ᠡᠷᠳᠡᠨᠢᠪᠢᠯᠢᠭ ᠵᠣᠣ ᠹᠸᠢ ᠯᠦ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠲᠤᠬᠠᠶ ᠶᠢᠨ ᠲᠠᠯᠠᠪᠠᠶ ᠶᠢᠨ ᠳᠡᠩᠰᠡᠯᠡᠯᠲᠡ ᠳᠤ ᠣᠷᠣᠯᠴᠠᠪᠠ
ᠨᠡᠶᠢᠲᠡᠯᠡᠭᠰᠡᠨ ᠴᠠᠭ᠄
2020/11/9
     11 ᠰᠠᠷ᠎ᠠ ᠶᠢᠨ 5 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ ᠹᠸᠢ ᠯᠦ ᠡᠩ ᠤᠨ ᠠᠷᠠᠳ ᠢᠷᠭᠡᠨ ᠤ ᠬᠤᠪᠢ ᠪᠠᠷ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠲᠤᠬᠠᠶ ᠶᠢᠨ ᠲᠠᠯᠠᠪᠠᠶ ᠶᠢᠨ ᠳᠡᠩᠰᠡᠯᠡᠯᠲᠡ ᠳᠤ ᠣᠷᠣᠯᠴᠠᠪᠠ᠃      ᠳᠠᠩᠰᠠᠯᠠᠬᠤ ᠶᠠᠪᠤᠴᠠ ᠳᠤ ᠡᠷᠳᠡᠨᠢᠪᠢᠯᠢᠭ ᠳᠠᠩᠰᠠᠯᠠᠬᠤ ᠱᠠᠭᠠᠷᠳᠠᠯᠭ᠎ᠠ ᠶᠣᠰᠣᠭᠠᠷ ᠨᠡᠶᠢᠳᠡᠮ ᠪᠠᠶᠢᠴᠠᠭᠠᠭᠴᠢ ᠶᠢᠨ ᠯᠠᠪᠯᠠᠨ ᠠᠰᠠᠭᠤᠬᠤ ᠶᠢ ᠨᠠᠷᠢᠨ ᠬᠢᠨᠠᠮᠠᠭᠠᠶ ᠬᠦᠯᠢᠶᠡᠨ ᠠᠪᠴᠤ ᠵᠣᠷᠪᠣᠰ ᠳᠠᠷᠠᠭᠠᠯᠠᠨ ᠬᠠᠷᠢᠭᠤᠯᠵᠦ ᠳᠠᠩᠰᠠᠯᠠᠭᠤᠯᠤᠨ᠂ ᠮᠡᠳᠡᠭᠡ  ᠵᠠᠩᠭᠢ ᠶᠢ ᠨᠠᠷᠢᠨ ᠬᠢᠨᠠᠮᠠᠭᠠᠶ ᠬᠠᠷᠭᠤᠭᠤᠯᠵᠤ ᠦᠵᠡᠨ ᠭᠠᠷ ᠤᠨ ᠦᠰᠦᠭ ᠢᠶᠠᠨ ᠵᠢᠷᠤᠭᠰᠠᠨ ᠪᠠᠶᠢᠨ᠎ᠠ᠃
     ᠲᠤᠬᠠᠶ ᠶᠢᠨ ᠲᠠᠯᠠᠪᠠᠢ ᠶᠢᠨ ᠳᠠᠩᠰᠠᠯᠠᠯᠲᠠ ᠳᠠᠭᠤᠰᠤᠭᠰᠠᠨ ᠤ ᠳᠠᠷᠠᠭ᠎ᠠ ᠡᠷᠳᠡᠨᠢᠪᠢᠯᠢᠭ ᠨᠡᠶᠢᠳᠡᠮ ᠪᠠᠶᠢᠴᠠᠭᠠᠭᠴᠢ ᠨᠠᠷ ᠤᠨ ᠰᠢᠷᠭᠠᠭᠤ ᠠᠵᠢᠯᠯᠠᠵᠤ ᠪᠠᠶᠢᠭ᠎ᠠ ᠳᠤ ᠲᠠᠯᠠᠷᠬᠠᠯ ᠢᠶᠠᠨ ᠢᠯᠡᠳᠬᠡᠬᠦ ᠶᠢᠨ ᠬᠠᠮᠲᠤ ᠬᠤᠰᠢᠭᠤ ᠨᠠᠮ ᠤᠨ ᠬᠤᠷᠢᠶ᠎ᠠ ᠂ ᠵᠠᠰᠠᠭ ᠤᠨ ᠣᠷᠳᠣᠨ ᠤ ᠡᠮᠦᠨ᠎ᠡ ᠠᠴᠠ ᠪᠦᠬᠦ ᠬᠤᠰᠢᠭᠤᠨ ᠤ ᠨᠡᠶᠢᠳᠡᠮ ᠪᠠᠶᠢᠴᠠᠭᠠᠭᠴᠢ ᠨᠠᠷ ᠲᠤ ᠴᠢᠩ ᠰᠡᠳᠬᠢᠯ ᠤᠨ ᠮᠡᠨᠳᠦᠴᠢᠯᠡᠯ  ᠳᠡᠪᠰᠢᠭᠦᠯᠦᠭᠰᠡᠨ ᠪᠠᠶᠢᠨ᠎ᠠ᠃ ᠲᠡᠷᠡ ᠵᠢᠭᠠᠵᠤ ᠭᠠᠷᠭᠠᠭᠰᠠᠨ ᠨᠢ᠂ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠪᠣᠯ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠰᠢᠨ᠎ᠡ ᠴᠠᠭ ᠦᠶ᠎ᠡ᠂ ᠰᠢᠨ᠎ᠡ ᠬᠥᠭᠵᠢᠯᠲᠡ ᠶᠢᠨ ᠱᠠᠲᠤ ᠪᠠ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠠᠯᠠᠭᠦᠯᠭᠦ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠴᠢᠬᠤᠯᠠ ᠲᠡᠦᠬᠡᠨ ᠴᠠᠭ ᠦᠶ᠎ᠡ ᠪᠤᠯᠤᠨ ᠬᠥᠮᠦᠨ ᠠᠮᠠ ᠶᠢᠨ ᠬᠥᠭᠵᠢᠯᠲᠡ ᠨᠢ ᠪᠠᠭ᠎ᠠ ᠬᠡᠮᠵᠢᠶᠡᠨ ᠤ ᠨᠠᠰᠤᠵᠢᠯᠲᠠ ᠠᠴᠠ ᠳᠤᠮᠳᠠ ᠬᠡᠮᠵᠢᠶᠡᠨ ᠤ ᠨᠠᠰᠤᠵᠢᠯᠲᠠ ᠲᠡᠰᠢ ᠰᠢᠯᠵᠢᠭᠰᠡᠨ ᠵᠠᠩᠭᠢᠯᠠᠭ᠎ᠠ ᠶᠢᠨ ᠴᠠᠭ ᠦᠶ᠎ᠡ ᠳᠤ ᠥᠷᠨᠢᠭᠦᠯᠦᠭᠰᠡᠨ ᠨᠢᠭᠡ ᠤᠳᠠᠭᠠᠨ ᠤ ᠤᠯᠤᠰ  ᠤᠨ ᠪᠠᠶᠢᠳᠠᠯ ᠤᠯᠤᠰ ᠤᠨ ᠬᠦᠴᠦᠨ ᠤ ᠴᠢᠬᠤᠯᠠ ᠪᠠᠶᠢᠴᠠᠭᠠᠯᠲᠠ ᠪᠣᠯᠣᠨ᠎ᠠ᠃ ᠨᠡᠶᠢᠳᠡᠮ ᠪᠠᠶᠢᠴᠠᠭᠠᠯᠲᠠ ᠶᠢ ᠰᠠᠶᠢᠲᠤᠷ ᠥᠷᠨᠢᠭᠦᠯᠬᠦ ᠨᠢ ᠪᠦᠬᠦ ᠬᠤᠰᠢᠭᠤᠨ ᠤ ᠬᠥᠮᠦᠨ ᠠᠮᠠ ᠶᠢᠨ ᠪᠠᠶᠢᠳᠠᠯ ᠢ ᠤᠯᠠᠮ ᠨᠢᠭᠡ ᠠᠯᠬᠤᠮ ᠲᠣᠳᠣᠷᠬᠠᠶ ᠣᠶᠢᠯᠠᠭᠠᠬᠤ᠂ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠬᠦ ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ ᠨᠠᠶᠢᠷᠠᠭᠤᠯᠤᠨ ᠲᠣᠭᠲᠠᠭᠠᠬᠤ ᠵᠡᠷᠭᠡ ᠳᠤ ᠲᠤᠭ᠎ᠠ ᠪᠠᠷᠢᠮᠲᠠ ᠶᠢᠨ ᠦᠨᠳᠦᠰᠦᠯᠡᠯ ᠪᠣᠯᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠯᠠᠪᠯᠠᠯᠲᠠ ᠬᠠᠩᠭᠠᠵᠤ  ᠮᠠᠨ ᠤ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢ ᠲᠥᠰᠥᠪᠯᠡᠬᠦ ᠪᠠ ᠨᠤᠮᠢᠨ ᠲᠠᠩᠰᠤᠭ ᠭᠥᠭᠵᠢᠨ ᠮᠠᠨᠳᠤᠯᠳᠠ ᠶᠢ ᠪᠡᠶᠡᠯᠡᠭᠦᠯᠬᠦ ᠳᠤ ᠴᠢᠬᠤᠯᠠ ᠪᠣᠳᠠᠲᠤ ᠠᠴᠢ ᠬᠤᠯᠪᠣᠭᠳᠠᠯ ᠲᠠᠢ ᠶᠤᠮ ᠭᠡᠵᠡᠢ᠃      ᠡᠷᠳᠡᠨᠢᠪᠢᠯᠢᠭ ᠴᠢᠬᠤᠯᠠᠴᠢᠯᠠᠭᠰᠠᠨ ᠨᠢ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠬᠠᠷᠢᠭᠤᠴᠠᠯᠭ᠎ᠠ ᠪᠠᠨ ᠡᠷᠡᠰ ᠡᠭᠦᠷᠭᠡᠯᠡᠵᠦ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ ᠲᠥᠰᠦᠯ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢ ᠴᠢᠩᠭᠠᠳᠬᠠᠵᠤ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠡᠯ᠎ᠡ ᠵᠦᠢᠯ ᠤᠨ ᠠᠵᠢᠯ ᠢ ᠬᠦᠴᠦᠲᠡᠶ ᠪᠥᠭᠡᠳ ᠪᠦᠲᠦᠮᠵᠢᠲᠡᠶ ᠠᠬᠢᠭᠤᠯᠬᠤ ᠬᠡᠷᠡᠭᠲᠡᠢ᠃ ᠡᠯ᠎ᠡ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠪᠣᠯᠤᠨ ᠨᠡᠶᠢᠳᠡᠮ ᠪᠠᠶᠢᠴᠠᠭᠠᠯᠲᠠ ᠶᠢᠨ ᠠᠵᠢᠯᠲᠠᠳ ᠬᠠᠷᠢᠭᠤᠴᠠᠯᠭᠠᠲᠤ ᠰᠡᠳᠬᠢᠯᠭᠡ ᠪᠠᠨ ᠨᠡᠮᠡᠭᠳᠡᠭᠦᠯᠤᠨ  ᠠᠵᠢᠯ ᠤᠨ ᠵᠢᠷᠤᠮᠵᠢᠯ ᠪᠣᠯᠤᠨ ᠴᠠᠭ ᠬᠤᠭᠤᠴᠠᠭᠠᠨ ᠤ ᠱᠠᠭᠠᠷᠳᠠᠯᠭ᠎ᠠ ᠶᠢ ᠴᠢᠩᠭ᠎ᠠ ᠵᠢᠷᠤᠮᠯᠠᠵᠦ ᠡᠯ᠎ᠡ ᠵᠦᠢᠯ ᠤᠨ ᠠᠵᠢᠯ ᠢ ᠦᠨᠡᠨᠬᠦ ᠰᠠᠶᠢᠲᠤᠷ ᠬᠢᠵᠦ ᠰᠠᠭᠤᠭᠠᠯᠢ ᠠᠷᠠᠳ ᠲᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠴᠢᠬᠤᠯᠠ ᠠᠴᠢ  ᠬᠤᠯᠪᠣᠭᠳᠠᠯ ᠢ ᠤᠬᠠᠭᠤᠯᠤᠨ ᠣᠯᠠᠨ ᠢ ᠳᠠᠶᠢᠴᠢᠯᠠᠨ ᠪᠦᠬᠦ ᠬᠦᠴᠦᠨ ᠢᠶᠠᠷ ᠢᠶᠠᠨ ᠬᠠᠮᠵᠢᠯᠴᠠᠭᠤᠯᠬᠤ ᠬᠡᠷᠡᠭᠲᠡᠶ᠃ ᠨᠡᠶᠢᠳᠡᠮ ᠪᠠᠶᠢᠴᠠᠭᠠᠯᠲᠠ ᠶᠢᠨ ᠬᠤᠭᠤᠴᠠᠭᠠᠨ ᠳᠤ ᠠᠷᠠᠳ ᠢᠷᠭᠡᠨ ᠨᠢᠭᠡᠪᠦᠷᠢ ᠴᠥᠮ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠢᠳᠡᠪᠬᠢᠲᠡᠢ ᠳᠠᠮᠵᠢᠨ ᠨᠡᠶᠢᠳᠡᠮ ᠪᠠᠶᠢᠴᠠᠭᠠᠯᠲᠠ ᠶᠢᠨ ᠡᠭᠦᠷᠭᠡ ᠪᠠᠨ ᠬᠠᠤᠯᠢ ᠶᠣᠰᠣᠭᠠᠷ ᠭᠦᠢᠴᠡᠳᠬᠡᠵᠦ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠬᠠᠮᠢᠶ᠎ᠠ ᠪᠦᠬᠦᠢ ᠮᠡᠳᠡᠭᠡ ᠵᠠᠩᠭᠢ ᠶᠢ ᠦᠨᠡᠨ ᠪᠤᠲᠠᠲᠠᠢ ᠪᠠᠷ ᠬᠠᠩᠭᠠᠨ ᠨᠡᠶᠢᠳᠡᠮ ᠪᠠᠶᠢᠴᠠᠭᠠᠯᠲᠠ ᠶᠢᠨ ᠳᠠᠩᠰᠠᠯᠠᠯᠲᠠ ᠶᠢᠨ ᠲᠤᠭ᠎ᠠ ᠪᠠᠷᠢᠮᠲᠠ ᠶᠢᠨ ᠣᠨᠣᠪᠴᠢᠲᠠᠶ᠂ ᠪᠥᠬᠦ ᠲᠠᠯ᠎ᠠ ᠶᠢᠨ᠂ ᠦᠨᠡᠨ ᠪᠣᠳᠠᠲᠠᠶ᠂ ᠨᠠᠶᠢᠳᠠᠪᠤᠷᠢᠲᠠᠶ ᠪᠠᠶᠢᠬᠤ ᠶᠢ ᠪᠠᠲᠤᠯᠠᠵᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠪᠦᠬᠦ ᠲᠠᠯ᠎ᠠ ᠶᠢᠨ ᠢᠯᠠᠯᠲᠠ ᠳᠤ ᠥᠪᠡᠷ ᠤᠨ ᠨᠢᠭᠡ ᠬᠤᠪᠢ ᠬᠦᠴᠦᠨ ᠢᠶᠠᠨ ᠡᠷᠭᠦᠬᠦ ᠬᠡᠷᠡᠭᠲᠡᠶ ᠬᠡᠰᠡᠨ ᠪᠠᠶᠢᠨ᠎ᠠ᠃
      ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ ᠹᠸᠢ ᠯᠦ ᠠᠯᠪᠠᠨ ᠭᠡᠷ ᠲᠤ ᠪᠠᠨ ᠨᠡᠶᠢᠳᠡᠮ ᠪᠠᠶᠢᠴᠠᠭᠠᠭᠴᠢ ᠶᠢᠨ ᠬᠠᠮᠢᠶ᠎ᠠ ᠪᠥᠬᠦᠶ ᠠᠰᠠᠭᠤᠯᠲᠠ ᠶᠢ ᠨᠠᠷᠢᠨ ᠬᠢᠨᠠᠮᠠᠭᠠᠶ ᠬᠠᠷᠢᠭᠤᠯᠵᠤ ᠨᠡᠶᠢᠳᠡᠮ ᠪᠠᠶᠢᠴᠠᠭᠠᠯᠲᠠ ᠶᠢᠨ ᠳᠡᠩᠰᠡᠯᠡᠯᠲᠡ ᠶᠢ ᠬᠢᠭᠰᠡᠨ ᠪᠠᠶᠢᠨ᠎ᠠ᠃ ᠲᠡᠷᠡ ᠨᠡᠶᠢᠲᠡᠮ ᠪᠠᠶᠢᠴᠠᠭᠠᠭᠴᠢ ᠠᠴᠠ ᠨᠡᠶᠢᠳᠡᠮ ᠪᠠᠶᠢᠴᠠᠭᠠᠯᠲᠠ ᠶᠢᠨ ᠶᠠᠪᠤᠴᠠ᠂ ᠨᠡᠶᠢᠳᠡᠮ ᠪᠠᠶᠢᠴᠠᠭᠠᠯᠲᠠ ᠶᠢᠨ ᠶᠠᠪᠤᠴᠠ ᠳᠠᠬᠢ ᠬᠦᠴᠢᠷᠳᠡᠯ ᠵᠡᠷᠭᠡ ᠪᠠᠶᠢᠳᠠᠯ ᠢ ᠨᠠᠷᠢᠨ ᠣᠶᠢᠯᠠᠭᠠᠵᠤ ᠥᠷᠭᠡᠨ ᠤᠯᠠᠨ ᠨᠡᠶᠢᠳᠡᠮ ᠪᠠᠶᠢᠴᠠᠭᠠᠭᠴᠢ ᠳᠤ ᠲᠠᠯᠠᠷᠬᠠᠵᠤ ᠪᠠᠶᠢᠬᠤ ᠪᠠᠨ ᠢᠯᠡᠳᠬᠡᠭᠰᠡᠨ ᠪᠠᠶᠢᠨ᠎ᠠ᠃ ᠵᠤᠤ ᠹᠸᠢ ᠯᠦ ᠬᠡᠯᠡᠬᠦ ᠳᠡᠭᠡᠨ᠂ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠨᠢ ᠴᠢᠬᠤᠯᠠ ᠶᠡᠭᠡ ᠠᠴᠢ ᠬᠤᠯᠪᠣᠭᠳᠠᠯ ᠲᠠᠢ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ᠨᠡᠶᠢᠳᠡᠮ ᠪᠠᠶᠢᠴᠠᠭᠠᠯᠲᠠ ᠶᠢᠨ ᠳᠠᠩᠰᠠᠯᠠᠯ ᠢ ᠪᠦᠬᠦ ᠬᠦᠴᠦᠨ ᠢᠶᠠᠷ ᠢᠶᠠᠨ ᠳᠠᠮᠵᠢᠵᠤ ᠨᠡᠶᠢᠳᠡᠮ ᠪᠠᠶᠢᠴᠠᠭᠠᠯᠲᠠ ᠳᠤ ᠢᠳᠡᠪᠬᠢᠲᠡᠢ ᠨᠥᠬᠦᠴᠡᠯ ᠬᠠᠩᠭᠠᠬᠤ ᠬᠡᠷᠡᠭᠲᠡᠶ᠃ ᠨᠡᠶᠢᠳᠡᠮ ᠪᠠᠶᠢᠴᠠᠭᠠᠭᠴᠢ ᠰᠤᠷᠤᠯᠴᠠᠯᠭ᠎ᠠ ᠪᠠᠨ ᠴᠢᠩᠭᠠᠳᠬᠠᠵᠤ ᠲᠤᠬᠠᠶᠢᠯᠠᠭᠰᠠᠨ ᠬᠢᠷᠢ ᠲᠦᠪᠰᠢᠨ ᠢᠶᠠᠨ ᠳᠡᠭᠡᠭᠰᠢᠯᠡᠭᠦᠯᠦᠨ ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠢ ᠰᠠᠶᠢᠲᠤᠷ ᠬᠡᠷᠡᠭᠯᠡᠵᠦ ᠨᠡᠶᠢᠳᠡᠮ ᠪᠠᠶᠢᠴᠠᠭᠠᠯᠲᠠ ᠶᠢᠨ ᠣᠨᠣᠪᠴᠢᠲᠠᠶ᠂ ᠪᠦᠬᠦ ᠲᠠᠯ᠎ᠠ ᠶᠢᠨ ᠲᠤᠭ᠎ᠠ ᠪᠠᠷᠢᠮᠲᠠ ᠶᠢ ᠴᠠᠭ ᠲᠤᠬᠠᠶ ᠳᠤᠨᠢ ᠣᠯᠬᠤ ᠬᠡᠷᠡᠭᠲᠡᠶ ᠬᠡᠰᠡᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号