ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠬᠠᠮ ᠵᠠᠭᠤᠴᠢᠯᠠᠭᠤᠷ ᠤᠨ ᠲᠥᠪ ᠤᠨ ᠨᠡᠭᠦᠯᠭᠡᠨ ᠪᠠᠶᠢᠭᠤᠯᠬᠤ ᠲᠥᠷᠥᠯ ᠵᠥᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2020/11/9
    11 ᠰᠠᠷ᠎ᠠ ᠶᠢᠨ 5᠎ ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠬᠠᠮ ᠵᠠᠭᠤᠴᠢᠯᠠᠭᠤᠷ ᠤᠨ ᠲᠥᠪ ᠤᠨ ᠨᠡᠭᠦᠯᠭᠡᠨ ᠪᠠᠶᠢᠭᠤᠯᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠳᠠ ᠭᠢᠵᠤ ᠶᠠᠰᠤ ᠴᠢᠨᠠᠷ ᠪᠤᠯᠤᠨ ᠠᠮᠤᠷ ᠲᠦᠪᠰᠢᠨ ᠢ ᠴᠢᠬᠤᠯᠠᠴᠢᠯᠠᠨ ᠠᠵᠢᠯ ᠤᠨ ᠬᠤᠭᠤᠴᠠᠭ᠎ᠠ ᠶᠢ ᠵᠠᠪᠳᠤᠵᠤ ᠲᠥᠷᠥᠯ ᠵᠥᠢᠯ ᠤᠨ ᠬᠤᠭᠤᠴᠠᠭ᠎ᠠ ᠶᠣᠰᠣᠭᠠᠷ ᠠᠰᠢᠭᠯᠠᠯᠲᠠ ᠳᠤ ᠣᠷᠣᠭᠤᠯᠬᠤ ᠶᠢ ᠪᠠᠳᠤᠯᠠᠨ ᠠᠭᠤᠰᠤᠯᠴᠠᠨ ᠬᠥᠭᠵᠢᠬᠦ ᠰᠢᠨ᠎ᠡ ᠪᠠᠶᠢᠷᠢᠰᠢᠯ ᠢ ᠪᠥᠷᠢᠯᠳᠤᠭᠦᠯᠭᠦ ᠶᠢ ᠠᠭᠢᠭᠤᠯᠬᠤ ᠭᠡᠷᠡᠭᠳᠠᠢ ᠭᠡᠵᠤ ᠴᠢᠬᠤᠯᠠᠴᠢᠯᠠᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠬᠡᠯᠲᠡᠰ ᠤᠨ ᠳᠠᠷᠤᠭ᠎ᠠ ᠹᠧᠩ ᡁᠢ ᠮᠢᠩ ᠪᠠᠶᠢᠴᠠᠭᠠᠨ ᠰᠤᠳᠤᠯᠤᠯᠲᠠ ᠳᠤ ᠣᠷᠣᠯᠴᠠᠵᠠᠶ᠃
     ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠠᠢ ᠳᠤ ᠡᠷᠳᠡᠨᠢᠪᠢᠯᠢᠭ ᠲᠥᠷᠥᠯ ᠵᠥᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠨᠠᠷᠢᠨ ᠤᠶᠢᠯᠠᠭᠠᠨ ᠬᠠᠮ ᠵᠠᠭᠤᠴᠢᠯᠠᠭᠤᠷ ᠤᠨ ᠲᠥᠪ ᠤᠨ ᠨᠠᠭᠦᠯᠭᠡᠨ ᠪᠠᠶᠢᠭᠤᠯᠬᠤ ᠲᠥᠷᠥᠯ ᠵᠥᠢᠯ ᠤᠨ ᠴᠢᠳᠠᠪᠭᠢᠳᠤ ᠲᠠᠰᠤᠭ ᠤᠨ ᠪᠠᠶᠢᠷᠢᠯᠠᠭᠤᠯᠤᠯᠳᠠ ᠪᠠ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠦᠵᠡᠪᠡ᠃ ᠲᠡᠷᠡ ᠵᠢᠭᠠᠵᠤ ᠭᠠᠷᠭᠠᠭᠰᠠᠨ ᠨᠢ᠂ ᠬᠠᠮ ᠵᠠᠭᠤᠴᠢᠯᠠᠭᠤᠷ ᠤᠨ ᠲᠥᠪ ᠤᠨ ᠪᠦᠲᠦᠭᠡᠨ ᠪᠠᠶᠢᠭᠤᠯᠤᠯᠲᠠ ᠪᠣᠯ ᠴᠠᠭ ᠦᠶ᠎ᠡ ᠶᠢᠨ ᠬᠥᠭᠵᠢᠯᠲᠡ ᠶᠢᠨ ᠵᠠᠶᠢᠯᠠᠰᠢ ᠦᠭᠡᠢ ᠱᠠᠭᠠᠷᠳᠠᠯᠭ᠎ᠠ᠂ ᠡᠨᠡ ᠵᠢᠯ ᠤᠨ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠭᠤᠤᠯᠳᠠᠯᠭ᠎ᠠ ᠲᠠᠢ ᠠᠵᠢᠯ ᠤᠨ ᠨᠢᠭᠡ ᠪᠤᠯᠤᠨ᠎ᠠ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠪᠠ  ᠪᠦᠲᠦᠭᠡᠨ ᠪᠠᠶᠢᠭᠤᠯᠤᠯᠲᠠ ᠳᠤ ᠣᠷᠣᠯᠴᠠᠬᠤ ᠪᠠᠶᠢᠭᠤᠯᠭ᠎ᠠ ᠨᠢᠭᠡᠴᠢ ᠦᠵᠡᠯ ᠰᠠᠨᠠᠭ᠎ᠠ ᠲᠠᠨᠢᠯᠲᠠ ᠪᠠᠨ ᠲᠡᠭᠡᠭᠰᠢᠯᠠᠭᠦᠯᠤᠨ  ᠲᠣᠭᠲᠠᠭᠰᠠᠨ ᠤᠴᠢᠷ ᠶᠠᠪᠤᠳᠠᠯ ᠢ ᠳᠠᠷᠦ᠋ᠢᠬᠠᠨ ᠬᠢᠬᠦ ᠠᠵᠢᠯ ᠤᠨ ᠣᠶᠢᠯᠠᠭᠠᠭᠳᠠᠬᠤᠨ ᠢ ᠪᠤᠢ ᠪᠣᠯᠭᠠᠵᠤ ᠬᠠᠷᠢᠭᠤᠴᠠᠯᠭ᠎ᠠ ᠶᠢ ᠪᠤᠳᠠᠳᠠᠶᠢᠵᠢᠭᠤᠯᠤᠨ ᠲᠥᠷᠥᠯ ᠵᠥᠢᠯ ᠤᠨ ᠪᠥᠲᠥᠭᠡᠨ ᠪᠠᠶᠢᠭᠤᠯᠤᠯᠳᠠ ᠶᠢ ᠵᠣᠬᠢᠴᠠᠭᠤᠯᠤᠨ ᠠᠭᠢᠭᠤᠯᠬᠤ ᠭᠡᠷᠡᠭᠳᠠᠢ᠃ ᠪᠠᠷᠢᠯᠭ᠎ᠠ ᠶᠢᠨ ᠠᠮᠤᠷ ᠲᠦᠪᠰᠢᠨ ᠪᠣᠯᠤᠨ ᠶᠠᠰᠤ ᠴᠢᠨᠠᠷ ᠤᠨ ᠬᠠᠮᠢᠶᠠᠷᠤᠯᠲᠠ ᠶᠢ ᠰᠠᠶᠢᠲᠤᠷ ᠠᠳᠬᠤᠭᠰᠠᠨ ᠤᠷᠢᠳᠠᠯ ᠳᠣᠤᠷ᠎ᠠ  ᠪᠠᠷᠢᠯᠭ᠎ᠠ ᠶᠢᠨ ᠠᠬᠢᠴᠠ ᠶᠢ ᠵᠠᠪᠳᠤᠨ ᠨᠡᠭᠦᠯᠭᠡᠨ ᠪᠠᠶᠢᠭᠤᠯᠬᠤ ᠲᠥᠷᠥᠯ ᠵᠥᠢᠯ ᠢ ᠬᠤᠭᠤᠴᠠᠭ᠎ᠠ ᠶᠣᠰᠣᠭᠠᠷ ᠠᠰᠢᠭᠯᠠᠯᠲᠠ ᠳᠤ ᠣᠷᠣᠭᠤᠯᠬᠤ ᠶᠢ ᠪᠠᠲᠤᠯᠠᠬᠤ ᠬᠡᠷᠡᠭᠲᠡᠶ᠃ ᠬᠤᠰᠢᠭᠤᠨ ᠤ ᠬᠠᠮ ᠵᠠᠭᠤᠴᠢᠯᠠᠭᠤᠷ ᠤᠨ ᠲᠥᠪ᠂ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ ᠠᠭᠤᠰᠤᠯᠴᠠᠭᠤᠯᠤᠨ ᠰᠢᠨ᠎ᠡ ᠶᠢ ᠡᠭᠦᠳᠬᠦ ᠠᠯᠬᠤᠴᠠ ᠪᠠᠨ ᠲᠦᠷᠭᠡᠳᠬᠡᠵᠦ ᠬᠠᠮ ᠵᠠᠭᠤᠴᠢᠯᠠᠭᠤᠷ ᠤᠨ ᠪᠦᠲᠦᠭᠡᠭᠳᠡᠬᠦᠨ ᠤ ᠨᠥᠯᠥᠭᠡᠯᠡᠬᠦ ᠬᠦᠴᠦᠨ ᠢ ᠲᠡᠭᠡᠭᠰᠢᠯᠠᠭᠦᠯᠤᠨ ︽ᠦᠤᠰᠢᠨ ᠤ ᠦᠯᠢᠭᠡᠷ︾᠎ ᠢ ᠨᠠᠩ ᠰᠠᠶᠢᠨ ᠶᠠᠷᠢᠵᠤ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠨᠢᠭᠡ ᠴᠣᠭᠴᠠᠵᠢᠭᠤᠯᠤᠭᠰᠠᠨ᠂ ᠳᠣᠲᠣᠭᠠᠳᠤ ᠤᠬᠠᠭᠤᠯᠭ᠎ᠠ ᠭᠠᠳᠠᠭᠠᠳᠤ ᠤᠬᠠᠭᠤᠯᠭ᠎ᠠ ᠬᠤᠯᠪᠣᠭᠠᠯᠠᠨ ᠬᠥᠳᠡᠯᠦᠯᠴᠡᠭᠰᠡᠨ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠥᠢᠯᠡᠳᠤᠯᠭᠡᠵᠢᠬᠦᠯᠬᠡ ᠶᠢᠨ ᠲᠥᠪ ᠪᠠ ᠬᠠᠮ ᠵᠠᠭᠤᠴᠢᠯᠠᠭᠤᠷ ᠤᠨ ᠲᠥᠪ ᠢ ᠠᠭᠤᠰᠤᠯᠴᠠᠭᠤᠯᠤᠨ ᠬᠥᠭᠵᠢᠭᠦᠯᠬᠦ ᠰᠢᠨ᠎ᠡ ᠪᠠᠶᠢᠷᠢᠰᠢᠯ ᠢ ᠪᠥᠷᠢᠯᠳᠤᠭᠦᠯᠤᠨ ᠠᠷᠠᠳ ᠣᠯᠠᠨ ᠤ ᠣᠶᠤᠨ ᠰᠠᠨᠠᠭ᠎ᠠ ᠰᠣᠶᠣᠯ ᠤᠨ ᠬᠡᠷᠡᠭᠴᠡᠭᠡ ᠶᠢ ᠨᠡᠩ ᠢᠯᠠᠭᠦᠤ ᠬᠠᠩᠭᠠᠵᠦ ᠪᠦᠬᠦ ᠬᠤᠰᠢᠭᠤᠨ ᠤ ᠭᠤᠣᠯ ᠠᠵᠢᠯ ᠳᠤ ᠨᠠᠩ ᠰᠠᠶᠢᠨ ᠥᠢᠯᠡᠴᠢᠯᠠᠭᠦ ᠭᠡᠷᠡᠭᠳᠠᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号