ᠤᠯᠠᠷᠢᠯ ᠤᠨ ᠤᠯᠢᠮᠫᠢᠺ ᠤᠨ ᠲᠠᠮᠢᠷ ᠤᠨ ᠴᠤᠬᠯᠠᠭᠠᠨ ᠢ ᠡᠷᠬᠢᠯᠠᠬᠦ ᠪᠤᠯᠤᠨ᠎ᠠ᠂ ᠬᠤᠶᠠᠷ ᠲᠠᠯ᠎ᠠ ᠪᠠᠷ ᠢᠶᠠᠨ ᠬᠠᠷᠢᠯᠴᠠᠨ ᠲᠡᠮᠵᠢᠬᠦ ᠶᠢ ᠬᠦᠰᠡᠵᠤ ᠪᠠᠶᠢᠨ᠎ᠠ᠃ ᠬᠢᠵᠢᠭ ᠤᠨ ᠪᠠᠶᠢᠳᠠᠯ᠂ ᠠᠭᠤᠷ ᠠᠮᠢᠰᠬᠤᠯ ᠤᠨ ᠬᠤᠪᠢᠷᠠᠯᠳᠠ ᠵᠡᠷᠬᠡ ᠪᠦᠬᠦ ᠪᠦᠮᠪᠦᠷᠴᠡᠭ ᠤᠨ ᠴᠢᠨᠠᠷᠳᠠᠢ ᠦᠷᠢᠰᠤᠯᠳᠤᠬᠡᠨ ᠤ ᠡᠮᠦᠨ᠎ᠠ᠂ ᠤᠯᠠᠨ ᠲᠠᠯᠠᠳᠤ ᠦᠵᠡᠯ ᠢ ᠲᠡᠮᠵᠢᠵᠤ᠂ ᠤᠯᠠᠨ ᠤᠯᠤᠰ ᠤᠨ ᠬᠠᠮᠳᠤᠷᠠᠯᠴᠠᠭ᠎ᠠ ᠶᠢ ᠠᠬᠢᠭᠤᠯᠪᠠᠯ ᠵᠤᠬᠢᠨ᠎ᠠ᠃ ᠢᠲ᠋ᠠᠯᠢ ᠲᠤᠷᠠᠳᠠᠶ᠎ᠠ ᠳᠤᠮᠳᠠᠳᠤ ᠤᠯᠤᠰ ᠲᠠᠢ ᠬᠠᠮᠳᠤ ᠪᠠᠷ ᠂ ᠲᠡᠯᠡᠬᠡᠢ ᠶᠢᠨ ᠡᠷᠡᠬᠦᠯ ᠬᠠᠮᠠᠭᠠᠯᠠᠯ ᠤᠨ ᠵᠤᠬᠢᠶᠠᠨ ᠪᠠᠶᠢᠭᠤᠯᠤᠯᠳᠠ ᠶᠢᠨ ᠠᠵᠢᠯ ᠢ ᠲᠡᠮᠵᠢᠵᠤ᠂ ᠬᠤᠷᠢᠨ ᠤᠯᠤᠰ ᠤᠨ ᠪᠦᠯᠦᠭᠯᠡᠯ ᠵᠡᠷᠬᠡ ᠲᠤᠬᠳᠠᠴᠠ ᠶᠢᠨ ᠳᠤᠳᠤᠷᠠᠬᠢ ᠵᠤᠬᠢᠴᠠᠭᠤᠯᠭ᠎ᠠ ᠶᠢ ᠴᠢᠩᠭᠠᠳᠬᠠᠵᠤ᠂ ᠪᠦᠬᠦ ᠪᠦᠮᠪᠦᠷᠴᠡᠭ ᠤᠨ ᠵᠠᠰᠠᠯᠳᠠ ᠶᠢ ᠲᠡᠬᠦᠯᠳᠡᠷᠵᠢᠬᠦᠯᠬᠦ ᠶᠢ ᠠᠬᠢᠭᠤᠯᠵᠤ᠂ ᠲᠡᠯᠡᠬᠡᠢ ᠶᠢᠨ ᠡᠩᠬᠡ ᠲᠠᠶᠢᠪᠤᠩ ᠪᠤᠯᠤᠨ ᠬᠦᠭᠵᠢᠯᠳᠠ ᠳᠤ ᠬᠤᠶᠠᠷ ᠡᠷᠳᠡᠨ ᠤ ᠪᠤᠯᠪᠠᠰᠤᠨ ᠤᠯᠤᠰ ᠤᠨ ᠦᠵᠡᠬᠦᠯᠪᠡᠰᠤ ᠵᠤᠬᠢᠬᠤ ᠬᠤᠪᠢ ᠨᠡᠮᠡᠷᠢ ᠶᠢ ᠦᠵᠡᠬᠦᠯᠤᠨ᠎ᠠ᠃ ᠳᠤᠮᠳᠠᠳᠤ ᠤᠯᠤᠰ ᠤᠨ ᠬᠦᠭᠵᠢᠯᠳᠠ ᠨᠢ ᠡᠸᠦ᠋ᠷᠦᠫᠠ ᠳᠤᠮᠳᠠᠳᠤ ᠶᠢᠨ ᠬᠠᠮᠳᠤᠷᠠᠯᠴᠠᠭ᠎ᠠ ᠳᠤ ᠯᠤᠳᠤ ᠶᠡᠭᠡ ᠠᠵᠠ ᠲᠤᠬᠢᠶᠠᠯ ᠬᠠᠩᠭᠠᠬᠤ ᠪᠤᠯᠤᠨ᠎ᠠ᠂ ᠢᠲ᠋ᠠᠯᠢ ᠶᠢᠨ ᠬᠢᠨ ᠲᠤᠷᠠᠳᠠᠶ᠎ᠠ ᠡᠸᠦ᠋ᠷᠤᠫᠠ ᠳᠤᠮᠳᠠᠳᠤ ᠶᠢᠨ ᠬᠠᠷᠢᠯᠴᠠᠭ᠎ᠠ ᠶᠢᠨ ᠬᠦᠭᠵᠢᠯᠳᠠ ᠶᠢ ᠲᠡᠮᠵᠢᠬᠦ ᠪᠦᠭᠡᠳ ᠡᠭᠦᠨ ᠳᠤ ᠢᠳᠡᠪᠬᠢᠳᠠᠢ ᠤᠷᠤᠯᠴᠠᠨ᠎ᠠ᠃ ᠪᠢ ᠲᠡᠷᠢᠬᠦᠯᠡᠭᠴᠢ ᠰᠢ ᠶᠢᠨ ᠫᠢᠩ ᠯᠦᠭᠡ ᠶᠢᠨ ᠨᠦᠬᠦᠷᠯᠠᠯ ᠢᠶᠠᠨ ᠨᠠᠨᠳᠢᠩᠨᠠᠵᠤ᠂ ᠬᠢᠵᠢᠭ ᠤᠨ ᠪᠠᠶᠢᠳᠠᠯ ᠦᠩᠬᠡᠷᠡᠭᠰᠡᠨ ᠤ ᠲᠠᠷᠠᠭ᠎ᠠ ᠡᠷᠳᠡᠬᠡᠨ ᠳᠤᠮᠳᠠᠳᠤ ᠤᠯᠤᠰ ᠲᠤ ᠠᠶᠢᠯᠴᠢᠯᠠᠬᠤ ᠶᠢ ᠬᠦᠰᠡᠵᠤ ᠪᠠᠶᠢᠨ᠎ᠠ ᠬᠡᠵᠤ ᠢᠯᠡᠳᠬᠡᠪᠡ᠃    
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号