| | | | | | ᠥᠪᠥᠷ ᠮᠣᠩᠭᠤᠯ ᠤᠨ ᠬᠤᠸᠠᠲᠤᠯᠤᠭᠠᠢ ᠨᠡᠭᠦᠷᠡᠰᠦᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠨᠢ ᠤᠯᠠᠭᠠᠨᠲᠤᠯᠤᠭᠠᠢ ᠠᠵᠤ ᠦᠢᠯᠡᠳᠪᠤᠷᠢ ᠶᠢᠨ | ᠲᠥᠷᠥᠯ ᠵᠦᠢᠯ ᠤᠨ ᠲᠣᠭᠤᠷᠢᠭ ᠲᠤ ᠪᠠᠶᠢᠷᠢᠯᠠᠵᠦ ᠤᠯᠤᠰ ᠤᠨ ᠥᠮᠴᠢᠯᠡᠯᠲᠦ ᠬᠤᠪᠢ ᠡᠵᠡᠮᠳᠡᠭᠰᠡᠨ ᠠᠵᠤ ᠠᠬᠤᠶᠢᠯᠠᠯ ᠪᠣᠯᠤᠨ᠎ᠠ᠃ ᠱᠠᠨᠳᠦ᠋ᠩ ᠡᠨᠧᠷᠭᠢ ᠶᠢᠨ | ᠽᠢᠪᠦᠸᠧ ᠠᠭᠤᠷᠬᠠᠶ ᠶᠢᠨ ᠪᠦᠯᠦᠭᠯᠡᠯ ᠪᠣᠯᠤᠨ ᠥᠪᠥᠷ ᠮᠣᠩᠭᠤᠯ ᠤᠨ ᠱᠢ ᠯᠢᠨ ᠪᠡᠯᠡ ᠤᠷᠤᠭᠤᠯᠤᠯᠲᠠ ᠶᠢᠨ ᠪᠦᠯᠦᠭᠯᠡᠯ ᠪᠡᠯᠡ ᠨᠡᠶᠢᠯᠡᠭᠦᠯᠦᠨ ᠪᠠᠶᠢᠭᠤᠯᠵᠤ 15. | 8 ᠳ᠋ᠦᠩᠰᠢᠭᠤᠷ ᠲᠥᠭᠦᠷᠢᠭ ᠤᠨ ᠳᠠᠩᠰᠠᠯᠠᠭᠤᠯᠤᠭᠰᠠᠨ ᠬᠥᠷᠥᠩᠭᠡ ᠲᠠᠢ᠂ ᠭᠤᠣᠯᠳᠠᠭᠤ ᠨᠡᠭᠦᠷᠡᠰᠦᠨ ᠠᠭᠤᠷᠬᠠᠢ ᠶᠢ ᠨᠡᠭᠡᠭᠡᠨ ᠮᠠᠯᠲᠠᠬᠤ᠂ ᠨᠡᠭᠦᠷᠡᠰᠦ ᠶᠢ | ᠪᠣᠯᠪᠠᠰᠤᠷᠠᠭᠤᠯᠬᠤ ᠪᠠ ᠤᠬᠢᠶᠠᠵᠤ ᠰᠢᠯᠢᠬᠦ ᠵᠡᠷᠭᠡ ᠠᠵᠢᠯ ᠢ ᠡᠷᠬᠢᠯᠡᠳᠡᠭ᠃ ᠲᠤᠰ ᠺᠣᠮᠫᠠᠨᠢ ᠶᠢᠨ ᠪᠡᠯᠡ ᠣᠷᠣᠭᠤᠯᠤᠨ ᠪᠠᠶᠢᠭᠤᠯᠤᠭᠰᠠᠨ 400 ᠲᠦᠮᠡᠨ ᠲᠣᠨ / | ᠵᠢᠯ ᠤᠨ ᠪᠠᠶᠠᠨᠭᠤᠣᠯ ᠠᠭᠤᠷᠬᠠᠶ ᠶᠢᠨ ᠬᠤᠳᠳᠤᠭ ᠵᠢᠴᠢ ᠨᠡᠭᠦᠷᠡᠰᠦ ᠰᠢᠯᠢᠬᠦ ᠲᠦᠬᠦᠷᠵᠢᠭᠰᠡᠨ ᠦᠢᠯᠡᠳᠪᠤᠷᠢ ᠨᠢ ᠬᠤᠵᠢᠷᠲᠤ ᠠᠭᠤᠷᠬᠠᠶ ᠶᠢᠨ ᠣᠷᠣᠨ ᠳᠤ | ᠪᠠᠶᠢᠷᠢᠯᠠᠵᠤ᠂ ᠨᠡᠭᠦᠷᠡᠰᠦ ᠲᠡᠭᠡᠭᠡᠪᠦᠷᠢᠯᠡᠬᠦ ᠲᠡᠮᠦᠷ ᠵᠠᠮ ᠤᠨ ᠲᠤᠰᠬᠠᠶ ᠱᠤᠭᠤᠮ ᠢ ᠵᠡᠷᠭᠡᠪᠡᠷ ᠪᠦᠲᠦᠭᠡᠨ ᠪᠠᠶᠢᠭᠤᠯᠪᠠ᠃ ᠠᠭᠤᠷᠬᠠᠢ ᠶᠢᠨ ᠬᠤᠳᠳᠤᠭ ᠤᠨ ᠲᠥᠷᠥᠯ | ᠵᠦᠢᠯ ᠤᠨ ᠶᠡᠷᠦᠩᠬᠡᠢ ᠪᠡᠯᠡ ᠣᠷᠣᠭᠤᠯᠤᠯᠲᠠ 39.56 ᠳ᠋ᠦᠩᠰᠢᠭᠤᠷ ᠲᠥᠭᠦᠷᠢᠭ ᠲᠤ ᠬᠦᠷᠴᠦ᠂ 2011 ᠤᠨ 4 ᠰᠠᠷ᠎ᠠ ᠳᠤ ᠠᠵᠢᠯ ᠡᠬᠢᠯᠡᠭᠦᠯᠦᠨ ᠪᠦᠲᠦᠭᠡᠨ | ᠪᠠᠶᠢᠭᠤᠯᠵᠤ᠂ 2014 ᠣᠨ ᠤ 7 ᠰᠠᠷ᠎ᠠ ᠠᠴᠠ ᠡᠬᠢᠯᠡᠨ ᠬᠠᠮᠲᠤᠷᠠᠨ ᠲᠤᠷᠰᠢᠨ ᠠᠵᠢᠯᠯᠠᠭᠤᠯᠪᠠ᠃ 2019 ᠣᠨ ᠳᠤ ᠠᠵᠤ ᠦᠢᠯᠡᠳᠪᠤᠷᠢ ᠶᠢᠨ | ᠦᠢᠯᠡᠳᠬᠦᠨ ᠤ ᠶᠡᠷᠦᠩᠬᠡᠶ ᠥᠷᠲᠡᠭ ᠢ 35.9 ᠳ᠋ᠦᠩᠰᠢᠭᠤᠷ ᠲᠥᠭᠦᠷᠢᠭ ᠪᠡᠶᠡᠯᠡᠬᠦᠯᠵᠦ᠂ 577.57 ᠲᠦᠮᠡᠨ ᠲᠣᠨ ᠨᠡᠭᠦᠷᠡᠰᠦ᠂ 30.12 ᠲᠦᠮᠡᠨ ᠲᠣᠨ | ᠨᠠᠷᠢᠯᠢᠭ ᠮᠧᠲ᠋ᠢᠯ ᠠᠯᠺᠣᠣᠯ ᠦᠢᠯᠡᠳᠪᠦᠷᠢᠯᠡᠪᠡ᠃ 2020 ᠣᠨ ᠤ 1 — 5 ᠰᠠᠷ᠎ᠠ ᠳᠤ ᠠᠵᠤ ᠦᠢᠯᠡᠳᠪᠤᠷᠢ ᠶᠢᠨ ᠦᠢᠯᠡᠳᠬᠦᠨ ᠤ ᠪᠥᠬᠦ ᠥᠷᠲᠡᠭ ᠢ 7. | 32 ᠳ᠋ᠦᠩᠰᠢᠭᠤᠷ ᠲᠦᠬᠦᠷᠢᠭ ᠪᠡᠶᠡᠯᠡᠭᠦᠯᠵᠦ᠂ 130.47 ᠲᠦᠮᠡᠨ ᠲᠣᠨ ᠨᠡᠭᠦᠷᠡᠰᠦ᠂ 14.4 ᠲᠦᠮᠡᠨ ᠲᠣᠨ ᠮᠧᠲ᠋ᠢᠯ ᠠᠯᠺᠣᠣᠯ ᠦᠢᠯᠡᠳᠪᠤᠷᠢᠯᠡᠪᠡ᠃ | |