ᠰᠢ ᠶᠢᠨ ᠫᠢᠩ ᠭᠤᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠤᠯᠠᠨ ᠤᠯᠤᠰ ᠤᠨ ᠭᠠᠳᠠᠭᠠᠳᠤ ᠤᠷᠤᠭᠤᠯᠤᠯᠳᠠ ᠶᠢᠨ ᠦᠵᠡᠰᠬᠦᠯᠡᠩ ᠤᠨ ᠴᠤᠭᠯᠠᠭᠠᠨ ᠤ ᠡᠬᠢᠯᠡᠯᠳᠡ ᠶᠢᠨ ᠶᠤᠰᠤᠯᠠᠯ ᠳᠤ ᠭᠤᠤᠯ ᠵᠤᠷᠢᠯᠳᠠᠳᠤ ᠶᠠᠷᠢᠶ᠎ᠠ ᠢᠯᠡᠳᠭᠡᠯ ᠬᠢᠪᠠ
ᠨᠡᠶᠢᠲᠡᠯᠡᠭᠰᠡᠨ ᠴᠠᠭ᠄
2020/11/6
   ᠭᠤᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠤᠯᠠᠨ ᠤᠯᠤᠰ ᠤᠨ ᠭᠠᠳᠠᠭᠠᠳᠤ ᠤᠷᠤᠭᠤᠯᠤᠯᠳᠠ ᠶᠢᠨ ᠦᠵᠡᠰᠬᠦᠯᠡᠩ ᠤᠨ ᠴᠤᠭᠯᠠᠭᠠᠨ ᠤ ᠡᠬᠢᠯᠡᠯᠳᠡ ᠶᠢᠨ ᠶᠤᠰᠤᠯᠠᠯ 4 ᠤ ᠤᠷᠤᠢ ᠱᠠᠩᠬᠠᠢ ᠳᠤ ᠶᠠᠪᠤᠬᠳᠠᠵᠦ᠂ ᠤᠯᠤᠰ ᠤᠨ ᠲᠡᠷᠢᠬᠦᠯᠡᠭᠴᠢ ᠰᠢ ᠶᠢᠨ ᠫᠢᠩ ᠸᠢᠳᠢᠣ᠋ ᠪᠠᠷ ᠭᠤᠤᠯ ᠵᠤᠷᠢᠯᠳᠠᠳᠦ ᠶᠠᠷᠢᠶ᠎ᠠ ᠢᠯᠡᠳᠭᠡᠯ ᠬᠢᠵᠠᠢ᠃ ᠰᠢ ᠶᠢᠨ ᠫᠢᠩ᠂ ᠰᠢᠨ᠎ᠠ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠳᠡᠯᠡᠭᠡᠢ ᠶᠢᠨ ᠠᠵᠤ ᠠᠬᠤᠢ ᠶᠢᠨ ᠲᠤᠭᠳᠠᠪᠤᠷᠢᠳᠦ ᠪᠤᠰᠤ ᠲᠤᠭᠳᠠᠭᠠᠯᠳᠦ ᠪᠤᠰᠤ ᠡᠯᠧᠮᠧᠨ᠋ᠲ ᠢ ᠨᠡᠮᠡᠭᠳᠡᠬᠦᠯᠪᠡ᠂ ᠭᠡᠪᠡᠴᠦ ᠳᠤᠮᠳᠠᠳᠤ ᠤᠯᠤᠰ ᠤᠨ ᠨᠡᠭᠡᠭᠡᠯᠳᠠ ᠪᠠᠨ ᠦᠷᠭᠡᠳᠭᠡᠬᠦ ᠠᠯᠬᠤᠭ᠎ᠠ ᠮᠦᠨ ᠬᠦ ᠲᠦᠷᠭᠡᠳᠴᠦ᠂ ᠡᠯ᠎ᠠ ᠤᠯᠤᠰ ᠤᠨ ᠨᠡᠭᠡᠭᠡᠯᠳᠠ ᠬᠢᠬᠦ᠂ ᠬᠠᠮᠳᠤᠷᠠᠯᠴᠠᠭ᠎ᠠ ᠬᠢᠬᠦ ᠲᠡᠶᠢᠰᠢ ᠤᠷᠤᠬᠰᠢᠯᠠᠬᠤ ᠶᠡᠭᠡ ᠬᠠᠨᠳᠤᠰᠢ ᠬᠤᠪᠢᠷᠠᠭᠰᠠᠨ ᠦᠭᠡᠢ᠃ ᠡᠯ᠎ᠠ ᠤᠯᠤᠰ ᠤᠨ ᠬᠢᠨ ᠭᠠᠷ ᠬᠤᠯᠪᠤᠨ ᠬᠠᠮᠳᠤᠷᠠᠯᠴᠠᠵᠦ ᠬᠠᠮᠳᠤ ᠪᠠᠷ ᠠᠰᠢᠬ ᠬᠦᠷᠳᠡᠬᠦ᠂ ᠬᠠᠮᠳᠤᠷᠠᠯᠴᠠᠵᠦ ᠬᠠᠮᠳᠤ ᠪᠠᠷ ᠬᠠᠷᠢᠭᠤᠴᠠᠯᠭ᠎ᠠ ᠡᠬᠦᠷᠭᠡᠯᠡᠬᠦ᠂ ᠬᠠᠮᠳᠤᠷᠠᠯᠴᠠᠵᠦ ᠬᠠᠮᠳᠤ ᠪᠠᠷ ᠵᠠᠰᠠᠬᠤ ᠬᠠᠮᠳᠦ ᠶᠢᠨ ᠨᠡᠭᠡᠭᠡᠯᠳᠠ ᠶᠢ ᠠᠬᠢᠭᠤᠯᠬᠤ ᠪᠠᠷ ᠬᠦᠴᠦᠯᠡᠵᠡᠭᠡᠶ᠎ᠠ᠃ ᠳᠤᠮᠳᠠᠳᠤ ᠤᠯᠤᠰ ᠨᠡᠭᠡᠭᠡᠯᠳᠠᠳᠠᠢ᠂ ᠬᠠᠮᠳᠤᠷᠠᠯᠴᠠᠬᠤ᠂ ᠪᠦᠯᠬᠦᠮᠳᠡᠬᠦ᠂ ᠬᠠᠮᠳᠤ ᠪᠠᠷ ᠠᠰᠢᠬ ᠬᠦᠷᠳᠡᠬᠦ ᠢᠳᠡᠭᠡᠯ ᠪᠢᠰᠢᠷᠡᠯ ᠢ ᠪᠠᠷᠢᠮᠳᠠᠯᠠᠵᠦ᠂ ᠡᠷᠡᠰ ᠭᠤᠶᠢᠪᠢᠰᠢ ᠦᠭᠡᠢ ᠪᠠᠷ ᠨᠡᠭᠡᠭᠡᠯᠳᠠ ᠶᠢ ᠪᠦᠬᠦ ᠲᠠᠯ᠎ᠠ ᠪᠠᠷ ᠦᠷᠭᠡᠳᠭᠡᠵᠦ᠂ ᠳᠤᠮᠳᠠᠳᠤ ᠤᠯᠤᠰ ᠤᠨ ᠵᠠᠬ᠎ᠠ ᠳᠡᠯᠭᠡᠬᠦᠷ ᠢ ᠳᠡᠯᠡᠭᠡᠢ ᠶᠢᠨ ᠵᠠᠬ᠎ᠠ ᠳᠡᠯᠭᠡᠬᠦᠷ᠂ ᠬᠠᠮᠳᠤ ᠪᠠᠷ ᠡᠳ᠋ᠯᠡᠬᠦ ᠵᠠᠬ᠎ᠠ ᠳᠡᠯᠭᠡᠬᠦᠷ᠂ ᠤᠯᠠᠨ ᠤ ᠵᠠᠬ᠎ᠠ ᠳᠡᠯᠭᠡᠬᠦᠷ ᠪᠤᠯᠭᠠᠵᠦ᠂ ᠳᠡᠯᠡᠭᠡᠢ ᠶᠢᠨ ᠠᠵᠤ ᠠᠬᠤᠢ ᠶᠢᠨ ᠰᠡᠷᠬᠦᠯᠳᠠ ᠶᠢ ᠠᠬᠢᠭᠤᠯᠤᠨ᠂ ᠳᠡᠯᠡᠭᠡᠢ ᠨᠡᠶᠢᠭᠡᠮ ᠳᠤ ᠨᠡᠩ ᠤᠯᠠᠨ ᠢᠳᠡᠪᠬᠢ ᠬᠦᠴᠦᠨ ᠨᠡᠮᠡᠷᠢᠯᠡᠨ᠎ᠠ ᠭᠡᠵᠦ ᠵᠢᠭᠠᠵᠦ ᠭᠠᠷᠭᠠᠪᠠ᠃    
   11 ᠰᠠᠷ᠎ᠠ ᠶᠢᠨ 4 ᠤ ᠤᠷᠤᠢ᠂ ᠭᠤᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠤᠯᠠᠨ ᠤᠯᠤᠰ ᠤᠨ ᠭᠠᠳᠠᠭᠠᠳᠤ ᠤᠷᠤᠭᠤᠯᠤᠯᠳᠠ ᠶᠢᠨ ᠦᠵᠡᠰᠬᠦᠯᠡᠩ ᠤᠨ ᠴᠤᠭᠯᠠᠭᠠᠨ ᠤ ᠡᠬᠢᠯᠡᠯᠳᠡ ᠶᠢᠨ ᠶᠤᠰᠤᠯᠠᠯ ᠱᠠᠩᠬᠠᠢ ᠳᠤ ᠶᠠᠪᠤᠬᠳᠠᠪᠠ᠂ ᠤᠯᠤᠰ ᠤᠨ ᠲᠡᠷᠢᠬᠦᠯᠡᠭᠴᠢ ᠰᠢ ᠶᠢᠨ ᠫᠢᠩ ᠸᠢᠳᠢᠣ᠋ ᠪᠠᠷ ᠭᠤᠤᠯ ᠵᠤᠷᠢᠯᠳᠠᠳᠦ ᠶᠠᠷᠢᠶ᠎ᠠ ᠢᠯᠡᠳᠭᠡᠯ ᠬᠢᠵᠠᠢ    ᠰᠢ ᠶᠢᠨ ᠫᠢᠩ᠂ ᠲᠤᠰ ᠬᠤᠭᠤᠴᠠᠭᠠᠨ ᠤ ᠭᠠᠳᠠᠭᠠᠳᠦ ᠤᠷᠤᠭᠤᠯᠤᠯᠳᠠ ᠶᠢᠨ ᠦᠵᠡᠰᠬᠦᠯᠡᠩ ᠤᠨ ᠴᠤᠬᠯᠠᠭᠠᠨ ᠪᠤᠯ ᠤᠨᠴᠠᠭᠠᠢ ᠴᠠᠭ ᠦᠶ᠎ᠠ ᠳᠤ ᠶᠠᠪᠤᠬᠳᠠᠭᠰᠠᠨ ᠶᠤᠮ᠃ ᠭᠡᠨᠡᠳᠳᠡ ᠪᠠᠷ ᠲᠠᠭᠠᠷᠢᠨ ᠢᠷᠡᠭᠰᠡᠨ ᠰᠢᠨ᠎ᠠ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠨᠢ ᠡᠯ᠎ᠠ ᠤᠯᠤᠰ ᠢ ᠬᠦᠨᠳᠦ ᠨᠤᠴᠢᠳᠠᠢ ᠳᠠᠭᠠᠷᠢᠯᠳᠠ ᠳᠤ ᠤᠴᠠᠷᠠᠭᠤᠯᠤᠭᠰᠠᠨ ᠪᠦᠭᠡᠳ ᠪᠠᠰᠠ ᠳᠡᠯᠡᠭᠡᠢ ᠶᠢᠨ ᠠᠵᠤ ᠠᠬᠤᠢ ᠳᠤ ᠬᠦᠨᠳᠦ ᠴᠤᠬᠢᠯᠳᠠ ᠦᠭᠴᠠᠢ᠃ ᠳᠤᠮᠳᠠᠳᠤ ᠤᠯᠤᠰ ᠬᠢᠵᠢᠭ ᠢ ᠰᠡᠷᠭᠡᠶᠢᠯᠡᠨ ᠠᠮᠤᠷ ᠲᠦᠪᠰᠢᠨ ᠢ ᠪᠠᠳᠤᠯᠠᠭᠰᠠᠨ ᠤᠷᠢᠳᠠᠯ ᠳᠤᠤᠷ᠎ᠠ ᠡᠨᠡ ᠬᠦ ᠪᠦᠬᠦ ᠪᠦᠮᠪᠦᠷᠴᠡᠭ ᠤᠨ ᠠᠷᠠᠯᠵᠢᠶᠠᠨ ᠤ ᠦᠪᠡᠳᠡᠭᠰᠢ ᠴᠤᠬᠯᠠᠭᠠᠨ ᠢ ᠲᠤᠭᠳᠠᠭᠰᠠᠨ ᠬᠤᠭᠤᠴᠠᠭ᠎ᠠ ᠶᠤᠰᠤᠭᠠᠷ ᠡᠷᠬᠢᠯᠡᠵᠦ ᠪᠠᠶᠢᠭ᠎ᠠ ᠨᠢ ᠳᠤᠮᠳᠠᠳᠤ ᠤᠯᠤᠰ ᠳᠡᠯᠡᠭᠡᠢ ᠳ᠋ᠠᠬᠢᠨ ᠯᠤᠭ᠎ᠠ ᠵᠠᠬ᠎ᠠ ᠳᠡᠯᠭᠡᠬᠦᠷ ᠤᠨ ᠠᠵᠠ ᠲᠤᠬᠢᠶᠠᠯ ᠢ ᠬᠤᠪᠢᠶᠠᠯᠴᠠᠨ᠂ ᠳᠡᠯᠡᠭᠡᠢ ᠶᠢᠨ ᠠᠵᠤ ᠠᠬᠤᠢ ᠶᠢᠨ ᠰᠡᠷᠬᠦᠯᠳᠠ ᠶᠢ ᠠᠬᠢᠭᠤᠯᠬᠤ ᠭᠡᠰᠡᠨ ᠴᠢᠩ ᠦᠨᠡᠨᠴᠢ ᠬᠦᠰᠡᠯ ᠡᠷᠡᠮᠡᠯᠵᠡᠯ ᠢ ᠢᠯᠡᠷᠡᠬᠦᠯᠦᠭᠰᠡᠨ ᠶᠤᠮ ᠭᠡᠵᠦ ᠵᠢᠭᠠᠵᠦ ᠭᠠᠷᠭᠠᠵᠠᠢ᠃    ᠰᠢ ᠶᠢᠨ ᠫᠢᠩ᠂ ᠭᠡᠳᠦ᠋ᠢᠪᠡᠷ ᠬᠢᠵᠢᠭ ᠤᠨ ᠪᠠᠶᠢᠳᠠᠯ ᠤᠨ ᠨᠦᠯᠦᠭᠡ ᠳᠤ ᠤᠴᠠᠷᠠᠭᠰᠠᠨ ᠴᠦ ᠡᠨᠡ ᠵᠢᠯ ᠤᠨ ᠳᠤᠮᠳᠠᠳᠤ ᠤᠯᠤᠰ ᠤᠨ ᠨᠡᠭᠡᠭᠡᠯᠳᠠ ᠪᠠᠨ ᠦᠷᠭᠡᠳᠭᠡᠬᠦ ᠠᠯᠬᠤᠭ᠎ᠠ ᠮᠦᠨ ᠬᠦ ᠲᠦᠷᠭᠡᠳᠴᠦ ᠪᠤᠢ᠃ ᠮᠢᠨᠤ ᠬᠤᠶᠠᠳᠤᠭᠠᠷ ᠬᠤᠭᠤᠴᠠᠭᠠᠨ ᠤ ᠭᠠᠳᠠᠭᠠᠳᠦ ᠤᠷᠤᠭᠤᠯᠤᠯᠳᠠ ᠶᠢᠨ ᠦᠵᠡᠰᠬᠦᠯᠡᠩ ᠤᠨ ᠴᠤᠬᠯᠠᠭᠠᠨ ᠳᠡᠭᠡᠷ᠎ᠠ ᠨᠡᠶᠢᠳᠡᠯᠡᠭᠰᠡᠨ ᠭᠠᠳᠠᠭᠠᠳᠦ ᠨᠡᠭᠡᠭᠡᠯᠳᠠ ᠪᠠᠨ ᠦᠷᠭᠡᠳᠭᠡᠬᠦ ᠠᠯᠢ ᠤᠯᠠᠨ ᠠᠷᠭ᠎ᠠ ᠭᠡᠮᠵᠢᠶ᠎ᠠ ᠨᠢᠭᠡᠨᠳᠠ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠬᠳᠠᠪᠠ᠃ ᠳᠤᠮᠳᠠᠳᠤ ᠤᠯᠤᠰ ᠭᠠᠳᠠᠭᠠᠳᠦ ᠤᠷᠤᠭᠤᠯᠤᠯᠳᠠ ᠪᠠᠨ ᠦᠷᠬᠦᠯᠵᠢᠯᠡᠨ ᠦᠷᠭᠡᠳᠭᠡᠨ᠎ᠠ᠃ ᠬᠠᠶᠢᠨᠠᠨ ᠤ ᠴᠢᠯᠦᠭᠡᠳᠦ ᠠᠷᠠᠯᠵᠢᠶᠠᠨ ᠤ ᠭᠠᠷᠠᠮ ᠤᠨ ᠪᠦᠳᠦᠭᠡᠨ ᠪᠠᠶᠢᠭᠤᠯᠤᠯᠳᠠ ᠶᠢᠨ ᠶᠡᠷᠦᠩᠭᠡᠢ ᠲᠦᠰᠦᠯ᠂ ᠱᠧᠨᠵᠧᠨ ᠤ ᠦᠭᠡᠷᠡᠴᠢᠯᠡᠯᠳᠠ ᠨᠡᠭᠡᠭᠡᠯᠳᠠ ᠶᠢ ᠴᠢᠨᠠᠬᠰᠢᠳᠠ ᠦᠷᠭᠡᠳᠭᠡᠬᠦ ᠭᠡᠷᠡᠭᠵᠢᠬᠦᠯᠬᠦ ᠲᠦᠰᠦᠯ ᠢ ᠨᠡᠶᠢᠳᠡᠯᠡᠨ ᠭᠡᠷᠡᠭᠵᠢᠬᠦᠯᠵᠦ᠂ ᠦᠨᠳᠦᠷ ᠪᠠᠷᠢᠮᠵᠢᠶᠠᠳᠦ ᠴᠢᠯᠦᠭᠡᠳᠦ ᠠᠷᠠᠯᠵᠢᠶᠠᠨ ᠤ ᠵᠦᠪᠳᠡᠯᠴᠡᠭᠡᠷ ᠢ ᠵᠦᠪᠯᠡᠯᠴᠡᠨ ᠲᠤᠭᠳᠠᠬᠤ᠂ ᠭᠠᠳᠠᠭᠠᠳᠦ ᠤᠷᠤᠭᠤᠯᠤᠯᠳᠠ ᠶᠢᠨ ᠠᠷᠠᠯᠵᠢᠶ᠎ᠠ ᠶᠢ ᠠᠬᠢᠭᠤᠯᠬᠤ ᠰᠢᠨ᠎ᠠ ᠶᠢ ᠡᠬᠦᠳᠬᠦ ᠵᠢᠱᠢᠶ᠎ᠠ ᠦᠵᠡᠬᠦᠯᠬᠦ ᠤᠷᠤᠨ ᠢ ᠪᠤᠶᠢᠵᠢᠭᠤᠯᠬᠤ᠂ ᠮᠡᠳᠡᠯᠭᠡ ᠶᠢᠨ ᠦᠮᠴᠢᠯᠡᠬᠦ ᠡᠷᠭᠡ ᠶᠢ ᠬᠠᠮᠠᠭᠠᠯᠠᠬᠤ᠂ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠳᠠᠢ ᠬᠠᠮᠳᠤ ᠪᠠᠷ ᠪᠦᠳᠦᠭᠡᠨ ᠪᠠᠶᠢᠭᠤᠯᠬᠤ ᠵᠡᠷᠭᠡ ᠠᠷᠭ᠎ᠠ ᠭᠡᠮᠵᠢᠶ᠎ᠠ ᠴᠦᠮ ᠢᠳᠡᠪᠬᠢᠳᠠᠢ ᠠᠬᠢᠵᠦ ᠪᠤᠢ ᠭᠡᠵᠦ ᠴᠢᠬᠤᠯᠠᠴᠢᠯᠠᠵᠠᠢ᠃  
  11 ᠰᠠᠷ᠎ᠠ ᠶᠢᠨ 4 ᠤ ᠤᠷᠤᠢ᠂ ᠭᠤᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠤᠯᠠᠨ ᠤᠯᠤᠰ ᠤᠨ ᠭᠠᠳᠠᠭᠠᠳᠤ ᠤᠷᠤᠭᠤᠯᠤᠯᠳᠠ ᠶᠢᠨ ᠦᠵᠡᠰᠬᠦᠯᠡᠩ ᠤᠨ ᠴᠤᠭᠯᠠᠭᠠᠨ ᠤ ᠡᠬᠢᠯᠡᠯᠳᠡ ᠶᠢᠨ ᠶᠤᠰᠤᠯᠠᠯ ᠱᠠᠩᠬᠠᠢ ᠳᠤ ᠶᠠᠪᠤᠬᠳᠠᠪᠠ᠂ ᠤᠯᠤᠰ ᠤᠨ ᠲᠡᠷᠢᠬᠦᠯᠡᠭᠴᠢ ᠰᠢ ᠶᠢᠨ ᠫᠢᠩ ᠸᠢᠳᠢᠣ᠋ ᠪᠠᠷ ᠭᠤᠤᠯ ᠵᠤᠷᠢᠯᠳᠠᠳᠦ ᠶᠠᠷᠢᠶ᠎ᠠ ᠢᠯᠡᠳᠭᠡᠯ ᠬᠢᠵᠠᠢ    ᠰᠢ ᠶᠢᠨ ᠫᠢᠩ᠂ ᠬᠢᠵᠢᠭ ᠤᠨ ᠪᠠᠶᠢᠳᠠᠯ ᠨᠢ ᠳᠡᠯᠡᠭᠡᠢ ᠶᠢᠨ ᠠᠵᠤ ᠠᠬᠤᠢ ᠶᠢᠨ ᠲᠤᠭᠳᠠᠪᠤᠷᠢᠳᠦ ᠪᠤᠰᠤ ᠲᠤᠭᠳᠠᠭᠠᠯᠳᠦ ᠪᠤᠰᠤ ᠡᠯᠧᠮᠧᠨ᠋ᠲ ᠢ ᠨᠡᠮᠡᠭᠳᠡᠬᠦᠯᠪᠡ᠃ ᠲᠡᠦᠭᠡ ᠶᠢᠨ ᠲᠠᠯ᠎ᠠ ᠠᠴᠠ ᠠᠪᠴᠦ ᠦᠵᠡᠬᠦ ᠳᠤ᠂ ᠶᠠᠮᠠᠷᠪᠠ ᠠᠶᠦᠯ ᠲᠦᠭᠰᠢᠬᠦᠷᠢ᠂ ᠶᠠᠮᠠᠷᠪᠠ ᠭᠠᠢ ᠭᠠᠮᠰᠢᠬ᠂ ᠶᠠᠮᠠᠷᠪᠠ ᠰᠦᠷᠭᠡᠦ ᠤᠷᠤᠰᠬᠠᠯ ᠳᠤ ᠤᠴᠠᠷᠠᠭᠰᠠᠨ ᠴᠦ᠂ ᠬᠦᠮᠦᠨ ᠲᠦᠷᠦᠯᠬᠢᠳᠡᠨ ᠤ ᠨᠡᠶᠢᠭᠡᠮ ᠶᠡᠷᠦᠩᠭᠡᠢ ᠳᠡᠭᠡᠨ ᠤᠷᠤᠬᠰᠢᠯᠠᠵᠦ ᠪᠠᠶᠢᠳᠠᠭ ᠮᠦᠷᠳᠡᠭᠡᠨ ᠯᠠᠪᠳᠠᠢ ᠦᠷᠬᠦᠯᠵᠢᠯᠡᠨ ᠤᠷᠤᠬᠰᠢᠯᠠᠬᠤ ᠪᠤᠯᠤᠨ᠎ᠠ᠃ ᠡᠯ᠎ᠠ ᠤᠯᠤᠰ ᠤᠨ ᠨᠡᠭᠡᠭᠡᠯᠳᠠ ᠬᠢᠬᠦ᠂ ᠬᠠᠮᠳᠤᠷᠠᠯᠴᠠᠭ᠎ᠠ ᠬᠢᠬᠦ ᠲᠡᠶᠢᠰᠢ ᠤᠷᠤᠬᠰᠢᠯᠠᠬᠤ ᠶᠡᠭᠡ ᠬᠠᠨᠳᠤᠰᠢ ᠬᠤᠪᠢᠷᠠᠭᠰᠠᠨ ᠦᠭᠡᠢ᠃ ᠪᠢᠳᠠ ᠭᠠᠷ ᠬᠤᠯᠪᠤᠵᠦ᠂ ᠠᠶᠦᠯ ᠲᠦᠭᠰᠢᠬᠦᠷᠢ ᠦᠷᠢᠰᠦᠯᠳᠦᠭᠡᠨ ᠢ ᠬᠠᠮᠳᠤ ᠪᠠᠷ ᠠᠷᠭᠠᠴᠠᠭᠠᠨ᠂ ᠬᠠᠮᠳᠤᠷᠠᠯᠴᠠᠭ᠎ᠠ ᠤᠯᠤᠯᠴᠠᠭ᠎ᠠ ᠪᠠᠨ ᠬᠠᠮᠳᠤ ᠪᠠᠷ ᠴᠢᠩᠭᠠᠳᠬᠠᠵᠦ᠂ ᠭᠠᠳᠠᠭᠠᠳᠦ ᠨᠡᠭᠡᠭᠡᠯᠳᠠ ᠶᠢ ᠬᠠᠮᠳᠤ ᠪᠠᠷ ᠦᠷᠭᠡᠳᠭᠡᠶ᠎ᠠ᠃ ᠬᠠᠮᠳᠤᠷᠠᠯᠴᠠᠵᠦ ᠬᠠᠮᠳᠤ ᠪᠠᠷ ᠠᠰᠢᠬ ᠬᠦᠷᠳᠡᠬᠦ ᠬᠠᠮᠳᠤ ᠶᠢᠨ ᠨᠡᠭᠡᠭᠡᠯᠳᠠ ᠶᠢ ᠠᠬᠢᠭᠤᠯᠬᠤ ᠪᠠᠷ ᠬᠦᠴᠦᠯᠡᠵᠦ᠂ ᠢᠳᠡᠭᠡᠯᠴᠡᠬᠦ ᠠᠴᠠ ᠪᠢᠰᠢ ᠰᠡᠵᠢᠭᠯᠡᠬᠦ ᠦᠭᠡᠢ᠂ ᠭᠠᠷ ᠬᠤᠯᠪᠤᠬᠤ ᠠᠴᠠ ᠪᠢᠰᠢ ᠨᠢᠲᠤᠷᠭ᠎ᠠ ᠡᠷᠬᠢᠬᠦᠯᠬᠦ ᠦᠭᠡᠢ᠂ ᠵᠦᠪᠳᠡᠯᠴᠡᠬᠦ ᠠᠴᠠ ᠪᠢᠰᠢ ᠬᠠᠷᠢᠶᠠᠯᠴᠠᠬᠤ ᠦᠭᠡᠢ ᠪᠠᠶᠢᠵᠠᠭᠠᠶ᠎ᠠ᠃ ᠬᠠᠮᠳᠤᠷᠠᠯᠴᠠᠵᠦ ᠬᠠᠮᠳᠤ ᠪᠠᠷ ᠬᠠᠷᠢᠭᠤᠴᠠᠯᠭ᠎ᠠ ᠡᠬᠦᠷᠬᠡᠯᠡᠬᠦ ᠬᠠᠮᠳᠤ ᠶᠢᠨ ᠨᠡᠬᠡᠬᠡᠯᠳᠠ ᠶᠢ ᠠᠬᠢᠭᠤᠯᠬᠤ ᠪᠠᠷ ᠴᠢᠷᠮᠠᠶᠢᠵᠤ᠂ ᠲᠤᠮᠤ ᠤᠯᠤᠰ ᠤᠷᠢᠳ ᠢᠶᠠᠷ ᠦᠯᠢᠬᠡᠷ ᠵᠢᠱᠢᠶ᠎ᠠ ᠦᠵᠡᠬᠦᠯᠵᠤ᠂ ᠭᠤᠤᠯ ᠪᠤᠯᠬᠤ ᠠᠵᠤ ᠠᠬᠤᠢ ᠶᠢᠨ ᠴᠤᠬᠴᠠ ᠪᠠᠶ᠎ᠠ ᠪᠠᠷ ᠢᠶᠠᠨ ᠬᠡᠪ ᠲᠠᠭᠤᠷᠢᠶᠠᠯ ᠪᠤᠯᠵᠤ᠂ ᠬᠦᠭᠵᠢᠵᠤ ᠪᠠᠶᠢᠭ᠎ᠠ ᠤᠯᠤᠰ ᠤᠳ ᠢᠳᠡᠪᠬᠢᠳᠠᠢ ᠵᠢᠳᠬᠦᠯ ᠴᠢᠷᠮᠠᠶᠢᠯᠭ᠎ᠠ ᠭᠠᠷᠭᠠᠵᠠᠭᠠᠶ᠎ᠠ᠃ ᠬᠠᠮᠳᠤᠷᠠᠯᠴᠠᠵᠦ ᠬᠠᠮᠳᠤ ᠪᠠᠷ ᠵᠠᠰᠠᠬᠤ ᠬᠠᠮᠳᠤ ᠶᠢᠨ ᠨᠡᠬᠡᠬᠡᠯᠳᠠ ᠶᠢ ᠠᠬᠢᠭᠤᠯᠬᠤ ᠪᠠᠷ ᠴᠢᠷᠮᠠᠶᠢᠵᠤ᠂ ᠭᠠᠭᠴᠠ ᠲᠠᠯᠠᠳᠤ ᠦᠵᠡᠯ᠂ ᠬᠠᠮᠠᠭᠠᠯᠠᠬᠤ ᠦᠵᠡᠯ ᠤᠨ ᠲᠡᠯᠡᠬᠡᠢ ᠶᠢᠨ ᠡᠮᠬᠢ ᠲᠢᠭᠯᠢᠮ ᠪᠤᠯᠤᠨ ᠤᠯᠠᠨ ᠤᠯᠤᠰ ᠤᠨ ᠶᠤᠰᠤ ᠵᠢᠷᠤᠮ ᠢ ᠡᠪᠳᠡᠬᠦ ᠶᠢ ᠲᠤᠷ᠎ᠠ ᠪᠠᠷ ᠨᠢ ᠲᠠᠯᠪᠢᠵᠦ ᠪᠤᠯᠬᠤ ᠦᠭᠡᠢ᠂ ᠬᠠᠷᠢᠨ ᠪᠦᠳᠤᠬᠡᠯᠴᠢ ᠴᠢᠨᠠᠷᠳᠠᠢ ᠤᠪᠤᠷ ᠪᠠᠶᠢᠳᠠᠯ ᠢᠶᠠᠷ ᠪᠦᠬᠦ ᠪᠦᠮᠪᠦᠷᠴᠡᠭ ᠤᠨ ᠵᠠᠰᠠᠯᠳᠠ ᠶᠢᠨ ᠰᠢᠰᠲ᠋ᠧᠮ ᠳᠤ ᠦᠬᠡᠷᠡᠴᠢᠯᠠᠯᠳᠠ ᠬᠢᠵᠤ᠂ ᠨᠡᠬᠡᠬᠡᠯᠳᠡᠳᠤ ᠮᠠᠶ᠋ᠢᠬ ᠤᠨ ᠲᠡᠯᠡᠬᠡᠢ ᠶᠢᠨ ᠠᠵᠤ ᠠᠬᠤᠢ ᠶᠢ ᠪᠦᠳᠤᠬᠡᠨ ᠪᠠᠶᠢᠭᠤᠯᠬᠤ ᠶᠢ ᠠᠬᠢᠭᠤᠯᠬᠤ ᠭᠡᠷᠡᠭᠳᠠᠢ ᠬᠡᠵᠤ ᠵᠢᠭᠠᠵᠤ ᠭᠠᠷᠭᠠᠪᠠ᠃    ᠰᠢ ᠶᠢᠨ ᠫᠢᠩ᠂ ᠰᠠᠶ᠋ᠢᠬᠠᠨ ᠲᠡᠬᠦᠰᠦᠭᠰᠡᠨ ᠨᠠᠮ ᠤᠨ ᠠᠷᠪᠠ ᠶᠢᠰᠤᠳᠤᠭᠡᠷ ᠬᠤᠭᠤᠴᠠᠭᠠᠨ ᠤ ᠲᠦᠪ ᠬᠤᠷᠢᠶᠠᠨ ᠤ ᠲᠠᠪᠤᠳᠤᠭᠠᠷ ᠪᠦᠬᠦᠳᠠ ᠬᠤᠷᠠᠯ ᠠᠴᠠ ᠳᠤᠮᠳᠠᠳᠤ ᠤᠯᠤᠰ ᠤᠨ ︽ᠠᠷᠪᠠᠨ ᠲᠦᠷᠪᠡᠳᠤᠬᠡᠷ ᠲᠠᠪᠤᠨ ᠵᠢᠯ︾ ᠤᠨ ᠬᠤᠭᠤᠴᠠᠭᠠᠨ ᠤ ᠬᠦᠭᠵᠢᠯᠳᠠ ᠳᠤ ᠪᠦᠬᠦ ᠲᠠᠯ᠎ᠠ ᠪᠠᠷ ᠲᠦᠯᠤᠪᠵᠢᠬᠦᠯᠬᠡ ᠬᠢᠪᠠ᠃ ᠳᠤᠮᠳᠠᠳᠤ ᠤᠯᠤᠰ ᠤᠨ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠤᠷᠢᠳᠤ ᠢᠯᠠᠯᠳᠠ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠰᠢᠢᠳᠪᠤᠷᠢᠳᠤ ᠲᠠᠶᠢᠯᠠᠯᠳᠤᠭᠠᠨ ᠬᠢᠬᠦ ᠬᠠᠷᠠᠯᠳᠠ ᠤᠳᠠᠯ ᠦᠬᠡᠢ ᠪᠡᠶᠡᠯᠡᠭᠳᠡᠵᠤ᠂ ᠲᠠᠷᠠᠭ᠎ᠠ ᠵᠢᠯ ᠠᠴᠠ ᠡᠬᠢᠯᠠᠵᠤ ᠨᠡᠶᠢᠬᠡᠮ ᠵᠢᠷᠤᠮᠳᠤ ᠤᠳᠤᠬᠢᠴᠢᠯᠠᠬᠰᠠᠨ ᠤᠯᠤᠰ ᠢ ᠪᠦᠬᠦ ᠲᠠᠯ᠎ᠠ ᠪᠠᠷ ᠪᠦᠳᠤᠬᠡᠨ ᠪᠠᠶᠢᠭᠤᠯᠬᠤ ᠰᠢᠨ᠎ᠠ ᠠᠶᠠᠨ ᠢ ᠡᠬᠢᠯᠡᠬᠦᠯᠵᠤ᠂ ᠳᠤᠮᠳᠠᠳᠤ ᠤᠯᠤᠰ ᠰᠢᠨ᠎ᠠ ᠬᠦᠭᠵᠢᠯᠳᠠ ᠶᠢᠨ ᠱᠠᠳᠤᠨ ᠳᠤ ᠤᠷᠤᠬᠤ ᠪᠤᠯᠤᠨ᠎ᠠ᠃ ᠪᠢᠳᠠ ᠤᠯᠤᠰ ᠤᠨ ᠳᠤᠳᠤᠭᠠᠳᠤ ᠶᠢᠨ ᠶᠡᠭᠡ ᠤᠷᠴᠢᠯ ᠢᠶᠠᠷ ᠭᠤᠤᠯ ᠴᠤᠬᠴᠠ ᠪᠤᠯᠭᠠᠵᠤ᠂ ᠤᠯᠤᠰ ᠤᠨ ᠳᠤᠳᠤᠭᠠᠳᠤ ᠭᠠᠳᠠᠭᠠᠳᠤ ᠶᠢᠨ ᠬᠤᠤᠰ ᠤᠷᠴᠢᠯ ᠬᠠᠷᠢᠯᠴᠠᠨ ᠠᠬᠢᠭᠤᠯᠤᠬᠰᠠᠨ ᠰᠢᠨ᠎ᠠ ᠬᠦᠭᠵᠢᠯᠳᠠ ᠶᠢᠨ ᠪᠠᠶᠢᠷᠢᠰᠢᠯ ᠢ ᠪᠠᠶᠢᠭᠤᠯᠬᠤ ᠪᠠᠷ ᠲᠤᠷᠡᠳᠴᠠᠢ᠃ ᠡᠨᠡ ᠨᠢ ᠪᠢᠳᠡᠬᠦᠮᠵᠢᠯᠡᠭᠰᠡᠨ ᠤᠯᠤᠰ ᠤᠨ ᠳᠤᠳᠤᠭᠠᠳᠤ ᠶᠢᠨ ᠤᠷᠴᠢᠯ ᠤᠬᠳᠤ ᠪᠢᠰᠢ ᠂ ᠬᠠᠷᠢᠨ ᠨᠡᠩ ᠨᠡᠬᠡᠬᠡᠯᠳᠠᠳᠠᠢ ᠤᠯᠤᠰ ᠤᠨ ᠳᠤᠳᠤᠭᠠᠳᠤ ᠭᠠᠳᠠᠭᠠᠳᠤ ᠶᠢᠨ ᠬᠤᠤᠰ ᠤᠷᠴᠢᠯ ᠮᠦᠨ᠂ ᠡᠨᠡ ᠨᠢ ᠳᠤᠮᠳᠠᠳᠤ ᠤᠯᠤᠰ ᠤᠨ ᠲᠤᠰ ᠪᠠᠶ᠎ᠠ ᠶᠢᠨ ᠬᠦᠭᠵᠢᠯᠳᠠ ᠶᠢᠨ ᠭᠡᠷᠡᠭᠴᠡᠭᠡ ᠪᠤᠯᠬᠤ ᠪᠠᠷ ᠪᠠᠷᠠᠬᠤ ᠦᠬᠡᠢ᠂ ᠨᠡᠩ ᠴᠤ ᠡᠯ᠎ᠠ ᠤᠯᠤᠰ ᠤᠨ ᠠᠷᠠᠳ ᠲᠦᠮᠡᠨ ᠳᠤ ᠪᠤᠶᠠᠨ ᠤᠢᠢᠯᠡᠳᠬᠦ ᠪᠤᠯᠤᠨ᠎ᠠ᠃ ᠳᠤᠮᠳᠠᠳᠤ ᠤᠯᠤᠰ ᠪᠤᠯ ᠪᠦᠬᠦ ᠪᠦᠮᠪᠦᠷᠴᠡᠭ ᠤᠨ ᠬᠠᠮᠤᠬ ᠤᠨ ᠶᠡᠭᠡ ᠲᠠᠯᠳᠠ ᠬᠦᠴᠤᠨ ᠲᠠᠢ ᠲᠤᠮᠤ ᠵᠠᠬ᠎ᠠ ᠲᠡᠯᠬᠡᠬᠦᠷ ᠪᠤᠯᠤᠨ᠎ᠠ᠃ ᠳᠤᠮᠳᠠᠳᠤ ᠤᠯᠤᠰ ᠤᠨ ᠤᠢᠢᠯᠡᠳᠬᠡᠯ ᠨᠢ ᠪᠦᠬᠦ ᠪᠦᠮᠪᠦᠷᠴᠡᠭ ᠤᠨ ᠠᠵᠤ ᠤᠢᠢᠯᠡᠰ ᠤᠨ ᠬᠡᠯᠬᠢᠶ᠎ᠠ ᠬᠠᠩᠭᠠᠯᠭ᠎ᠠ ᠶᠢᠨ ᠬᠡᠯᠬᠢᠶᠠᠨ ᠤ ᠴᠢᠬᠤᠯᠠ ᠪᠦᠷᠢᠯᠳᠤᠬᠦᠨ ᠬᠡᠰᠡᠭ ᠪᠤᠯᠵᠤ᠂ ᠢᠳᠡᠪᠬᠢᠳᠠᠢ ᠬᠤᠪᠢ ᠨᠡᠮᠡᠷᠢ ᠦᠵᠡᠬᠦᠯᠪᠠ᠃ ᠳᠤᠮᠳᠠᠳᠤ ᠤᠯᠤᠰ ᠤᠨ ᠦᠷᠬᠡᠨ ᠠᠭᠤᠲᠠᠮ ᠳᠤᠳᠤᠭᠠᠳᠤ ᠭᠡᠷᠡᠭᠴᠡᠭᠡ ᠶᠢᠨ ᠵᠠᠬ᠎ᠠ ᠲᠡᠯᠬᠡᠬᠦᠷ ᠨᠢ ᠰᠢᠨ᠎ᠡ ᠶᠢ ᠡᠭᠦᠳᠬᠦ ᠰᠢᠷᠬᠢᠰᠢ ᠦᠭᠡᠢ ᠲᠠᠯᠳᠠ ᠬᠦᠴᠤᠨ ᠢ ᠲᠠᠰᠤᠷᠠᠯᠳᠠ ᠦᠬᠡᠢ ᠬᠦᠭᠵᠢᠬᠡᠬᠦ ᠪᠤᠯᠤᠨ᠎ᠠ᠃ ᠳᠤᠮᠳᠠᠳᠤ ᠤᠯᠤᠰ ᠡᠷᠡᠰ ᠭᠤᠶᠢᠪᠢᠰᠢ ᠦᠬᠡᠢ ᠪᠠᠷ ᠨᠡᠬᠡᠬᠡᠯᠳᠠ ᠶᠢ ᠪᠦᠬᠦ ᠲᠠᠯ᠎ᠠ ᠪᠠᠷ ᠦᠷᠬᠡᠳᠬᠡᠵᠤ᠂ ᠳᠤᠮᠳᠠᠳᠤ ᠤᠯᠤᠰ ᠤᠨ ᠵᠠᠬ᠎ᠠ ᠲᠡᠯᠬᠡᠬᠦᠷ ᠢ ᠲᠡᠯᠡᠬᠡᠢ ᠶᠢᠨ ᠵᠠᠬ᠎ᠠ ᠲᠡᠯᠬᠡᠬᠦᠷ᠂ ᠬᠠᠮᠳᠤ ᠪᠠᠷ ᠡᠳ᠋ᠯᠡᠬᠦ ᠵᠠᠬ᠎ᠠ ᠲᠡᠯᠬᠡᠬᠦᠷ᠂ ᠤᠯᠠᠨ ᠤ ᠵᠠᠬ᠎ᠠ ᠲᠡᠯᠬᠡᠬᠦᠷ ᠪᠤᠯᠭᠠᠵᠤ᠂ ᠲᠡᠯᠡᠬᠡᠢ ᠨᠡᠶᠢᠬᠡᠮ ᠳᠤ ᠨᠡᠩ ᠶᠡᠭᠡ ᠢᠳᠡᠪᠬᠢ ᠬᠦᠴᠤᠨ ᠢ ᠨᠠᠮᠠᠷᠢᠯᠠᠨ᠎ᠠ᠃    ᠨᠢᠬᠡᠳᠤᠭᠡᠷ ᠲᠤ᠂ ᠨᠡᠬᠡᠬᠡᠯᠳᠠ ᠶᠢᠨ ᠰᠢᠨ᠎ᠠ ᠦᠨᠳᠦᠷᠯᠢᠭ ᠭᠠᠵᠠᠷ ᠢ ᠴᠤᠬᠴᠠᠯᠠᠨ᠎ᠠ᠃ ᠳᠤᠮᠳᠠᠳᠤ ᠤᠯᠤᠰ ᠴᠢᠯᠤᠬᠡᠳᠤ ᠠᠷᠠᠯᠵᠢᠶᠠᠨ ᠤ ᠲᠤᠷᠰᠢᠯᠳᠠ ᠶᠢᠨ ᠤᠷᠤᠨ᠂ ᠴᠢᠯᠤᠬᠡᠳᠤ ᠠᠷᠠᠯᠵᠢᠶᠠᠨ ᠤ ᠭᠠᠷᠠᠮ ᠤᠨ ᠬᠦᠳᠤᠯᠤᠨ ᠲᠠᠭᠠᠭᠤᠯᠬᠤ ᠤᠢᠢᠯᠡᠳᠤᠯ ᠢ ᠪᠦᠳᠤᠮᠵᠢᠳᠠᠢ ᠪᠠᠳᠠᠷᠠᠭᠤᠯᠵᠤ᠂ ᠬᠢᠯᠢ ᠠᠯᠤᠰᠯᠠᠬᠰᠠᠨ ᠤᠢᠢᠯᠡᠴᠢᠯᠡᠭᠡ ᠠᠷᠠᠯᠵᠢᠶᠠᠨ ᠤ ᠨᠠᠵᠠᠭᠠᠢ ᠲᠠᠯ᠎ᠠ ᠶᠢᠨ ᠨᠠᠷᠢᠨ ᠲᠠᠩᠰᠠ ᠶᠢ ᠭᠠᠷᠭᠠᠵᠤ᠂ ᠲᠤᠭᠠᠴᠢᠯᠠᠬᠰᠠᠨ ᠠᠵᠤ ᠠᠬᠤᠢ᠂ ᠢᠨᠲ᠋ᠧᠷ ᠰᠦᠯᠵᠢᠶ᠎ᠠ ᠵᠡᠷᠬᠡ ᠬᠦᠷᠢᠶᠠᠨ ᠤ ᠨᠡᠬᠡᠬᠡᠯᠳᠠ ᠶᠢ ᠦᠷᠬᠦᠯᠵᠢᠯᠠᠨ ᠦᠷᠬᠡᠳᠬᠡᠵᠤ᠂ ᠠᠷᠠᠯᠵᠢᠶ᠎ᠠ ᠪᠤᠯᠤᠨ ᠪᠡᠯᠡ ᠤᠷᠤᠭᠤᠯᠤᠯᠳᠠ ᠶᠢ ᠴᠢᠯᠤᠬᠡᠲᠡᠢ ᠪᠤᠯᠭᠠᠬᠤ ᠲᠦᠬᠦᠮ ᠲᠦᠲᠡ ᠪᠤᠯᠭᠠᠬᠤ ᠦᠬᠡᠷᠡᠴᠢᠯᠠᠯᠳᠠ ᠰᠢᠨᠡᠴᠢᠯᠡᠯᠳᠠ ᠶᠢ ᠬᠦᠨᠵᠡᠬᠡᠢ ᠦᠷᠨᠢᠬᠦᠯᠵᠤ᠂ ᠨᠡᠩ ᠦᠨᠳᠤᠷ ᠲᠦᠪᠰᠢᠨ ᠲᠠᠢ ᠨᠡᠬᠡᠬᠡᠯᠳᠡᠳᠤ ᠮᠠᠶ᠋ᠢᠬ ᠤᠨ ᠠᠵᠤ ᠠᠬᠤᠢ ᠶᠢᠨ ᠰᠢᠨ᠎ᠠ ᠪᠠᠶᠢᠭᠤᠯᠤᠮᠵᠢ ᠶᠢ ᠪᠦᠳᠤᠬᠡᠨ ᠪᠠᠶᠢᠭᠤᠯᠬᠤ ᠶᠢ ᠠᠬᠢᠭᠤᠯᠤᠨ᠎ᠠ᠃    ᠬᠤᠶᠠᠳᠤᠭᠠᠷ ᠲᠤ᠂ ᠭᠠᠳᠠᠭᠠᠳᠤ ᠠᠷᠠᠯᠵᠢᠶ᠎ᠡ ᠶᠢᠨ ᠰᠢᠨ᠎ᠡ ᠶᠢ ᠡᠬᠦᠳᠦᠨ ᠬᠦᠭᠵᠢᠬᠦ ᠶᠢ ᠠᠬᠢᠭᠤᠯᠤᠨ᠎ᠡ᠃ ᠲᠤᠮᠳᠠᠳᠤ ᠤᠯᠤᠰ ᠦᠷᠬᠦᠯᠵᠢᠯᠡᠨ ᠭᠠᠳᠠᠭᠠᠳᠤ ᠤᠷᠤᠭᠤᠯᠤᠯᠳᠠ ᠶᠢᠨ ᠦᠵᠡᠰᠬᠦᠯᠡᠩ ᠤᠨ ᠴᠤᠬᠯᠠᠭᠠᠨ ᠵᠡᠷᠭᠡ ᠨᠡᠭᠡᠭᠡᠯᠳᠡᠳᠤ ᠲᠠᠪᠴᠠᠩ ᠢᠶᠠᠷ ᠲᠠᠮᠵᠢᠭᠤᠯᠵᠤ᠂ ᠡᠯ᠎ᠡ ᠤᠯᠤᠰ ᠤᠨ ᠠᠵᠤ ᠠᠬᠤᠢᠢᠯᠠᠯ ᠤᠨ ᠲᠤᠮᠳᠠᠳᠤ ᠤᠯᠤᠰ ᠲᠠᠬᠢ ᠬᠤᠳᠠᠯᠳᠤᠭᠠᠨ ᠤ ᠠᠵᠠ ᠲᠤᠬᠢᠶᠠᠯ ᠢᠶᠠᠨ ᠦᠷᠬᠡᠳᠭᠡᠬᠦ ᠶᠢ ᠲᠠᠮᠵᠢᠨ᠎ᠠ᠃ ᠲᠤᠮᠳᠠᠳᠤ ᠤᠯᠤᠰ ᠭᠠᠳᠠᠭᠠᠳᠤ ᠠᠷᠠᠯᠵᠢᠶ᠎ᠡ ᠶᠢᠨ ᠨᠡᠮᠡᠭᠳᠡᠯ ᠤᠨ ᠲᠠᠯᠳᠠ ᠬᠦᠴᠤᠨ ᠢ ᠠᠭᠤᠳᠠᠯᠠᠵᠤ᠂ ᠤᠯᠠᠨ ᠤᠯᠤᠰ ᠤᠨ ᠠᠷᠠᠯᠵᠢᠶ᠎ᠡ ᠶᠢᠨ ᠨᠡᠮᠡᠭᠳᠡᠯ᠂ ᠲᠡᠯᠡᠭᠡᠢ ᠶᠢᠨ ᠠᠵᠤ ᠠᠬᠤᠢ ᠶᠢᠨ ᠬᠦᠭᠵᠢᠯᠳᠠ ᠶᠢ ᠠᠬᠢᠭᠤᠯᠬᠤ ᠳᠤ ᠢᠳᠡᠪᠬᠢᠳᠠᠢ ᠬᠤᠪᠢ ᠨᠠᠮᠡᠷᠢ ᠦᠵᠡᠬᠦᠯᠦᠨ᠎ᠠ᠃ ᠲᠤᠮᠳᠠᠳᠤ ᠤᠯᠤᠰ ᠬᠢᠯᠢ ᠠᠯᠤᠰᠯᠠᠬᠰᠡᠨ ᠡᠯᠧᠺᠲᠷᠤᠨ ᠬᠤᠳᠠᠯᠳᠤᠭ᠎ᠠ ᠵᠡᠷᠭᠡ ᠰᠢᠨ᠎ᠡ ᠡᠵᠡᠩᠨᠡᠯᠳᠠ ᠶᠢᠨ ᠬᠡᠯᠪᠡᠷᠢ ᠰᠢᠨ᠎ᠡ ᠬᠡᠪ ᠵᠠᠬᠪᠤᠷ ᠢ ᠲᠦᠷᠭᠡᠳᠭᠡᠨ ᠬᠦᠭᠵᠢᠬᠦᠯᠬᠦ ᠶᠢ ᠠᠬᠢᠭᠤᠯᠵᠦ᠂ ᠭᠠᠳᠠᠭᠠᠳᠤ ᠠᠷᠠᠯᠵᠢᠶ᠎ᠡ ᠶᠢᠨ ᠰᠢᠨ᠎ᠡ ᠬᠦᠳᠡᠯᠭᠡᠬᠦ ᠡᠨᠧᠷᠬᠢ ᠶᠢ ᠪᠤᠶᠢᠵᠢᠭᠤᠯᠤᠨ᠎ᠠ᠃ ᠲᠤᠮᠳᠠᠳᠤ ᠤᠯᠤᠰ ︽ᠲᠤᠮᠳᠠᠳᠤ ᠤᠯᠤᠰ ᠤᠨ ᠭᠠᠳᠠᠭᠠᠳᠤ ᠠᠴᠠ ᠤᠷᠤᠭᠤᠯᠬᠤ ᠶᠢ ᠴᠠᠭᠠᠵᠠᠯᠠᠬᠤ ᠭᠠᠳᠠᠭᠠᠳᠤ ᠠᠴᠠ ᠤᠷᠤᠭᠤᠯᠬᠤ ᠶᠢ ᠬᠢᠵᠠᠭᠠᠷᠯᠠᠬᠤ ᠮᠡᠷᠭᠡᠵᠢᠯ ᠤᠨ ᠭᠠᠷᠴᠠᠭ︾ ᠢ ᠪᠠᠭᠠᠰᠬᠠᠵᠤ᠂ ᠮᠡᠷᠭᠡᠵᠢᠯ ᠤᠨ ᠡᠯᠧᠮᠧᠨ᠋ᠲ ᠤᠨ ᠬᠢᠯᠢ ᠠᠯᠤᠰᠯᠠᠨ ᠴᠢᠯᠦᠭᠡᠳᠠᠢ ᠰᠢᠯᠵᠢᠬᠦ ᠳᠤ ᠰᠠᠶᠢᠨ ᠰᠠᠶᠢᠬᠠᠨ ᠤᠷᠴᠢᠨ ᠲᠤᠭᠤᠷᠢᠨ ᠢ ᠡᠬᠦᠳᠦᠨ᠎ᠠ᠃    ᠭᠤᠷᠪᠠᠳᠤᠭᠠᠷ ᠲᠤ᠂ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ ᠦᠷᠬᠦᠯᠵᠢᠯᠡᠨ ᠰᠢᠯᠢᠳᠡᠭᠵᠢᠬᠦᠯᠤᠨ᠎ᠡ᠃ ᠲᠤᠮᠳᠠᠳᠤ ᠤᠯᠤᠰ ᠬᠢᠵᠢᠭ ᠤᠨ ᠪᠠᠶᠢᠳᠠᠯ ᠦᠡᠭᠭᠡᠷᠡᠭᠰᠡᠨ ᠤ ᠲᠠᠷᠠᠭ᠎ᠠ ᠲᠤᠬᠳᠠᠭᠠᠬᠰᠡᠨ ᠡᠯ᠎ᠡ ᠵᠦᠢᠯ ᠤᠨ ᠬᠦᠴᠢᠷᠳᠡᠯ ᠠᠴᠠ ᠮᠤᠯᠳᠤᠷᠠᠭᠤᠯᠵᠦ ᠠᠵᠤ ᠠᠬᠤᠢᠢᠯᠠᠯ ᠳᠤ ᠠᠰᠢᠭ ᠬᠦᠷᠳᠡᠭᠡᠬᠦ ᠲᠦᠷᠦ ᠶᠢᠨ ᠪᠤᠳᠤᠯᠭ᠎ᠠ ᠶᠢᠨ ᠲᠠᠯ᠎ᠠ ᠪᠠᠷ ᠲᠤᠮᠳᠠᠳᠤ ᠤᠯᠤᠰ ᠤᠨ ᠬᠢᠯᠢ ᠳᠤ ᠪᠦᠷᠢᠳᠭᠡᠭᠦᠯᠦᠭᠰᠡᠨ ᠠᠵᠤ ᠠᠬᠤᠢᠢᠯᠠᠯ ᠳᠤ ᠨᠢᠭᠡ ᠯᠡ ᠠᠳᠠᠯᠢ ᠪᠠᠷ ᠬᠠᠨᠳᠤᠨ᠎ᠡ᠃ ᠡᠨᠡ ᠵᠢᠯ᠂ ᠲᠤᠮᠳᠠᠳᠤ ᠤᠯᠤᠰ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠤᠷᠤᠭᠤᠯᠤᠯᠳᠠ ᠶᠢᠨ ᠬᠠᠤᠯᠢ ᠪᠠ ᠬᠤᠯᠪᠤᠬᠳᠠᠯ ᠪᠦᠬᠦᠢ ᠢᠵᠢ ᠪᠦᠷᠢᠳᠦᠭᠰᠡᠨ ᠬᠠᠤᠯᠢ ᠲᠤᠬᠳᠠᠭᠠᠯ ᠢ ᠭᠡᠷᠡᠭᠵᠢᠬᠦᠯᠵᠤ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠤᠷᠤᠭᠤᠯᠬᠤ ᠶᠢ ᠵᠦᠪᠰᠢᠶᠡᠷᠡᠬᠦ ᠨᠠᠵᠠᠭᠠᠢ ᠲᠠᠯ᠎ᠡ ᠶᠢᠨ ᠨᠠᠷᠢᠨ ᠲᠠᠩᠰᠠ ᠶᠢ ᠤᠯᠠᠮ ᠴᠢᠨᠠᠬᠰᠢᠳᠠ ᠪᠠᠭᠠᠰᠬᠠᠪᠠ᠃ ᠲᠤᠮᠳᠠᠳᠤ ᠤᠯᠤᠰ ᠢᠯᠡ ᠲᠤᠳᠤᠷᠬᠠᠢ ᠪᠠᠶᠢᠬᠤ ᠭᠠᠳᠠᠭᠠᠳᠤ ᠳᠤ ᠬᠤᠯᠪᠤᠬᠳᠠᠬᠰᠡᠨ ᠬᠠᠤᠯᠢ ᠴᠠᠭᠠᠵᠠ ᠶᠢᠨ ᠰᠢᠰᠲ᠋ᠧᠮ ᠢ ᠦᠷᠬᠦᠯᠵᠢᠯᠡᠨ ᠲᠡᠬᠦᠯᠳᠡᠷᠵᠢᠬᠦᠯᠵᠤ᠂ ᠮᠠᠳᠡᠯᠭᠡ ᠶᠢᠨ ᠦᠮᠴᠢᠯᠡᠬᠦ ᠡᠷᠭᠡ ᠶᠢᠨ ᠬᠠᠮᠠᠭᠠᠯᠠᠯᠳᠠ ᠶᠢ ᠴᠢᠩᠭᠠᠳᠬᠠᠵᠤ᠂ ᠭᠠᠳᠠᠭᠠᠳᠤ ᠪᠡᠯᠡᠳᠦ ᠠᠵᠤ ᠠᠬᠤᠢᠢᠯᠠᠯ ᠤᠨ ᠬᠠᠤᠯᠢ ᠶᠤᠰᠤᠨ ᠤ ᠡᠷᠭᠡ ᠠᠰᠢᠭ ᠢ ᠬᠠᠮᠠᠭᠠᠯᠠᠵᠤ᠂ ᠴᠢᠨᠠᠷ ᠰᠠᠶᠢᠳᠠᠢ ᠦᠢᠯᠡᠴᠢᠯᠡᠭᠡ ᠪᠠᠷ ᠨᠡᠩ ᠰᠠᠶᠢᠨ ᠤᠷᠴᠢᠨ ᠲᠤᠭᠤᠷᠢᠨ ᠢ ᠪᠤᠢ ᠪᠤᠯᠭᠠᠨ᠎ᠠ᠃    ᠲᠦᠷᠪᠡᠳᠤᠭᠡᠷ ᠲᠤ᠂ ᠬᠤᠶᠠᠷ ᠲᠠᠯ᠎ᠡ ᠶᠢᠨ᠂ ᠤᠯᠠᠨ ᠲᠠᠯ᠎ᠡ ᠶᠢᠨ᠂ ᠤᠷᠤᠨ ᠪᠦᠰᠡ ᠶᠢᠨ ᠬᠠᠮᠳᠤᠷᠠᠯᠴᠠᠭ᠎ᠠ ᠶᠢ ᠬᠦᠨᠵᠡᠭᠡᠶᠢᠷᠠᠬᠦᠯᠤᠨ᠎ᠡ᠃ ᠲᠤᠮᠳᠠᠳᠤ ᠤᠯᠤᠰ ᠲᠤᠷᠠᠳᠠᠶ᠎ᠡ ᠨᠡᠩ ᠤᠯᠠᠨ ᠤᠯᠤᠰ ᠯᠤᠭ᠎ᠠ ᠦᠨᠳᠤᠷ ᠪᠠᠷᠢᠮᠵᠢᠶᠠᠳᠦ ᠴᠢᠯᠦᠭᠡᠳᠤ ᠠᠷᠠᠯᠵᠢᠶᠠᠨ ᠤ ᠵᠦᠪᠳᠡᠯᠴᠡᠭᠡᠷ ᠢ ᠵᠦᠪᠯᠡᠯᠴᠡᠨ ᠲᠤᠬᠢᠷᠠᠯᠴᠠᠵᠤ᠂ ᠤᠷᠤᠨ ᠪᠦᠰᠡ ᠶᠢᠨ ᠪᠦᠬᠦ ᠲᠠᠯ᠎ᠡ ᠶᠢᠨ ᠠᠵᠤ ᠠᠬᠤᠢ ᠶᠢᠨ ᠬᠠᠨᠢᠳᠠᠨ ᠤ ᠬᠠᠷᠢᠯᠴᠠᠭ᠎ᠠ ᠶᠢᠨ ᠵᠦᠪᠳᠡᠯᠴᠡᠭᠡᠷ ᠲᠤ ᠲᠠᠷᠤᠢ ᠲᠦᠷᠭᠡᠨ ᠭᠠᠷ ᠤᠨ ᠦᠰᠦᠭ ᠵᠢᠷᠤᠬᠤ ᠶᠢ ᠠᠬᠢᠭᠤᠯᠵᠤ᠂ ᠲᠤᠮᠳᠠᠳᠤ ᠡᠸᠦ᠋ᠷᠤᠫᠠ ᠶᠢᠨ ᠪᠡᠯᠡ ᠤᠷᠤᠭᠤᠯᠤᠯᠳᠠ ᠶᠢᠨ ᠵᠦᠪᠳᠡᠯᠴᠡᠭᠡᠷ᠂ ᠲᠤᠮᠳᠠᠳᠤ ᠶᠠᠫᠤᠨ ᠺᠤᠷᠢᠶᠠ ᠵᠡᠷᠭᠡ ᠴᠢᠯᠦᠭᠡᠳᠤ ᠠᠷᠠᠯᠵᠢᠶᠠᠨ ᠤ ᠵᠦᠪᠳᠡᠯᠴᠡᠭᠡᠷ ᠤᠨ ᠬᠡᠯᠡᠯᠴᠡᠭᠡ ᠶᠢᠨ ᠠᠬᠢᠴᠠ ᠶᠢ ᠲᠦᠷᠭᠡᠳᠭᠡᠵᠤ᠂ ᠲᠡᠯᠡᠭᠡᠢ ᠶᠢᠨ ᠦᠨᠳᠤᠷ ᠪᠠᠷᠢᠮᠵᠢᠶᠠᠳᠦ ᠴᠢᠯᠦᠭᠡᠳᠤ ᠠᠷᠠᠯᠵᠢᠶᠠᠨ ᠤ ᠤᠷᠤᠨ ᠯᠤᠭ᠎ᠠ ᠶᠢᠨ ᠰᠤᠯᠢᠯᠴᠠᠭ᠎ᠠ ᠲᠤᠯᠢᠯᠠᠯ ᠢ ᠴᠢᠩᠭᠠᠳᠬᠠᠨ᠎ᠡ᠃ ᠲᠤᠮᠳᠠᠳᠤ ᠤᠯᠤᠰ ᠲᠡᠯᠡᠭᠡᠢ ᠶᠢᠨ ᠠᠷᠠᠯᠵᠢᠶᠠᠨ ᠤ ᠵᠤᠬᠢᠶᠠᠨ ᠪᠠᠶᠢᠭᠤᠯᠤᠯᠳᠠ ᠶᠢᠨ ᠦᠭᠡᠷᠡᠴᠢᠯᠡᠯᠳᠠ ᠳᠤ ᠢᠳᠡᠪᠬᠢᠳᠠᠢ ᠤᠷᠤᠯᠴᠠᠵᠤ᠂ ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ᠂ ᠬᠤᠷᠢᠨ ᠤᠯᠤᠰ ᠤᠨ ᠪᠦᠯᠦᠭᠯᠡᠯ᠂ ᠠᠽᠢᠶ᠎ᠡ ᠲᠢᠪ ᠨᠤᠮᠤᠬᠠᠨ ᠲᠠᠯᠠᠢ ᠶᠢᠨ ᠤᠷᠤᠨ ᠤ ᠠᠵᠤ ᠠᠬᠤᠢ ᠶᠢᠨ ᠵᠤᠬᠢᠶᠠᠨ ᠪᠠᠶᠢᠭᠤᠯᠤᠯᠳᠠ᠂ ᠠᠯᠳᠠᠨ ᠲᠤᠭᠤᠰᠬ᠎ᠠ ᠤᠯᠤᠰ ᠤᠳ ᠵᠡᠷᠭᠡ ᠲᠤᠬᠳᠠᠴᠠ ᠶᠢᠨ ᠬᠠᠮᠳᠤᠷᠠᠯᠴᠠᠭ᠎ᠠ ᠳᠤ ᠢᠳᠡᠪᠬᠢᠳᠠᠢ ᠤᠷᠤᠯᠴᠠᠨ᠎ᠠ᠃ ᠲᠤᠮᠳᠠᠳᠤ ᠤᠯᠤᠰ ᠬᠤᠯᠪᠤᠬᠳᠠᠯ ᠪᠦᠬᠦᠢ ᠤᠯᠤᠰ ᠤᠳ ᠯᠤᠭ᠎ᠠ ︽ᠨᠢᠭᠡ ᠪᠦᠰᠡ ᠨᠢᠭᠡ ᠵᠠᠮ︾ ᠢ ᠬᠠᠮᠳᠤ ᠪᠠᠷ ᠴᠢᠨᠠᠷ ᠰᠠᠶᠢᠳᠠᠢ ᠪᠦᠳᠦᠭᠡᠨ ᠪᠠᠶᠢᠭᠤᠯᠵᠤ᠂ ᠬᠦᠮᠦᠨ ᠲᠦᠷᠦᠯᠬᠢᠳᠠᠨ ᠤ ᠬᠤᠪᠢ ᠵᠠᠶᠠᠭᠠᠨ ᠤ ᠬᠠᠮᠳᠤ ᠶᠢᠨ ᠴᠤᠬᠴᠠ ᠶᠢ ᠪᠠᠶᠢᠭᠤᠯᠬᠤ ᠶᠢ ᠠᠬᠢᠭᠤᠯᠤᠨ᠎ᠠ ᠬᠡᠵᠤ ᠵᠢᠭᠠᠵᠤ ᠭᠠᠷᠭᠠᠪᠠ᠃    ᠰᠢ ᠶᠢᠨ ᠫᠢᠩ ᠶᠠᠷᠢᠶᠠᠨ ᠤ ᠪᠠᠨ ᠲᠡᠬᠦᠰᠭᠡᠯ ᠳᠡᠭᠡᠨ᠂ ᠲᠤᠮᠳᠠᠳᠤᠴᠤᠳ ︽ᠤᠷᠳᠤ ᠴᠠᠭᠠᠨ ᠭᠡᠷᠡᠮ ᠳᠤᠷ ᠡᠰᠡ ᠬᠦᠷᠪᠡᠰᠦ ᠰᠠᠶᠢᠨ ᠡᠷ᠎ᠡ ᠪᠤᠰᠤ︾ ᠭᠡᠵᠤ ᠦᠷᠬᠦᠯᠵᠢ ᠭᠡᠯᠡᠳᠡᠭ᠃ ᠤᠳᠤᠬᠠᠨ ᠳᠤ᠂ ᠲᠡᠯᠡᠭᠡᠢ ᠶᠢᠨ ᠠᠵᠤ ᠠᠬᠤᠢ ᠶᠢᠨ ᠬᠦᠭᠵᠢᠯᠳᠠ ᠬᠦᠨᠳᠦ ᠭᠡᠴᠡᠭᠦᠤ ᠦᠷᠢᠰᠦᠯᠳᠤᠭᠡᠨ ᠳᠤ ᠲᠤᠯᠭᠠᠷᠠᠵᠤ ᠪᠠᠶᠢᠨ᠎ᠡ᠂ ᠪᠢᠳᠠ ᠢᠳᠡᠭᠡᠯ ᠢᠶᠠᠨ ᠪᠠᠳᠤᠳᠬᠠᠨ᠂ ᠵᠤᠷᠢᠭ ᠢᠶᠠᠨ ᠬᠦᠪᠴᠢᠯᠡᠵᠤ᠂ ᠴᠠᠭ ᠤᠨ ᠪᠡᠷᠭᠡ ᠶᠢ ᠬᠠᠮᠳᠤ ᠪᠠᠷ ᠲᠤᠭᠤᠯᠤᠶ᠎ᠡ᠃ ᠲᠤᠮᠳᠠᠳᠤ ᠤᠯᠤᠰ ᠲᠤᠷᠠᠳᠠᠶ᠎ᠡ ᠡᠯ᠎ᠡ ᠤᠯᠤᠰ ᠯᠤᠭ᠎ᠠ ᠬᠠᠮᠳᠤ ᠪᠠᠷ᠂ ᠨᠡᠭᠡᠭᠡᠯᠳᠠ ᠶᠢᠨ ᠲᠤᠮᠳᠠ ᠠᠵᠠ ᠲᠤᠬᠢᠶᠠᠯ ᠢ ᠡᠬᠦᠳᠴᠤ᠂ ᠬᠠᠮᠳᠤᠷᠠᠯᠴᠠᠭᠠᠨ ᠤ ᠲᠤᠮᠳᠠ ᠬᠦᠴᠢᠷ ᠠᠰᠠᠭᠤᠳᠠᠯ ᠢ ᠰᠢᠢᠳᠪᠤᠷᠢᠯᠡᠨ᠂ ᠭᠠᠷ ᠬᠤᠯᠪᠤᠨ ᠬᠦᠮᠦᠨ ᠲᠦᠷᠦᠯᠬᠢᠳᠠᠨ ᠤ ᠨᠡᠩ ᠰᠠᠶᠢᠨ ᠰᠠᠶᠢᠬᠠᠨ ᠮᠡᠷᠭᠠᠰᠢ ᠶᠢ ᠴᠤᠬᠴᠠᠯᠠᠨ᠎ᠡ︕ ᠭᠡᠵᠤ ᠵᠢᠭᠠᠵᠤ ᠭᠠᠷᠭᠠᠪᠠ᠃
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号