ᠬᠦᠬᠡᠮᠳᠦᠭ ᠨᠤᠭᠤᠭᠠᠨ ᠠᠭᠤᠯᠠ ᠤᠰᠤ ᠪᠤᠯ ᠠᠯᠳᠠ ᠮᠦᠡᠭᠭᠦᠨ ᠠᠭᠤᠯᠠ ᠮᠦᠨ᠃ ᠦᠶ᠎ᠡ ᠶᠢᠨ ᠦᠶ᠎ᠡ ᠶᠢᠨ ᠦᠤᠰᠢᠨᠴᠤᠳ ᠮᠤᠤᠠᠤᠰᠤᠶᠢᠨ ᠡᠯᠡᠰᠦᠷᠭᠡᠭ | ᠭᠠᠵᠠᠷ ᠲᠤ ᠦᠶ᠎ᠡ ᠶᠢᠨ ᠦᠶ᠎ᠡ ᠳᠤ ᠲᠠᠭᠤᠷᠢᠰᠬᠤ ︽ᠨᠤᠮᠢᠨ ᠨᠤᠭᠤᠭᠠᠨ ᠭᠠᠶᠢᠬᠠᠮᠰᠢᠭ︾ ᠢ ᠡᠭᠦᠳᠦᠭᠰᠡᠨ ᠲᠡᠳᠦᠢ ᠦᠭᠡᠢ ᠠᠮᠢ ᠠᠬᠤᠢ ᠶᠢ ᠤᠷᠢᠳ ᠢᠶᠠᠷ | ᠪᠤᠳᠤᠯᠬᠢᠯᠠᠭᠰᠠᠨ ᠴᠢᠨᠠᠷ ᠰᠠᠶᠢᠳᠠᠢ ᠬᠦᠭᠵᠢᠯᠳᠡ ᠶᠢᠨ ᠰᠢᠨ᠎ᠡ ᠵᠠᠮ ᠢᠶᠠᠷ ᠵᠠᠮᠨᠠᠨ᠂ ᠬᠦᠳᠡᠭᠡ ᠲᠤᠰᠬᠤᠨ ᠤ ᠵᠤᠭᠠᠴᠠᠯ ᠢ ᠶᠡᠭᠡ ᠪᠠᠷ ᠬᠦᠭᠵᠢᠬᠦᠯᠵᠤ᠂ ︽ | ᠲᠡᠯᠡᠭᠡᠢ ᠶᠢᠨ ᠵᠤᠭᠠᠴᠠᠯ ᠤᠨ ᠬᠤᠯᠪᠤᠭᠠᠨ ᠤ ᠵᠤᠭᠠᠴᠠᠯ ᠢᠶᠠᠷ ᠶᠠᠳᠠᠭᠤ ᠬᠦᠴᠢᠷᠳᠡᠯᠳᠡᠢ ᠬᠦᠮᠦᠨ ᠠᠮᠠ ᠶᠢ ᠴᠦᠭᠡᠳᠭᠡᠭᠰᠡᠨ 100 ᠦᠯᠢᠭᠡᠷ ᠵᠢᠱᠢᠶ᠎ᠡ︾ ᠳᠤ | ᠵᠢᠭᠰᠠᠭᠠᠭᠳᠠᠵᠤ᠂ ᠵᠤᠭᠠᠴᠠᠯ ᠢᠶᠠᠷ ᠶᠠᠳᠠᠭᠤ ᠬᠦᠴᠢᠷᠳᠡᠯᠳᠡᠢ ᠬᠦᠮᠦᠨ ᠠᠮᠠ ᠶᠢ ᠴᠦᠭᠡᠳᠭᠡᠭᠰᠡᠨ ᠲᠡᠯᠡᠭᠡᠢ ᠶᠢᠨ ᠦᠯᠢᠭᠡᠷ ᠵᠢᠱᠢᠶ᠎ᠡ ᠪᠤᠯᠪᠠ᠃ | ᠦᠤᠰᠢᠨ ᠬᠤᠰᠢᠭᠤ ᠮᠤᠤᠠᠤᠰᠤ ᠶᠢᠨ ᠡᠯᠡᠰᠦᠷᠭᠡᠭ ᠭᠠᠵᠠᠷ ᠤᠨ ᠬᠡᠪᠡᠯᠢ ᠳᠤ ᠪᠠᠶᠢᠷᠢᠯᠠᠵᠤ ᠭᠤᠷᠪᠠᠨ ᠲᠠᠯ᠎ᠠ ᠪᠠᠷ ᠢᠶᠠᠨ ᠬᠠᠳᠤᠨ ᠭᠤᠤᠯ ᠳᠤ ᠬᠦᠷᠢᠶᠡᠯᠡᠭᠳᠡᠨ | ᠂ ᠪᠠᠶᠢᠭᠠᠯᠢ ᠶᠢᠨ ᠠᠮᠢ ᠠᠬᠤᠢ᠂ ᠲᠡᠤᠭᠡ ᠰᠤᠶᠤᠯ᠂ ᠦᠨᠳᠦᠰᠦᠳᠡᠨ ᠤ ᠵᠠᠩ ᠦᠢᠯᠡ ᠪᠠ ᠬᠤᠪᠢᠰᠬᠠᠯᠳᠤ ᠰᠤᠶᠤᠯ ᠤᠨ ᠡᠬᠢ ᠪᠠᠶᠠᠯᠢᠭ ᠢ ᠴᠤᠭᠴᠠᠵᠢᠭᠤᠯᠤᠭᠰᠠᠨ | ᠵᠤᠭᠠᠴᠠᠯ ᠤᠨ ᠤᠷᠤᠨ ᠪᠤᠯᠤᠨ᠎ᠠ᠃ ᠤᠢᠢᠷ᠎ᠠ ᠶᠢᠨ ᠵᠢᠯ ᠠᠴᠠ ᠨᠠᠭᠠᠰᠢ ᠲᠤᠰ ᠬᠤᠰᠢᠭᠤ ᠵᠤᠭᠠᠴᠠᠯ ᠤᠨ ᠦᠢᠯᠡᠰ ᠢ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ | ᠰᠢᠪᠳᠤᠯᠬᠤ ᠪᠠ ᠬᠦᠳᠡᠭᠡ ᠲᠤᠰᠬᠤᠨ ᠢ ᠬᠦᠭᠵᠢᠬᠦᠯᠬᠦ ᠲᠠᠢ ᠤᠶᠠᠯᠳᠤᠭᠤᠯᠤᠨ ᠬᠦᠳᠡᠭᠡ ᠲᠤᠰᠬᠤᠨ ᠤ ᠵᠤᠭᠠᠴᠠᠯ ᠢ ᠶᠡᠭᠡ ᠪᠠᠷ ᠬᠦᠭᠵᠢᠬᠦᠯᠵᠤ᠂ ᠰᠢᠷᠬᠤᠰᠤᠨ | ᠲᠤᠰᠬᠤᠨ᠂ ᠪᠠᠳᠤ ᠶᠢᠨ ᠲᠤᠬᠤᠢ ᠲᠤᠰᠬᠤᠨ ᠵᠡᠷᠭᠡ 14 ᠭᠠᠴᠠᠭ᠎ᠠ ᠲᠤᠰᠬᠤᠨ ᠢ ᠪᠦᠬᠦᠯᠢ ᠴᠤᠭᠴᠠ ᠪᠠᠷ ᠨᠢ ᠠᠬᠢᠭᠤᠯᠵᠤ ᠬᠦᠳᠡᠭᠡ ᠲᠤᠰᠬᠤᠨ ᠤ | ᠵᠤᠭᠠᠴᠠᠯ ᠤᠨ ᠦᠯᠢᠭᠡᠷ ᠵᠢᠱᠢᠶ᠎ᠡ ᠶᠢ ᠱᠤᠭᠤᠵᠠᠢ᠃ ᠠᠮᠢ ᠠᠬᠤᠢ ᠦᠡᠭᠭᠡ ᠦᠵᠡᠮᠵᠢ᠂ ᠰᠠᠭᠤᠷᠢ ᠲᠦᠭᠦᠭᠡᠷᠦᠮᠵᠢ᠂ ᠬᠦᠮᠦᠨ ᠰᠤᠶᠤᠯ ᠤᠨ ᠲᠠᠪᠠᠭᠤᠯᠢᠭ | ᠪᠦᠷᠢᠯᠳᠦᠵᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠳᠦᠭᠡᠭᠳᠡᠬᠦᠨ ᠨᠢ ᠵᠤᠭᠠᠴᠠᠯ ᠤᠨ ᠪᠦᠳᠦᠭᠡᠭᠳᠡᠬᠦᠨ ᠪᠤᠯᠵᠤ᠂ ᠮᠠᠯᠴᠢᠨ ᠲᠠᠷᠢᠶᠠᠴᠢᠳ ᠵᠤᠭᠠᠴᠠᠯ ᠤᠨ | ᠦᠢᠯᠡᠰ ᠤᠨ ᠪᠦᠳᠦᠭᠡᠨ ᠪᠠᠶᠢᠭᠤᠯᠤᠭᠴᠢ ᠪᠠ ᠡᠵᠡᠩᠨᠡᠭᠴᠢ᠂ ᠠᠰᠢᠭ ᠬᠦᠷᠳᠡᠭᠴᠢ ᠪᠤᠯᠤᠯ᠎ᠠ᠃ ᠤᠳᠤ ᠪᠦᠬᠦ ᠬᠤᠰᠢᠭᠤᠨ ᠳᠤ ᠡᠯ᠎ᠡ ᠲᠦᠷᠦᠯ ᠤᠨ ᠦᠵᠡᠮᠵᠢ ᠶᠢᠨ | ᠤᠷᠤᠨ 23᠂ ᠮᠠᠯᠴᠢᠨ ᠲᠠᠷᠢᠶᠠᠴᠢᠨ ᠠᠶᠢᠯ ᠤᠨ ᠵᠤᠭᠠᠴᠠᠯ ᠤᠨ ᠭᠠᠵᠠᠷ 120 ᠭᠠᠷᠤᠢ ᠪᠤᠯᠤᠭᠰᠠᠨ ᠪᠠᠶᠢᠨ᠎ᠠ᠃ ᠰᠢᠷᠬᠤᠰᠤᠨ ᠪᠠᠯᠭᠠᠰᠤ ᠶᠢᠨ ᠰᠢᠷᠬᠤᠰᠤᠨ | ᠲᠤᠰᠬᠤᠨ ᠢᠶᠠᠷ ᠬᠠᠳᠤᠨ ᠭᠤᠤᠯ ᠤᠨ ᠨᠢᠭᠡᠳᠦᠭᠡᠷ ᠰᠠᠯᠪᠤᠷᠢ ᠤᠷᠤᠰᠬᠠᠯ ᠪᠤᠯᠬᠤ ᠰᠢᠷᠬᠤᠰᠤᠨ ᠭᠤᠤᠯ ᠰᠤᠨᠳᠠᠯᠠᠵᠤ᠂ ᠡᠯᠡᠰᠦᠨ ᠲᠠᠩ ᠪᠠ ᠭᠤᠤᠯ ᠤᠨ | ᠲᠤᠬᠤᠢ ᠲᠠᠢ᠂ ᠲᠠᠷᠢᠶᠠᠯᠠᠬᠤ ᠰᠤᠶᠤᠯ ᠪᠠ ᠲᠠᠯ᠎ᠠ ᠨᠤᠳᠤᠭ ᠤᠨ ᠰᠤᠶᠤᠯ ᠠᠭᠤᠰᠤᠯᠴᠠᠭᠰᠠᠨ ᠭᠠᠵᠠᠷ ᠪᠤᠯᠤᠨ᠎ᠠ᠃ ᠲᠤᠰ ᠲᠤᠰᠬᠤᠨ ᠮᠠᠯᠴᠢᠨ ᠲᠠᠷᠢᠶᠠᠴᠢᠨ ᠤ | ᠲᠠᠷᠠᠬᠠᠢ ᠪᠤᠳᠠᠷᠬᠠᠢ ᠭᠠᠵᠠᠷ ᠨᠤᠳᠤᠭ ᠢ ᠨᠡᠶᠢᠳᠭᠡᠨ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠳᠦᠭᠡᠭᠳᠡᠬᠦᠨ ᠢ ᠦᠢᠯᠡᠳᠪᠤᠷᠢᠯᠡᠵᠤ ᠪᠤᠯᠪᠠᠰᠤᠷᠠᠭᠤᠯᠬᠤ | ᠲᠤᠭᠤᠷᠢᠭ᠂ ᠲᠠᠷᠢᠶᠠᠯᠠᠬᠤ ᠠᠮᠢᠳᠤᠷᠠᠯ ᠢ ᠪᠡᠶᠡᠳᠡᠨ ᠤᠢᠢᠯᠠᠭᠠᠬᠤ ᠪᠦᠰᠡ᠂ ᠵᠤᠭᠠᠴᠠᠨ ᠲᠤᠭᠤᠷᠢᠬᠤ ᠪᠦᠰᠡ᠂ ᠠᠮᠢ ᠠᠬᠤᠢ ᠶᠢᠨ ᠬᠠᠮᠠᠭᠠᠯᠠᠯᠳᠠ ᠶᠢᠨ ᠪᠦᠰᠡ᠂ | ᠡᠯᠡᠰᠦᠨ ᠴᠦᠯ ᠤᠨ ᠲᠤᠳᠤᠷᠭ᠎ᠠ ᠶᠢᠨ ᠬᠦᠷᠢᠶᠡᠯᠡᠩ᠂ ᠡᠯᠡᠰᠦᠷᠭᠡᠭ ᠭᠠᠵᠠᠷ ᠤᠨ ᠦᠵᠦᠮ ᠤᠨ ᠬᠦᠷᠢᠶᠡᠯᠡᠩ᠂ ᠬᠤᠸᠠᠷ ᠴᠡᠴᠡᠭ ᠤᠨ ᠬᠦᠷᠢᠶᠡᠯᠡᠩ᠂ ᠠᠮᠢ | ᠠᠬᠤᠢ ᠶᠢᠨ ᠲᠡᠵᠢᠭᠡᠨ ᠦᠷᠡᠵᠢᠬᠦᠯᠬᠦ ᠬᠦᠷᠢᠶᠡᠯᠡᠩ᠂ ᠬᠤᠪᠢᠰᠬᠠᠯᠳᠤ ᠰᠤᠶᠤᠯ ᠤᠨ ᠬᠦᠷᠢᠶᠡᠯᠡᠩ᠂ ᠦᠢᠯᠡᠰ ᠪᠤᠰᠬᠠᠬᠤ ᠬᠦᠷᠢᠶᠡᠯᠡᠩ ᠬᠡᠬᠦ ︽ᠨᠢᠭᠡ ᠲᠤᠭᠤᠷᠢᠭ | ᠭᠤᠷᠪᠠᠨ ᠪᠦᠰᠡ ᠨᠠᠢᠮᠠᠨ ᠬᠦᠷᠢᠶᠡᠯᠡᠩ︾ ᠢ ᠪᠦᠳᠦᠭᠡᠨ ᠪᠠᠶᠢᠭᠤᠯᠵᠤ᠂ ᠤᠷᠭᠠᠨᠢᠭ ᠤᠰᠤᠨ ᠲᠤᠳᠤᠷᠭ᠎ᠠ᠂ ᠤᠷᠭᠠᠨᠢᠭ ᠰᠠᠷᠭᠠᠢ᠂ ᠤᠷᠭᠠᠨᠢᠭ ᠦᠵᠦᠮ᠂ | ᠯᠢᠩᠬᠸ᠎ᠠ ᠴᠡᠴᠡᠭ ᠲᠠᠷᠢᠵᠤ ᠤᠷᠭᠤᠭᠤᠯᠤᠨ ᠨᠡᠶᠢᠮᠠᠯᠵᠢ ᠲᠡᠵᠢᠭᠡᠬᠦ᠂ ᠶᠠᠰᠤᠳᠤ ᠮᠡᠯᠡᠭᠡᠢ ᠲᠡᠵᠢᠭᠡᠬᠦ᠂ ︽ᠮᠠᠯ ᠠᠵᠤ ᠠᠬᠤᠢ ᠲᠠᠷᠢᠶᠠᠯᠠᠩ + ᠡᠳ᠋ᠰᠢᠬᠦᠯᠦᠨ | ᠪᠤᠯᠪᠠᠰᠤᠷᠠᠭᠤᠯᠬᠤ ᠬᠦᠢᠯᠭᠡᠭᠡ + ᠰᠡᠯᠡᠭᠦᠴᠡᠨ ᠵᠤᠭᠠᠴᠠᠬᠤ︾ ᠠᠵᠤ ᠦᠢᠯᠡᠰ ᠤᠨ ᠬᠡᠯᠬᠢᠶ᠎ᠡ ᠶᠢ ᠠᠩᠬ᠎ᠠ ᠠᠯᠬᠤᠮ ᠪᠦᠷᠢᠯᠳᠦᠬᠦᠯᠵᠡᠢ᠃ 2019 ᠤᠨ ᠳᠤ | ᠰᠢᠷᠬᠤᠰᠤᠨ ᠲᠤᠰᠬᠤᠨ 3.2 ᠲᠦᠮᠡᠨ ᠵᠤᠭᠠᠴᠠᠭᠴᠢ ᠶᠢ ᠬᠦᠯᠢᠶᠡᠨ ᠠᠪᠴᠤ᠂ ᠤᠢᠢᠷ᠎ᠠ ᠬᠠᠪᠢ ᠶᠢᠨ 500 ᠭᠠᠷᠤᠢ ᠮᠠᠯᠵᠢᠬᠤ ᠲᠠᠷᠢᠶᠠᠯᠠᠬᠤ ᠡᠷᠦᠭᠡ ᠶᠢ | ᠲᠠᠶᠢᠴᠢᠯᠠᠨ 1500 ᠭᠠᠷᠤᠢ ᠬᠦᠮᠦᠨ ᠢ ᠲᠤᠬᠠᠢ ᠶᠢᠨ ᠭᠠᠵᠠᠷ ᠲᠠᠭᠠᠨ ᠰᠢᠯᠵᠢᠬᠦᠯᠦᠨ ᠠᠵᠢᠯ ᠤᠯᠭᠤᠵᠠᠢ᠃ ᠲᠤᠰᠬᠤᠨ ᠤ 9 ᠶᠠᠳᠠᠭᠤ ᠬᠦᠴᠢᠷᠳᠡᠯᠳᠡᠢ ᠡᠷᠦᠭᠡ | ᠶᠠᠳᠠᠭᠤ ᠠᠴᠠ ᠠᠩᠬᠢᠵᠢᠷᠠᠵᠤ᠂ 76 ᠡᠷᠦᠭᠡ ᠪᠠᠶᠠᠵᠢᠯ ᠤᠨ ᠵᠠᠮ ᠳᠤ ᠤᠷᠤᠪᠠ᠃ ᠰᠢᠷᠬᠤᠰᠤᠨ ᠲᠤᠰᠬᠤᠨ ᠲᠠᠢ ᠠᠳᠠᠯᠢ ᠪᠠᠷ ᠪᠠᠳᠤ ᠶᠢᠨ ᠲᠤᠬᠤᠢ ᠲᠤᠰᠬᠤᠨ | ᠴᠤ ᠬᠦᠳᠡᠭᠡ ᠲᠤᠰᠬᠤᠨ ᠤ ᠵᠤᠭᠠᠴᠠᠯ ᠤᠨ ᠦᠢᠯᠡᠰ ᠤᠨ ᠬᠦᠭᠵᠢᠯᠳᠡ ᠶᠢᠨ ︽ᠲᠦᠷᠭᠡᠨ ᠵᠠᠮ︾ ᠳᠤ ᠤᠷᠤᠯ᠎ᠠ᠃ ᠲᠤᠰ ᠲᠤᠰᠬᠤᠨ ᠨᠤᠭᠤ ᠭᠠᠵᠠᠷ ᠤᠨ | ᠴᠡᠴᠡᠷᠯᠢᠭ᠂ ᠰᠢᠷ᠎ᠠ ᠬᠦᠷᠦᠰᠦᠳᠦ ᠦᠨᠳᠦᠷᠯᠢᠭ᠂ ᠮᠤᠤᠠᠤᠰᠤ ᠶᠢᠨ ᠡᠯᠡᠰᠦᠷᠭᠡᠭ ᠭᠠᠵᠠᠷ᠂ ᠪᠠᠳᠤ ᠶᠢᠨ ᠲᠤᠬᠤᠢ ᠤᠰᠤᠨ ᠴᠦᠬᠦᠷᠦᠮ ᠵᠡᠷᠭᠡ ᠪᠠᠶᠢᠭᠠᠯᠢ ᠶᠢᠨ ᠡᠭᠢ | ᠪᠠᠶᠠᠯᠢᠭ ᠪᠤᠯᠤᠨ ᠪᠤᠷᠤᠳᠤᠬᠤᠢ ᠶᠢᠨ ᠰᠤᠶᠤᠯ᠂ ᠬᠤᠪᠢᠰᠬᠠᠯᠳᠤ ᠰᠤᠶᠤᠯ ᠤᠨ ᠤᠯᠠᠮᠵᠢᠯᠠᠯ ᠳᠠᠭᠠᠨ ᠲᠦᠰᠢᠭᠯᠡᠨ 5A ᠲᠡᠰ ᠤᠨ ᠦᠵᠡᠮᠵᠢ ᠶᠢᠨ ᠤᠷᠤᠨ ᠢ | ᠪᠦᠳᠦᠭᠡᠨ ᠪᠠᠶᠢᠭᠤᠯᠵᠤ᠂ ᠠᠭᠤᠯᠠ ᠨᠢ ᠨᠤᠭᠤᠭᠠᠨ᠂ ᠤᠰᠤ ᠨᠢ ᠲᠤᠩᠭᠠᠯᠠᠭ᠂ ᠲᠡᠭᠷᠢ ᠨᠢ ᠴᠡᠯᠮᠡᠭ᠂ ᠨᠡᠭᠦᠳᠡᠯᠤᠨ ᠰᠢᠪᠠᠭᠤᠳ ᠬᠤᠷᠭᠤᠳᠠᠭᠰᠠᠨ ᠤᠯᠠᠨ | ᠵᠦᠢᠯ ᠤᠨ ᠰᠤᠶᠤᠯ ᠠᠭᠤᠰᠤᠯᠴᠠᠭᠰᠠᠨ ᠤᠮᠠᠷᠠᠳᠤ ᠤᠷᠤᠨ ᠤ ︽ᠵᠢᠶᠠᠩᠨᠠᠨ︾ ᠢ ᠴᠤᠭᠴᠠᠯᠠᠪᠠ᠃ ᠲᠤᠰ ᠲᠤᠰᠬᠤᠨ ᠤ ᠵᠤᠭᠠᠴᠠᠯ ᠤᠨ ᠬᠦᠭᠵᠢᠯᠳᠡ ᠶᠢᠨ | ᠲᠠᠶᠢᠴᠢᠯᠠᠯ ᠲᠤᠤᠷ᠎ᠠ ᠵᠦᠪᠭᠡᠨ 2019 ᠤᠨ ᠳᠤ ᠰᠢᠷᠬᠤᠰᠤᠨ ᠭᠤᠤᠯ ᠤᠨ ᠤᠷᠤᠰᠬᠠᠯ ᠲᠠᠭᠠᠤ ᠤᠷᠤᠨ ᠤ 30 ᠭᠠᠷᠤᠢ ᠮᠠᠯᠴᠢᠨ ᠲᠠᠷᠢᠶᠠᠴᠢᠨ | ᠨᠤᠳᠤᠭ ᠲᠠᠭᠠᠨ ᠪᠤᠴᠠᠨ ᠦᠢᠯᠡᠰ ᠪᠤᠰᠬᠠᠵᠤ᠂ ᠲᠡᠷᠡᠴᠢᠯᠡᠨ ᠲᠤᠬᠠᠢ ᠶᠢᠨ ᠭᠠᠵᠠᠷ ᠤᠨ 800 ᠭᠠᠷᠤᠢ ᠬᠦᠮᠦᠨ ᠳᠤ ᠠᠵᠢᠯ ᠤᠯᠭᠤᠭᠰᠠᠨ ᠪᠠᠶᠢᠨ᠎ᠠ᠃ | ᠠᠳᠠᠯᠢ ᠪᠤᠰᠤ ᠭᠠᠵᠠᠷ ᠤᠷᠤᠨ ᠤ ᠤᠨᠴᠠᠯᠢᠭ ᠲᠤᠨᠢ ᠲᠤᠬᠢᠷᠠᠭᠤᠯᠤᠨ ᠠᠳᠠᠯᠢ ᠪᠤᠰᠤ ᠤᠨᠴᠠᠯᠢᠭᠳᠤ ᠵᠤᠭᠠᠴᠠᠯ ᠢ ᠬᠦᠭᠵᠢᠬᠦᠯᠬᠦ ᠪᠤᠯ ᠦᠤᠰᠢᠨ | ᠬᠤᠰᠢᠭᠤᠨ ᠤ ᠬᠦᠳᠡᠭᠡ ᠲᠤᠰᠬᠤᠨ ᠤ ᠵᠤᠭᠠᠴᠠᠯ ᠤᠨ ᠴᠢᠬᠤᠯᠠ ᠵᠠᠬᠪᠤᠷ ᠪᠤᠯᠤᠨ᠎ᠠ᠃ 2015 ᠤᠨ ᠠᠴᠠ ᠨᠠᠭᠠᠰᠢ ᠲᠤᠭ ᠪᠠᠯᠭᠠᠰᠤ ᠶᠢᠨ ᠬᠤᠸᠠᠳᠤᠯᠤᠭᠠᠢ | ᠭᠠᠴᠠᠭᠠᠨ ᠤ ᠮᠠᠯᠴᠢᠳ ᠨᠠᠮ ᠤᠨ ᠬᠡᠰᠢᠬᠦᠨ ᠭᠤᠤᠯᠳᠠᠯᠭᠠᠳᠤ ᠡᠷᠦᠭᠡ ᠶᠢᠨ ᠡᠵᠡᠨ ᠬᠠᠰᠪᠠᠶᠠᠷ ᠤᠨ ᠲᠠᠭᠠᠭᠤᠯᠭ᠎ᠠ ᠪᠠᠷ ᠨᠤᠳᠤᠭ ᠪᠡᠯᠴᠢᠭᠡᠷ ᠢᠶᠠᠨ ᠨᠡᠶᠢᠯᠡᠬᠦᠯᠦᠭᠡᠳ | ᠪᠠᠶᠠᠨᠨᠠᠭᠤᠷ ᠤᠨ ᠰᠤᠶᠤᠯ ᠵᠤᠭᠠᠴᠠᠯ ᠤᠨ ᠲᠤᠰᠬᠠᠢ ᠬᠤᠷᠰᠢᠶ᠎ᠠ ᠶᠢ ᠪᠠᠶᠢᠭᠤᠯᠵᠠᠢ᠃ ᠦᠩᠰᠢᠭ ᠰᠠᠶᠢᠬᠠᠨ ᠪᠠᠶᠠᠨᠨᠠᠭᠤᠷ ᠤᠨ ᠬᠦᠪᠡᠭᠡᠨ ᠳᠤ ᠲᠡᠭᠰᠢ ᠲᠡᠨᠢᠭᠡᠷ | ᠴᠠᠶᠢᠳᠠᠮ ᠤᠨ ᠲᠠᠯ᠎ᠠ ᠳᠤ ᠰᠢᠨᠡᠭᠡᠨ ᠮᠤᠩᠭᠤᠯ ᠬᠡᠷ ᠤᠳ ᠵᠢᠭᠳᠡᠷᠡᠨ᠂ ᠬᠤᠯᠠ ᠤᠢᠢᠷ᠎ᠠ ᠶᠢᠨ ᠵᠤᠴᠢᠳ ᠢ ᠪᠠᠶᠠᠷᠯᠠᠨ ᠤᠭᠳᠤᠨ᠎ᠠ᠃ ᠡ᠊ᠨᠳᠡ ᠵᠤᠭᠠᠴᠠᠭᠰᠠᠳ ᠮᠤᠷᠢ | ᠤᠨᠤᠨ᠂ ᠰᠤᠷ ᠬᠠᠷᠪᠤᠬᠤ᠂ ᠲᠦᠳᠡᠭ ᠭᠠᠯ ᠤᠨ ᠦᠳᠡᠰᠢᠯᠡᠭᠡ ᠬᠢᠬᠦ ᠮᠡᠳᠦ ᠶᠢᠨ ᠮᠤᠩᠭᠤᠯ ᠠᠮᠢᠳᠤᠷᠠᠯ ᠢ ᠪᠠᠶᠠᠳᠡᠨ ᠤᠢᠢᠯᠠᠭᠠᠵᠤ ᠪᠤᠯᠳᠠᠭ ᠪᠤᠯ ᠮᠠᠯᠴᠢᠳ | ᠮᠠᠯ ᠢᠶᠠᠨ ᠮᠠᠯᠵᠢᠬᠤ ᠶᠢᠨ ᠲᠠᠭᠠᠤ ᠵᠤᠭᠠᠴᠠᠯ ᠤᠨ ᠭᠠᠵᠠᠷ ᠲᠤ ᠮᠤᠷᠢ ᠤᠨᠤᠭᠤᠯᠬᠤ ᠪᠤᠶᠤ ᠴᠢᠴᠠᠷᠭᠠᠨ᠎ᠠ ᠶᠢᠨ ᠤᠮᠳᠠᠭᠠᠨ᠂ ᠴᠠᠭᠠᠨ ᠢᠳᠡᠭᠡᠨ᠂ ᠭᠠᠷ ᠤᠷᠠᠯᠠᠯ ᠤᠨ | ᠪᠦᠳᠦᠭᠡᠭᠳᠡᠬᠦᠨ ᠬᠢᠵᠤ ᠬᠤᠳᠠᠯᠳᠤᠬᠤ ᠪᠤᠯᠤᠯ᠎ᠠ᠃ ︽ᠶᠡᠷᠦᠩᠭᠡᠢ ᠳᠡᠭᠡᠨ ᠮᠠᠯᠴᠢᠳ ᠤᠨ ᠵᠢᠯ ᠤᠨ ᠤᠷᠤᠯᠭ᠎ᠠ ᠶᠢ ᠤᠤᠯ ᠤᠨ ᠬᠢᠨᠢ ᠰᠠᠭᠤᠷᠢᠨ ᠲᠡᠭᠡᠷ ᠡ 2 — | 3 ᠲᠦᠮᠡᠨ ᠲᠦᠭᠦᠷᠢᠭ ᠨᠡᠮᠡᠭᠳᠡᠬᠦᠯᠦᠭᠰᠡᠨ᠂ ᠲᠡᠷᠡᠴᠢᠯᠡᠨ ᠶᠠᠳᠠᠭᠤ ᠬᠦᠴᠢᠷᠳᠡᠯᠳᠡᠢ ᠡᠷᠦᠭᠡ ᠶᠢ ᠲᠠᠶᠢᠴᠢᠯᠠᠨ ᠶᠠᠳᠠᠭᠤ ᠠᠴᠠ ᠠᠩᠬᠢᠵᠢᠷᠠᠭᠤᠯᠤᠯᠠ︾ ᠬᠡᠵᠤ | ᠬᠠᠰᠪᠠᠶᠠᠷ ᠤᠮᠤᠭᠰᠢᠨ᠎ᠠ᠃ ᠶᠠᠳᠠᠭᠤ ᠬᠦᠴᠢᠷᠳᠡᠯᠳᠡᠢ ᠡᠷᠦᠭᠡ ᠤᠳᠠᠨᠳᠠᠯᠠᠢ ᠶᠢᠨ ᠬᠢᠨ ᠪᠠᠶᠠᠨᠨᠠᠭᠤᠷ ᠤᠨ ᠵᠤᠭᠠᠴᠠᠯ ᠢᠶᠠᠷ ᠠᠴᠢᠶᠠᠯᠠᠪᠤᠷᠢ ᠪᠤᠯᠭᠠᠵᠤ | ᠴᠢᠴᠠᠷᠭᠠᠨ᠎ᠠ ᠶᠢᠨ ᠤᠮᠳᠠᠭᠠᠨ ᠬᠢᠵᠤ ᠪᠤᠷᠤᠯᠠᠭᠤᠯᠤᠭᠰᠠᠨ ᠠᠴᠠ ᠵᠢᠯ ᠳᠡᠭᠡᠨ ᠬᠤᠷᠢᠭᠠᠳ ᠲᠦᠮᠡᠨ ᠲᠦᠭᠦᠷᠢᠭ ᠤᠨ ᠤᠷᠤᠯᠭ᠎ᠠ ᠲᠠᠢ ᠪᠤᠯᠵᠠᠢ᠃ | ᠬᠦᠳᠡᠭᠡ ᠲᠤᠰᠬᠤᠨ ᠤ ᠵᠤᠭᠠᠴᠠᠯ ᠪᠤᠯ ᠰᠢᠨ᠎ᠡ ᠪᠠᠷ ᠮᠠᠨᠳᠤᠭᠰᠠᠨ ᠠᠵᠤ ᠦᠢᠯᠡᠰ ᠮᠦᠨ᠃ ᠦᠤᠰᠢᠨ ᠬᠤᠰᠢᠭᠤ ᠨᠢᠭᠡᠳᠦᠯᠳᠡᠢ ᠲᠦᠯᠦᠪᠯᠡᠨ ᠤᠨᠤᠴᠠᠳᠠᠢ | ᠬᠦᠴᠦᠯᠡᠵᠤ᠂ ᠠᠮᠢ ᠠᠬᠤᠢ ᠪᠠᠷ ᠰᠠᠭᠤᠷᠢ ᠪᠤᠯᠭᠠᠨ ᠰᠤᠶᠤᠯ ᠵᠤᠭᠠᠴᠠᠯ ᠢᠶᠠᠷ ᠬᠦᠭᠦᠷᠭᠡ ᠪᠤᠯᠭᠠᠨ᠂ ᠲᠦᠷᠦᠯ ᠵᠦᠢᠯ᠂ ᠦᠵᠡᠮᠵᠢ ᠶᠢᠨ ᠭᠠᠵᠠᠷ ᠪᠤᠯᠤᠨ ᠠᠵᠤ | ᠦᠢᠯᠡᠰ ᠬᠠᠷᠢᠯᠴᠠᠨ ᠬᠤᠯᠪᠤᠯᠳᠤᠭᠰᠠᠨ ᠪᠤᠬᠢᠷᠳᠤᠯ ᠦᠭᠡᠢ ᠬᠦᠭᠵᠢᠯᠳᠡ ᠶᠢᠨ ᠵᠠᠭᠪᠤᠷ ᠢ ᠡᠭᠦᠳᠴᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ | ᠪᠠ ᠬᠦᠳᠡᠭᠡ ᠲᠤᠰᠬᠤᠨ ᠢ ᠬᠦᠭᠵᠢᠬᠦᠯᠬᠦ ᠬᠤᠤᠰ ᠦᠷ᠎ᠡ ᠠᠰᠢᠭ ᠢ ᠤᠯᠵᠠᠢ᠃ 2019 ᠤᠨ ᠳᠤ ᠲᠤᠰ ᠬᠤᠰᠢᠭᠤ 55 ᠲᠦᠮᠡᠨ ᠵᠤᠭᠠᠴᠠᠭᠰᠠᠳ ᠢ ᠬᠦᠯᠢᠶᠡᠨ | ᠠᠪᠴᠤ᠂ ᠮᠠᠯᠵᠢᠬᠤ ᠲᠠᠷᠢᠶᠠᠯᠠᠬᠤ ᠤᠷᠤᠨ ᠤ 900 ᠭᠠᠷᠤᠢ ᠦᠯᠡᠬᠦᠦ ᠬᠦᠳᠡᠯᠮᠦᠷᠢ ᠬᠦᠴᠦᠨ ᠳᠤ ᠠᠵᠢᠯ ᠤᠯᠭᠤᠨ᠂ 1600 ᠭᠠᠷᠤᠢ ᠬᠦᠮᠦᠨ ᠢ ᠲᠡᠮ ᠢᠶᠠᠷ | ᠵᠤᠭᠠᠴᠠᠯ ᠤᠨ ᠦᠢᠯᠡᠰ ᠲᠡᠭᠡᠨ ᠰᠢᠩᠭᠡᠭᠡᠨ ᠠᠪᠤᠪᠠ᠃ ᠤᠳᠤ ᠤᠳᠤᠨ ᠲᠡᠰ ᠤᠨ ᠮᠠᠯᠴᠢᠨ ᠲᠠᠷᠢᠶᠠᠴᠢᠨ ᠠᠶᠢᠯ ᠤᠨ ᠵᠤᠭᠠᠴᠠᠯ ᠤᠨ ᠡᠷᠦᠭᠡ ᠶᠢᠨ ᠵᠢᠯ ᠤᠨ | ᠲᠤᠮᠳᠠᠴᠢ ᠤᠷᠤᠯᠭ᠎ᠠ 18 ᠲᠦᠮᠡᠨ ᠲᠦᠭᠦᠷᠢᠭ ᠲᠤ ᠬᠦᠷᠴᠤ ᠪᠤᠢ᠃ ᠦᠤᠰᠢᠨ ᠬᠤᠰᠢᠭᠤᠨ ᠤ ᠬᠦᠳᠡᠭᠡ ᠲᠤᠰᠬᠤᠨ ᠤ ᠵᠤᠭᠠᠴᠠᠯ ᠤᠨ ᠦᠢᠯᠡᠰ ᠤᠨ | ᠬᠦᠭᠵᠢᠯᠳᠡ ᠨᠢ ᠦᠵᠡᠰᠬᠦᠯᠡᠩᠳᠤ ᠰᠠᠶᠢᠬᠠᠨ ᠬᠦᠳᠡᠭᠡ ᠲᠤᠰᠬᠤᠨ ᠤ ᠪᠦᠳᠦᠭᠡᠨ ᠪᠠᠶᠢᠭᠤᠯᠤᠯᠳᠠ ᠶᠢ ᠲᠦᠷᠭᠡᠳᠭᠡᠵᠤ᠂ ᠮᠠᠯᠴᠢᠨ ᠲᠠᠷᠢᠶᠠᠴᠢᠨ ᠳᠤ ᠰᠠᠶᠢᠨ | ᠰᠠᠶᠢᠬᠠᠨ ᠠᠮᠢᠳᠤᠷᠠᠯ ᠢ ᠡᠳ᠋ᠯᠡᠬᠦᠯᠦᠨ᠂ ᠪᠦᠬᠦ ᠲᠡᠯᠡᠭᠡᠢ ᠶᠢᠨ ᠶᠠᠳᠠᠭᠤ ᠠᠴᠠ ᠠᠩᠬᠢᠵᠢᠷᠠᠭᠤᠯᠬᠤ ᠠᠵᠢᠯ ᠳᠤ ︽ᠲᠤᠮᠳᠠᠳᠤ ᠶᠢᠨ ᠵᠠᠭᠪᠤᠷ︾ ᠢ ᠬᠠᠨᠭ᠍ᠭᠠᠭᠰᠠᠨ | ᠪᠠᠶᠢᠨ᠎ᠠ᠃ |