ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠬᠤᠷᠠᠯ ᠵᠢᠴᠢ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/11/9
    11 ᠰᠠᠷ᠎ᠠ ᠶᠢᠨ 4 ᠤ ᠡᠳᠦᠷ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠬᠤᠷᠠᠯ ᠵᠢᠴᠢ  ᠥᠭᠡᠷᠡᠴᠢᠯᠠᠯᠳᠠ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠬᠤᠷᠠᠯ ᠬᠤᠷᠠᠯᠳᠤᠪᠠ᠃ ᠬᠤᠰᠢᠭᠤ ᠨᠠᠮ ᠤᠨ ᠬᠤᠷᠢᠶᠠᠨ‌‍ᠤ ᠱᠦᠵᠢ ᠡᠷᠳᠡᠨᠢᠪᠢᠯᠢᠭ ᠬᠤᠷᠠᠯ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠠᠮᠠᠠᠳᠤᠬᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠤᠤ ᠸᠧᠶ ᠵᠡᠷᠭᠡ ᠰᠢᠶᠠᠨ ᠤ ᠲᠠᠰ ᠤᠨ ᠤᠳᠤᠷᠢᠳᠤᠯᠭ᠎ᠠ ᠪᠤᠯᠤᠨ ᠡᠯ᠎ᠡ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠤᠷᠤᠯᠴᠠᠭᠰᠠᠨ ᠪᠠᠶᠢᠨ᠎ᠠ᠃
    ᠬᠤᠷᠠᠯ ᠠᠴᠠ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ  ᠵᠤᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠨᠡᠶᠢᠲᠡᠯᠡᠭᠰᠡᠨ ᠴᠢᠬᠤᠯᠠ ᠵᠣᠬᠢᠶᠠᠯ ᠪᠠ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠤᠨ ᠮᠠᠨ ᠤ ᠬᠤᠰᠢᠭᠤᠨ ᠳᠤ ᠪᠠᠶᠢᠴᠠᠭᠠᠨ ᠰᠤᠳᠤᠯᠤᠯᠲᠠ ᠭᠢᠭᠰᠡᠨ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ ᠨᠠᠮ ᠤᠨ ᠪᠠᠶᠢᠭᠤᠯᠤᠯᠲᠠ᠂ ᠦᠵᠡᠯ ᠤᠬᠠᠮᠰᠠᠷ ᠤᠨ ᠬᠡᠯᠪᠡᠷᠢ ᠵᠡᠷᠭᠡ ᠬᠦᠷᠢᠶᠡᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠨ ᠥᠭᠡᠷᠡᠴᠢᠯᠡᠯᠲᠡ ᠳᠤ ᠬᠤᠯᠪᠣᠭᠳᠠᠭᠰᠠᠨ ᠬᠦᠷᠢᠶ᠎ᠡ ᠴᠠᠷᠠᠭᠠᠨ ᠤ ᠠᠷᠭ᠎ᠠ ᠲᠥᠰᠦᠯ ᠢ ᠬᠢᠨᠠᠨ ᠶᠠᠷᠢᠯᠴᠠᠪᠠ᠃      ᠡᠷᠳᠡᠨᠢᠪᠢᠯᠢᠭ ᠵᠢᠭᠠᠵᠤ ᠭᠠᠷᠭᠠᠭᠰᠠᠨ ᠨᠢ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠪᠣᠯ ︽ᠬᠤᠤᠰ ᠵᠠᠭᠤᠨ ᠵᠢᠯ︾ ᠤᠨ ᠲᠡᠮᠡᠴᠡᠯ ᠤᠨ ᠬᠠᠷᠠᠯᠲᠠ ᠶᠢᠨ ᠲᠡᠤᠬᠡᠲᠦ ᠴᠢᠨᠠᠷᠲᠠᠶ ᠰᠣᠯᠪᠢᠴᠠᠯ ᠤᠨ ᠵᠠᠩᠭᠢᠯᠠᠭ᠎ᠠ ᠶᠢᠨ ᠦᠶ᠎ᠡ ᠳᠤ ᠬᠤᠷᠠᠯᠳᠤᠭᠤᠯᠤᠭᠰᠠᠨ ᠨᠢᠭᠡ ᠤᠳᠠᠭᠠᠨ ᠤ ᠴᠢᠬᠤᠯᠠ ᠬᠤᠷᠠᠯ ᠮᠥᠨ᠂ ᠲᠡᠷᠡ ᠨᠢ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠬᠦᠯᠬᠡ ᠶᠢᠨ ᠬᠥᠭᠵᠢᠯᠲᠡ ᠶᠢᠨ ᠵᠢᠷᠤᠭ ᠲᠥᠯᠥᠪᠯᠡᠭᠡ ᠪᠠ 2035 ᠣᠨ ᠤ ᠠᠯᠤᠰ ᠤᠨ ᠬᠠᠷᠠᠯᠲᠠ ᠶᠢ ᠵᠢᠷᠤᠭᠯᠠᠭᠰᠠᠨ ᠶᠤᠮ᠃ ᠪᠦᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠠᠵᠢᠯ ᠢ ᠡᠷᠴᠢᠮᠳᠡᠢ ᠦᠷᠨᠢᠬᠦᠯᠵᠦ ᠪᠥᠬᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠨ ᠪᠥᠬᠦᠳᠡ ᠬᠤᠷᠠᠯ ᠤᠨ ᠵᠣᠷᠢᠭ ᠰᠠᠨᠠᠭᠠᠨ ᠤ ᠮᠥᠨ ᠴᠢᠨᠠᠷ ᠪᠠ ᠪᠠᠶᠠᠯᠢᠭ ᠠᠭᠤᠯᠤᠭᠳᠠᠬᠤᠨ ᠢ ᠣᠨᠣᠪᠴᠢᠲᠠᠶ ᠡᠵᠡᠮᠰᠢᠵᠦ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠭᠡᠷᠡᠭᠳᠠᠢ᠃ ᠪᠦᠬᠦ ᠬᠤᠰᠢᠭᠤᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠥᠨᠳᠥᠷ ᠪᠠᠷᠢᠮᠵᠢᠶ᠎ᠠ ᠥᠨᠳᠥᠷ ᠶᠠᠰᠤ ᠴᠢᠨᠠᠷ ᠢᠶᠠᠷ ᠨᠠᠶᠢᠷᠠᠭᠤᠯᠤᠨ ᠲᠤᠭᠲᠠᠭᠠᠵᠦ ᠰᠢᠨ᠎ᠡ ᠬᠥᠭᠵᠢᠯᠲᠡ ᠶᠢᠨ ᠱᠠᠲᠤ ᠦᠶ᠎ᠡ ᠶᠢ ᠣᠨᠣᠪᠴᠢᠲᠠᠶ ᠡᠵᠡᠮᠰᠢᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠶ   ᠲᠤᠭᠤᠰᠢᠯᠠᠭᠤᠯᠵᠦ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠤᠨ ᠪᠣᠬᠢᠷᠲᠤᠯ ᠦᠭᠡᠶ ᠬᠥᠭᠵᠢᠯᠲᠡ᠂ ᠰᠢᠨ᠎ᠡ ᠶᠢ ᠡᠭᠦᠳᠬᠦ ᠬᠥᠭᠵᠢᠯᠲᠡ᠂ ᠴᠢᠨᠠᠷ ᠰᠠᠶᠢᠲᠠᠶ ᠬᠥᠭᠵᠢᠯᠲᠡ ᠶᠢ ᠠᠭᠢᠭᠤᠯᠤᠨ ᠨᠤᠮᠢᠨ ᠲᠠᠩᠰᠤᠭ ᠭᠥᠭᠵᠢᠨ ᠮᠠᠨᠳᠤᠯᠳᠠ ᠶᠢ ᠪᠠᠶᠠᠯᠠᠭᠦᠯᠭᠦ ᠭᠡᠷᠡᠭᠳᠠᠢ ᠭᠡᠵᠡᠢ᠃
     ᠡᠷᠳᠡᠨᠢᠪᠢᠯᠢᠭ ᠴᠢᠬᠤᠯᠠᠴᠢᠯᠠᠭᠰᠠᠨ ᠨᠢ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠱᠠᠲᠤ ᠦᠶ᠎ᠡ ᠶᠢᠨ ᠴᠢᠨᠠᠷᠲᠠᠶ ᠰᠢᠨ᠎ᠡ ᠣᠨᠴᠠᠯᠢᠭ᠂ ᠰᠢᠨ᠎ᠡ ᠡᠭᠦᠷᠭᠡ ᠶᠢ ᠭᠦᠨᠵᠡᠭᠡᠶ ᠲᠠᠨᠢᠵᠤ ᠬᠠᠷᠢᠭᠤᠴᠠᠯᠭ᠎ᠠ᠂ ᠬᠠᠷᠠᠯᠲᠠ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠳᠠᠯᠠᠨ ᠥᠭᠡᠷᠡᠴᠢᠯᠡᠯᠲᠡ ᠳᠤ ᠲᠦᠰᠢᠭᠯᠡᠨ ᠬᠤᠪᠢᠷᠠᠯᠲᠠ ᠶᠢ ᠰᠢᠢᠳᠪᠤᠷᠢᠯᠡᠵᠦ ᠰᠢᠨ᠎ᠡ ᠪᠠᠶᠢᠳᠠᠯ ᠢ ᠨᠡᠭᠡᠭᠡᠨ ᠶᠡᠭᠡ ᠲᠠᠯ᠎ᠠ ᠳᠤ ᠥᠢᠯᠠᠴᠢᠯᠠᠭᠦ ᠭᠡᠷᠡᠭᠳᠠᠢ︔ ᠥᠭᠡᠷᠡᠴᠢᠯᠡᠯᠲᠡ ᠶᠢᠨ ᠰᠢᠪᠲᠤᠯᠤᠯᠲᠠ ᠶᠢᠨ ᠨᠡᠶᠢᠯᠡᠮᠡᠯ ᠬᠦᠴᠦᠨ ᠢ ᠨᠢᠭᠲᠠᠷᠠᠭᠤᠯᠵᠤ ᠥᠭᠡᠷᠡᠴᠢᠯᠡᠯᠲᠡ ᠪᠠ ᠬᠥᠭᠵᠢᠯᠲᠡ ᠶᠢᠨ ᠭᠦᠨᠵᠡᠭᠡᠢ ᠠᠭᠤᠰᠤᠯᠴᠠᠬᠤ᠂ ᠥᠨᠳᠥᠷ ᠪᠦᠲᠦᠮᠵᠢᠲᠡᠢ ᠬᠤᠯᠪᠣᠭᠠᠯᠠᠨ ᠬᠥᠳᠡᠯᠦᠯᠴᠡᠬᠦ ᠶᠢ ᠠᠭᠢᠭᠤᠯᠬᠤ ᠭᠡᠷᠡᠭᠳᠠᠢ᠃ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠲᠡᠮᠡᠴᠡᠯ ᠤᠨ ᠠᠵᠢᠯ ᠢ ᠦᠷᠭᠦᠯᠵᠢᠯᠡᠨ ᠠᠳᠬᠤᠵᠤ ᠤᠯᠤᠰ ᠲᠥᠷᠥ ᠶᠢᠨ ᠬᠠᠷᠢᠭᠤᠴᠠᠯᠭ᠎ᠠ ᠶᠢ ᠴᠢᠩᠭᠠᠳᠬᠠᠨ ᠤᠯᠠᠨ ᠲᠦᠮᠡᠨ ᠤ ᠳᠡᠷᠭᠡᠳᠡᠬᠢ ᠢᠯᠵᠢᠷᠡᠯ ᠪᠣᠯᠤᠨ ᠰᠤᠷᠲᠠᠯ ᠤᠨ ᠠᠰᠠᠭᠤᠳᠠᠯ ᠢ ᠵᠠᠰᠠᠵᠤ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠪᠤᠢ ᠪᠤᠯᠭᠠᠬᠤ ᠭᠡᠷᠡᠭᠳᠠᠢ᠃ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠶ ᠱᠠᠭᠠᠷᠳᠠᠯᠭ᠎ᠠ ᠪᠠ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ ᠡᠯ᠎ᠡ ᠬᠦᠷᠢᠶᠡᠨ ᠤ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ ᠺᠠᠳ᠋ᠷ ᠤᠨ ᠡᠩᠨᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠪᠠ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠪᠠᠳᠠᠷᠠᠭᠤᠯᠬᠤ ᠭᠡᠷᠡᠭᠳᠠᠢ᠃ ᠰᠤᠷᠲᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠪᠠ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠠᠵᠢᠯ ᠢ ᠰᠠᠶᠢᠲᠤᠷ ᠬᠢᠵᠦ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠦᠢᠯᠡᠳᠦᠯᠭᠡᠵᠢᠭᠦᠯᠤᠨ ᠮᠠᠨ ᠤ ᠬᠤᠰᠢᠭᠤᠨ ᠤ ᠴᠢᠨᠡᠭᠡᠯᠢᠭ ᠨᠡᠶᠢᠭᠡᠮ ᠢ ᠪᠥᠭᠦ ᠲᠠᠯ᠎ᠠ ᠪᠠᠷ ᠪᠠᠶᠠᠯᠠᠭᠦᠯᠭᠦ᠂ ᠣᠳᠣᠬᠢᠴᠢᠯᠠᠯᠲᠠ ᠶᠢᠨ ᠰᠢᠨ᠎ᠡ ᠠᠶᠠᠨ ᠢ ᠡᠬᠢᠯᠡᠭᠦᠯᠬᠦ ᠳᠤ ᠬᠦᠴᠦᠷᠬᠡᠭ ᠶᠡᠭᠡ ᠢᠳᠡᠪᠬᠢ ᠬᠦᠴᠦᠨ ᠢ ᠬᠤᠷᠠᠮᠳᠤᠭᠤᠯᠬᠤ ᠭᠡᠷᠡᠭᠳᠠᠢ ᠭᠡᠵᠡᠢ᠃       ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号