ᠦᠨᠦ ᠵᠢᠯ ᠪᠣᠯ ᠶᠠᠳᠠᠭᠤ ᠠᠴᠠ ᠠᠩᠬᠢᠵᠢᠷᠠᠭᠤᠯᠬᠤ ᠪᠤᠭᠤᠮᠲᠠ ᠰᠢᠪᠲᠤᠯᠬᠤ ᠠᠵᠢᠯ ᠤᠨ ᠡᠴᠣᠰ ᠤᠨ ᠰᠢᠪᠲᠤᠯᠤᠯᠲᠠ ᠶᠢᠨ ᠵᠢᠯ ᠪᠣᠯᠬᠤᠷ ᠦᠦᠰᠢᠨ | ᠬᠤᠰᠢᠭᠤᠨ ᠤ ᠨᠡᠶᠢᠭᠡᠮ ᠤᠨ ᠳᠠᠭᠠᠳᠬᠠᠯ ᠪᠠ ᠠᠵᠢᠯ ᠣᠯᠭᠤᠯᠲᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠨᠢ ᠡᠯ᠎ᠡ ᠵᠦᠢᠯ ᠤᠨ ᠠᠵᠢᠯ ᠣᠯᠭᠤᠯᠳᠠ | ᠪᠠᠷ ᠶᠠᠳᠠᠭᠤ ᠶᠢ ᠲᠡᠳᠬᠦᠬᠦ ᠲᠦᠷᠦ ᠶᠢᠨ ᠪᠣᠳᠣᠯᠭ᠎ᠠ ᠶᠢ ᠲᠤᠭᠤᠰᠢᠯᠠᠭᠤᠯᠵᠤ ᠶᠠᠳᠠᠭᠤ ᠬᠦᠴᠢᠷᠳᠡᠯᠳᠡᠢ ᠬᠦᠮᠦᠰ ᠲᠤ ᠠᠵᠢᠯ ᠣᠯᠭᠤᠵᠣ ᠣᠷᠣᠯᠭ᠎ᠠ ᠶᠢ ᠨᠢ | ᠨᠡᠮᠡᠭᠳᠡᠬᠦᠯᠵᠤ ᠪᠠᠶᠢᠨ᠎ᠠ᠃ | ᠦᠦᠰᠢᠨ ᠬᠤᠰᠢᠭᠤᠨ ᠤ ᠭᠠᠯᠠᠭᠤᠲᠤ ᠪᠠᠯᠭᠠᠰᠤᠨ ᠤ ᠰᠠᠷᠠᠭᠤᠯᠨᠤᠳᠤᠭ ᠭᠠᠴᠠᠭᠠᠨ ᠤ ᠠᠯᠲᠠᠨᠰᠦ᠋ᠬᠡ ᠪᠠᠭ᠎ᠠ ᠪᠠᠶᠢᠬᠤ ᠳᠤ ᠡᠵᠢ ᠨᠢ ᠨᠠᠰᠣ ᠪᠠᠷᠠᠵᠣ ᠠᠪᠤ | ᠨᠢ ᠲᠡᠬᠦᠨ ᠢ ᠶᠡᠭᠡ ᠰᠣᠷᠭᠠᠭᠤᠯᠢ ᠶᠢᠨ ᠡᠬᠦᠳᠡᠨ ᠪᠣᠱᠤᠭ᠎ᠠ ᠶᠢ ᠠᠯᠬᠤᠭᠤᠯᠣᠭᠰᠠᠨ ᠪᠣᠯᠪᠠᠴᠣ ᠲᠡᠬᠦᠰᠬᠡᠵᠣ ᠲᠡᠶᠢᠯᠦᠭᠰᠡᠨ ᠦᠬᠡᠢ ᠪᠠᠰᠠ ᠪᠤᠷᠬᠠᠨ ᠪᠣᠯᠵᠠᠢ᠃ | ᠶᠡᠷᠣᠳᠡᠬᠡᠨ ᠵᠦᠳᠡᠬᠦᠬᠡᠨ ᠠᠮᠢᠳᠣᠷᠠᠯ ᠲᠠᠢ ᠠᠶᠢᠯ ᠪᠠᠶᠢᠭᠰᠠᠨ ᠪᠣᠯᠬᠤᠷ ᠠᠯᠳᠠᠠᠰᠦ᠋ᠬᠡ ᠠᠷᠭ᠎ᠠ ᠪᠣᠰᠣ ᠰᠣᠷᠣᠯᠭ᠎ᠠ ᠢᠶᠠᠨ ᠲᠣᠳᠠᠭᠤ ᠲᠣᠷᠭᠤᠨ ᠵᠣᠭᠰᠣᠭᠠᠵᠤ ᠡᠨᠡᠬᠦ | ᠵᠦᠳᠡᠷᠡᠯᠳᠡᠢ ᠠᠶᠢᠯ ᠤᠨ ᠬᠡᠷ ᠤᠨ ᠡᠵᠡᠨ ᠪᠣᠯᠵᠣ ᠬᠦᠯᠦᠰᠦᠨ ᠠᠵᠢᠯ ᠬᠢᠵᠤ ᠠᠮᠢᠳᠣᠷᠠᠯ ᠢᠶᠠᠨ ᠠᠷᠭᠠᠴᠠᠭᠠᠵᠣ ᠪᠠᠶᠢᠵᠠᠢ᠃ ᠦᠦᠰᠢᠨ ᠬᠤᠰᠢᠭᠤᠨ ᠤ | ᠨᠡᠶᠢᠭᠡᠮ ᠤᠨ ᠳᠠᠭᠠᠳᠬᠠᠯ ᠪᠠ ᠠᠵᠢᠯ ᠣᠯᠭᠤᠯᠲᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠬᠢᠨ ᠲᠡᠬᠦᠨ ᠤ ᠡᠨᠡᠬᠦ ᠬᠦᠴᠢᠷᠳᠡᠯ ᠢ ᠦᠢᠯᠠᠭᠠᠭᠰᠠᠨ | ᠤ ᠲᠠᠷᠠᠭ᠎ᠠ ᠡᠨᠡ ᠵᠢᠯ ᠤᠨ 3 ᠳ᠋ᠣᠭᠠᠷ ᠰᠠᠷ᠎ᠠ ᠳᠤ ᠰᠠᠷᠠᠭᠤᠯᠨᠤᠳᠤᠭ ᠭᠠᠴᠠᠭᠠᠨ ᠳᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ | ᠲᠣᠬᠢᠷᠠᠭᠤᠯᠵᠣ ᠠᠯᠲᠠᠨᠰᠦ᠋ᠬᠡ ᠶᠢᠨ ᠠᠮᠢᠳᠣᠷᠠᠯ ᠤᠨ ᠢᠳᠡᠬᠡᠯ ᠢ ᠬᠦᠪᠴᠢᠯᠡᠭᠰᠡᠨ ᠢᠶᠠᠷ ᠠᠵᠢᠯ ᠤᠨ ᠴᠢᠯᠣᠬᠡ ᠪᠠᠷ ᠪᠠᠰᠠ ᠨᠢᠬᠡᠨ ᠬᠤᠪᠢ ᠠᠵᠢᠯ ᠣᠯᠵᠣ | ᠠᠮᠢᠳᠣᠷᠠᠯ ᠢᠶᠠᠨ ᠲᠡᠬᠡᠭᠰᠢ ᠲᠠᠳᠠᠵᠠᠢ᠃ | ᠠᠯᠲᠠᠨᠰᠦ᠋ᠬᠡ᠄ ︽ᠤᠤᠯ ᠳᠤ ᠪᠠᠨ ᠬᠦᠯᠦᠰᠦᠨ ᠠᠵᠢᠯ ᠬᠢᠵᠣ ᠪᠠᠶᠢᠭᠰᠠᠨ᠂ ᠬᠡᠰᠡᠭ ᠲᠤ ᠨᠢ ᠴᠠᠯᠢᠩ ᠲᠠᠢ ᠬᠡᠰᠡᠭ ᠲᠤ ᠨᠢ ᠴᠠᠯᠢᠩ ᠦᠬᠡᠢ᠃ | ᠲᠡᠬᠡᠬᠡᠳ ᠨᠡᠶᠢᠳᠡ ᠶᠢᠨ ᠠᠰᠠᠷᠠᠮᠵᠢ ᠶᠢᠨ ᠪᠠᠶᠢᠷᠢ ᠪᠠᠷ ᠠᠵᠢᠯ ᠣᠯᠣᠭᠰᠠᠨ ᠠᠴᠠ ᠬᠤᠶᠢᠰᠢ ᠰᠠᠷ᠎ᠠ ᠪᠦᠷᠢ 1760 ᠲᠦᠬᠦᠷᠢᠭ ᠤᠨ ᠴᠠᠯᠢᠩ ᠲᠠᠢ ᠪᠤᠯᠵᠤ ᠮᠢᠨᠤ | ᠶᠡᠭᠡ ᠬᠦᠴᠢᠷᠳᠡᠯ ᠢ ᠰᠢᠢᠳᠪᠦᠷᠢᠯᠡᠭᠰᠡᠨ ᠪᠠᠶᠢᠨ᠎ᠠ᠃ ᠲᠡᠬᠦᠨ ᠤ ᠲᠠᠷᠠᠭ᠎ᠠ ᠪᠠᠷ ᠬᠦᠳᠡᠯᠮᠣᠷᠢ ᠦᠢᠯᠡᠴᠢᠯᠡᠬᠡᠨ ᠤ ᠺᠣᠮᠫᠠᠨᠢ ᠪᠠᠷ ᠭᠠᠴᠠᠭᠠᠨ ᠳᠤ ᠠᠵᠢᠯ ᠬᠢᠵᠣ ᠰᠠᠷ᠎ᠠ | ᠪᠦᠷᠢ 2000 ᠲᠦᠬᠦᠷᠢᠭ ᠤᠨ ᠴᠠᠯᠢᠩ ᠤᠯᠤᠨ ᠤᠳᠤ ᠰᠠᠷ᠎ᠠ ᠳᠤ ᠨᠡᠶᠢᠲᠡ 3760 ᠲᠦᠬᠦᠷᠢᠭ ᠤᠨ ᠴᠠᠯᠢᠩ ᠤᠯᠵᠤ ᠪᠠᠶᠢᠨ᠎ᠠ︾ ᠬᠡᠵᠤ ᠪᠠᠶᠢᠪᠠ᠃ | ᠡᠨᠡ ᠵᠢᠯ 34 ᠨᠠᠰᠣᠳᠠᠢ ᠸᠠᠩ ᠵᠦ ᠶᠢᠩ ᠪᠣᠯ ᠰᠢᠷᠬᠤᠰᠣᠨ ᠪᠠᠯᠭᠠᠰᠣ ᠶᠢᠨ ᠬᠤᠨᠵᠢᠨᠴᠠᠶᠢᠳᠠᠮ ᠲᠣᠰᠬᠤᠨ ᠤ ᠬᠦᠮᠦᠨ ᠪᠠᠶᠢᠵᠣ 2015 ᠣᠨ ᠤ | ᠰᠡᠬᠦᠯᠴᠢ ᠳᠤ ᠬᠦᠳᠡᠯᠮᠣᠷᠢ ᠬᠦᠴᠦ ᠲᠣᠳᠠᠮᠠᠭ ᠠᠴᠠ ᠶᠠᠳᠠᠭᠤ ᠬᠦᠴᠢᠷᠳᠡᠯᠳᠡᠢ ᠡᠷᠣᠬᠡ ᠪᠠᠷ ᠲᠠᠩᠰᠠᠯᠠᠭᠳᠠᠵᠠᠢ᠃ ᠸᠠᠩ ᠵᠦ ᠶᠢᠩ ᠤᠨ ᠡᠷ᠎ᠡ ᠨᠦᠬᠦᠷ ᠨᠢ ᠲᠡᠷᠬᠡᠨ | ᠠᠳᠡᠯ ᠢᠶᠠᠷ ᠲᠠᠮᠪᠠᠷᠠᠵᠣ᠂ ᠭᠤᠷᠪᠠᠨ ᠬᠡᠣᠬᠡᠳ ᠨᠢ ᠴᠦ ᠰᠣᠷᠭᠠᠭᠤᠯᠢ ᠰᠠᠭᠤᠵᠣ ᠪᠠᠶᠢᠬᠤ ᠪᠣᠯᠬᠤᠷ ᠠᠮᠢᠳᠣᠷᠠᠯ ᠤᠨ ᠲᠠᠷᠣᠭᠠᠰᠣ ᠬᠦᠨᠲᠤ ᠪᠠᠶᠢᠬᠤ ᠪᠠᠶᠢᠳᠠᠯ ᠳᠤ | ᠬᠠᠨᠳᠣᠭᠤᠯᠣᠨ ᠲᠭᠦᠨ ᠳᠤ ᠭᠡᠷ ᠠᠴᠠ ᠨᠢ ᠦᠢᠷᠠᠬᠠᠨ ᠣᠷᠴᠢᠨ ᠲᠣᠭᠤᠷᠢᠨ ᠢ ᠴᠡᠪᠡᠷᠯᠡᠬᠦ ᠨᠡᠶᠢᠳᠡ ᠶᠢᠨ ᠠᠰᠠᠷᠠᠮᠵᠢ ᠶᠢᠨ ᠠᠵᠢᠯ ᠣᠯᠭᠤᠵᠠᠢ᠃ | ᠸᠠᠩ ᠵᠦ ᠶᠢᠩ᠄ ︽ᠰᠠᠷ᠎ᠠ ᠳᠤ 1760 ᠲᠦᠬᠦᠷᠢᠭ ᠤᠨ ᠴᠠᠯᠢᠩ ᠨᠢ ᠮᠠᠨ ᠤ ᠬᠡᠷ ᠲᠤ ᠶᠡᠬᠡᠬᠡᠨ ᠲᠡᠮᠵᠢᠯᠬᠡ ᠪᠣᠯᠣᠭᠰᠠᠨ︾ ᠬᠡᠵᠤ ᠶᠠᠷᠢᠵᠤ ᠪᠠᠶᠢᠪᠠ᠃ | ᠦᠦᠰᠢᠨ ᠬᠤᠰᠢᠭᠤᠨ ᠤ ᠨᠡᠶᠢᠭᠡᠮ ᠤᠨ ᠳᠠᠭᠠᠳᠬᠠᠯ ᠪᠠ ᠠᠵᠢᠯ ᠣᠯᠭᠤᠯᠲᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠠᠴᠠ ᠪᠦᠬᠦ | ᠬᠤᠰᠢᠭᠤᠨ ᠤ 323 ᠶᠠᠳᠠᠭᠤ ᠬᠦᠴᠢᠷᠳᠡᠯᠳᠡᠢ ᠬᠦᠳᠡᠯᠮᠣᠷᠢ ᠬᠦᠴᠦ ᠳᠤ ᠲᠠᠩᠰᠠ ᠡᠪᠬᠡᠮᠡᠯ ᠪᠠᠶᠢᠭᠤᠯᠵᠣ ᠬᠡᠷ ᠲᠤ ᠨᠢ ᠬᠦᠷᠴᠤ ᠲᠣᠬᠢᠷᠠᠮᠵᠢᠳᠠᠢ ᠠᠵᠢᠯ ᠤᠨ | ᠪᠠᠶᠢᠷᠢ ᠲᠠᠨᠢᠯᠴᠠᠭᠤᠯᠬᠤ ᠶᠢᠨ ᠬᠠᠮᠳᠣ ᠲᠣᠰᠬᠠᠢ ᠪᠣᠯᠪᠠᠰᠣᠷᠠᠯ ᠤᠨ ᠲᠦᠯᠦᠪᠵᠢᠬᠦᠯᠬᠡ ᠪᠠ ᠠᠵᠢᠯ ᠣᠯᠭᠤᠯᠳᠠ ᠪᠠᠷ ᠲᠣᠰᠠᠯᠠᠬᠤ ᠲᠦᠯᠦᠪᠵᠢᠬᠦᠯᠬᠡ ᠲᠣᠭᠳᠠᠭᠠᠵᠠᠢ | ᠃ ᠦᠢᠯᠠᠭᠠᠭᠰᠠᠨ ᠢᠶᠠᠷ᠂ ᠮᠠᠨ ᠤ ᠬᠤᠰᠢᠭᠤ ᠣᠳᠣ ᠪᠣᠯᠳᠠᠯ᠎ᠠ ᠸᠢᠴᠠᠲ ᠨᠡᠶᠢᠳᠡ ᠶᠢᠨ ᠲᠠᠪᠴᠠᠩ ᠤᠨ ᠠᠵᠢᠯ ᠣᠯᠭᠤᠯᠳᠠ ᠪᠠ ᠶᠠᠳᠠᠭᠤ ᠶᠢ ᠲᠡᠳᠬᠦᠬᠦ ᠵᠡᠷᠬᠡ | ᠲᠣᠰᠬᠠᠢ ᠠᠵᠢᠯᠯᠠᠭ᠎ᠠ ᠪᠠᠷ ᠲᠠᠮᠵᠢᠨ ᠨᠢᠬᠡᠨᠳᠡ 81 ᠡᠷᠣᠬᠡ ᠶᠢᠨ 115 ᠬᠦᠮᠦᠨ ᠳᠤ ᠠᠵᠢᠯ ᠣᠯᠭᠤᠭᠰᠠᠨ ᠪᠠᠶᠢᠨ᠎ᠠ᠃ | | | ᠰᠣᠷᠪᠣᠯᠵᠢᠯᠠᠭᠴᠢ᠄ ᠴᠡᠩᠭᠡᠯ ᠪᠠᠯᠵᠢᠵᠢᠷᠭᠠᠯ ᠣᠷᠴᠢᠯᠠᠩ ︵ᠳᠠᠳᠤᠯᠭ᠎ᠠ︶ |