ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠪᠦᠬᠦ ᠬᠤᠰᠢᠭᠤᠨ ᠤ ᠺᠠᠳ᠋ᠷᠴᠣᠳ ᠢ ᠰᠡᠷᠡᠮᠵᠢᠯᠡᠭᠦᠯᠦᠨ ᠭᠥᠮᠤᠵᠢᠭᠦᠯᠭᠦ ᠶᠡᠭᠡ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/11/9
     11 ᠰᠠᠷ᠎ᠠ ᠶᠢᠨ 4᠎ ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠪᠦᠬᠦ ᠬᠤᠰᠢᠭᠤᠨ ᠤ ᠺᠠᠳ᠋ᠷᠴᠣᠳ ᠢ ᠰᠡᠷᠡᠮᠵᠢᠯᠡᠭᠦᠯᠦᠨ ᠭᠥᠮᠤᠵᠢᠭᠦᠯᠭᠦ ᠶᠡᠭᠡ ᠬᠤᠷᠠᠯ ᠢ ᠡᠷᠬᠢᠯᠡᠨ ᠬᠤᠷᠠᠯᠳᠤᠭᠤᠯᠵᠤ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠤᠤ ᠸᠧᠶ ᠵᠡᠷᠭᠡ ᠰᠢᠶᠠᠨ ᠤ ᠲᠠᠰ ᠎ ᠤᠨ ᠤᠳᠤᠷᠢᠳᠤᠯᠭ᠎ᠠ ᠪᠤᠯᠤᠨ ᠡᠯ᠎ᠡ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
      ᠬᠤᠷᠠᠯ ᠠᠴᠠ ᠣᠷᠳᠣᠰ ᠬᠤᠲᠠ ᠶᠢᠨ 3D ᠴᠢᠬᠡᠴᠢ ᠵᠠᠰᠠᠭ ᠤᠨ ᠬᠥᠮᠦᠵᠢᠯ ᠤᠨ ᠦᠵᠡᠭᠦᠯᠣᠯᠭᠡ ᠶᠢᠨ ᠲᠢᠩᠬᠢᠮ ᠤᠨ ᠸᠢᠳᠢᠣ᠋ ᠶᠢ ᠰᠣᠨᠢᠷᠬᠠᠪᠠ᠃ ᠬᠤᠷᠠᠯ ᠲᠡᠭᠡᠷ᠎ᠡ 2019 ᠣᠨ ᠤ ᠪᠥᠬᠦ ᠬᠤᠰᠢᠭᠤᠨ ᠤ ᠢᠯᠵᠢᠷᠡᠯ ᠢ ᠡᠰᠡᠷᠭᠦᠴᠡᠬᠦ ᠲᠡᠮᠡᠴᠡᠯ ᠤᠨ ᠪᠠᠶᠢᠳᠠᠯ ᠢ ᠵᠠᠷᠯᠠᠨ ᠮᠡᠳᠡᠭᠳᠡᠵᠦ ᠮᠠᠨ ᠤ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠵᠦᠪᠯᠡᠯ ᠤᠨ ᠪᠠᠶᠢᠴᠠᠭᠠᠨ ᠰᠢᠢᠳᠪᠤᠷᠢᠯᠡᠭᠰᠠᠨ ᠬᠡᠰᠡᠭ ᠬᠡᠷᠡᠭ ᠤᠨ ᠵᠢᠱᠢᠶ᠎ᠡ ᠶᠢ ᠵᠠᠳᠠᠯᠪᠠ᠃       ᠡᠷᠳᠡᠨᠢᠪᠢᠯᠢᠭ ᠴᠢᠬᠤᠯᠠᠴᠢᠯᠠᠭᠰᠠᠨ ᠨᠢ᠂ ᠨᠠᠮ ᠳᠠᠭᠠᠨ ᠦᠨᠡᠨᠴᠢ ᠪᠠᠶᠢᠬᠤ ᠡᠨᠡ ᠬᠦ ᠦᠨᠳᠦᠰᠦᠨ ᠱᠠᠭᠠᠷᠳᠠᠯᠭ᠎ᠠ ᠶᠢ ᠪᠠᠲᠤ ᠴᠡᠭᠡᠵᠢᠯᠡᠵᠦ ᠪᠦᠬᠦ ᠬᠤᠰᠢᠭᠤᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠤᠯᠤᠰ ᠲᠥᠷᠥ ᠶᠢ ᠡᠷᠭᠢᠮᠯᠠᠨ᠂ ᠵᠣᠭᠰᠣᠯᠲᠠ ᠪᠠᠲᠤ ᠪᠠᠶᠢᠵᠦ᠂ ᠵᠣᠷᠢᠭᠲᠠᠶ ᠡᠭᠦᠷᠭᠡᠯᠡᠨ ᠨᠠᠮ ᠳᠠᠭᠠᠨ ᠦᠨᠡᠨᠴᠢ ᠰᠢᠳᠤᠷᠭᠤ ᠪᠠᠶᠢᠵᠦ ᠨᠠᠮ ᠤᠨ ᠲᠥᠯᠥᠭᠡ ᠰᠠᠨᠠᠭᠠᠰᠢᠷᠠᠨ ᠨᠠᠮ ᠤᠨ ᠲᠥᠯᠥᠭᠡ ᠡᠭᠦᠷᠭᠡ ᠬᠠᠷᠢᠭᠤᠴᠠᠯᠭ᠎ᠠ ᠪᠠᠨ ᠭᠥᠢᠴᠡᠳᠭᠡᠭᠦ ᠶᠢ ᠥᠢᠯᠡᠳᠤᠯᠭᠡ ᠶᠢᠨ ᠳᠤᠮᠳᠠ ᠢᠯᠡᠷᠡᠭᠦᠯᠵᠦ ᠥᠢᠯᠡ ᠠᠵᠢᠯᠯᠠᠭ᠎ᠠ ᠲᠡᠭᠡᠷ᠎ᠡ ᠪᠠᠨ ᠨᠠᠶᠢᠳᠠᠪᠤᠷᠢᠵᠢᠭᠤᠯᠬᠤ ᠬᠡᠷᠡᠭᠲᠡᠶ᠃ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠶᠢ ᠪᠠᠷᠢᠮᠳᠠᠯᠠᠨ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ ᠪᠡᠶ᠎ᠡ ᠪᠠᠨ ᠴᠢᠩᠭ᠎ᠠ ᠵᠠᠰᠠᠨ ᠡᠷᠬᠡ ᠪᠠᠨ ᠴᠢᠩᠭ᠎ᠠ ᠭᠡᠷᠡᠭᠯᠠᠭᠦ ᠬᠡᠷᠡᠭᠲᠡᠶ᠃ ᠠᠷᠠᠳ ᠤᠨ ᠲᠥᠯᠥᠭᠡ ᠪᠣᠳᠠᠲᠤ ᠠᠵᠢᠯ ᠭᠢᠭᠦ ᠶᠢ ᠪᠠᠷᠢᠮᠳᠠᠯᠠᠨ ᠠᠷᠠᠳ ᠲᠦᠮᠡᠨ ᠢᠶᠠᠷ ᠭᠤᠤᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠤᠬᠠᠮᠰᠠᠷ ᠠᠴᠠ ᠪᠠᠨ ᠲᠤᠭᠤᠰᠢᠯᠠᠭᠤᠯᠵᠦ ᠪᠣᠳᠠᠲᠠᠶ ᠠᠵᠢᠯᠯᠠᠬᠤ ᠠᠵᠢᠯ ᠤᠨ ᠰᠤᠷᠲᠠᠯ ᠢ ᠪᠠᠳᠠᠷᠠᠭᠤᠯᠤᠨ ᠠᠵᠢᠯ ᠤᠨ ᠴᠢᠳᠠᠪᠤᠷᠢ ᠪᠠᠨ ᠲᠡᠭᠡᠭᠰᠢᠯᠡᠬᠦᠯᠦᠨ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠬᠦ᠂ ᠠᠷᠠᠳ ᠲᠦᠮᠡᠨ ᠳᠤ ᠥᠢᠯᠠᠴᠢᠯᠠᠭᠦ ᠶᠢ ᠢᠮᠠᠭᠲᠠ ᠦᠨᠳᠦᠰᠦᠨ ᠪᠠᠷᠢᠮᠵᠢᠶ᠎ᠠ ᠪᠠ ᠭᠥᠭᠡᠬᠡᠴᠡᠯᠳᠦᠯ ᠪᠤᠯᠭᠠᠬᠤ ᠭᠡᠷᠡᠭᠳᠠᠢ᠃ ᠨᠠᠮ ᠢ ᠴᠢᠩᠭ᠎ᠠ ᠵᠠᠰᠠᠬᠤ ᠶᠢ ᠴᠢᠩᠭᠠᠳᠬᠠᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠎ ᠶᠢᠨ ᠶᠡᠷᠦᠩᠬᠡᠶ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠬᠤᠶᠠᠷ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠦ ᠰᠤᠷᠭᠠᠨ ᠬᠥᠮᠦᠵᠢᠯ ᠤᠨ ᠬᠠᠮᠢᠶᠠᠷᠤᠯᠲᠠ ᠶᠢ ᠴᠢᠩᠭᠠᠳᠬᠠᠨ ᠲᠦᠷᠢᠮ ᠢ ᠲᠠᠭᠦᠯᠳᠡᠷᠵᠢᠭᠦᠯᠵᠦ ᠴᠢᠨᠠᠷ ᠰᠠᠶᠢᠲᠠᠶ ᠭᠥᠭᠵᠢᠯᠳᠠ ᠶᠢ ᠠᠬᠢᠭᠤᠯᠬᠤ᠂ ᠨᠤᠮᠢᠨ ᠲᠠᠩᠰᠤᠭ ᠭᠥᠭᠵᠢᠨ ᠮᠠᠨᠳᠤᠯᠳᠠ ᠶᠢ ᠪᠡᠶᠡᠯᠡᠭᠦᠯᠬᠦ ᠳᠤ ᠰᠠᠶᠢᠨ ᠰᠠᠶᠢᠬᠠᠨ ᠤᠯᠤᠰ ᠲᠥᠷᠥ ᠶᠢᠨ ᠣᠷᠴᠢᠨ ᠨᠦᠬᠦᠴᠡᠯ ᠪᠠ ᠬᠠᠲᠠᠭᠤ ᠴᠢᠩᠭ᠎ᠠ ᠰᠤᠷᠲᠠᠯ ᠤᠨ ᠪᠠᠲᠤᠯᠠᠭ᠎ᠠ ᠬᠠᠩᠭᠠᠬᠤ ᠭᠡᠷᠡᠭᠳᠠᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号