ᠤᠯᠠᠭᠠᠨᠲᠤᠯᠤᠭᠠᠢ ᠠᠵᠤ ᠦᠢᠯᠡᠳᠪᠤᠷᠢ ᠶᠢᠨ ᠲᠥᠷᠥᠯ ᠵᠦᠢᠯ ᠤᠨ ᠲᠣᠭᠤᠷᠢᠭ ᠤᠨ ᠠᠵᠦ ᠠᠬᠤᠶᠢᠯᠠᠯ᠄ ᠦᠤᠰᠢᠨ ᠬᠤᠰᠢᠭᠤᠨ ᠤ ᠴᠢᠩ ᠭᠠᠩ ᠴᠡᠪᠡᠷ ᠡᠨᠧᠷᠭᠢ ᠶᠢᠨ ᠡᠬᠢ ᠪᠠᠶᠠᠯᠢᠭ ᠢ ᠠᠰᠢᠭᠯᠠᠬᠤ ᠬᠢᠵᠠᠭᠠᠷᠲᠤ ᠺᠣᠮᠫᠠᠨᠢ
ᠨᠡᠶᠢᠲᠡᠯᠡᠭᠰᠡᠨ ᠴᠠᠭ᠄
2020/12/7
  
图片.png
      ᠦᠤᠰᠢᠨ ᠬᠤᠰᠢᠭᠤᠨ ᠤ ᠴᠢᠩ ᠭᠠᠩ ᠴᠡᠪᠡᠷ ᠡᠨᠧᠷᠭᠢ ᠶᠢᠨ ᠡᠬᠢ ᠪᠠᠶᠠᠯᠢᠭ ᠢ ᠠᠰᠢᠭᠯᠠᠬᠤ ᠬᠢᠵᠠᠭᠠᠷᠲᠤ ᠺᠣᠮᠫᠠᠨᠢ ᠨᠢ ᠤᠯᠠᠭᠠᠨᠲᠤᠯᠤᠭᠠᠢ ᠠᠵᠤ ᠦᠢᠯᠡᠳᠪᠤᠷᠢ ᠶᠢᠨ ᠲᠥᠷᠥᠯ ᠵᠦᠢᠯ ᠤᠨ ᠲᠣᠭᠤᠷᠢᠭ ᠲᠤ ᠪᠠᠶᠢᠷᠢᠯᠠᠵᠦ ᠤᠯᠤᠰ ᠤᠨ ᠥᠮᠴᠢᠯᠡᠯ ᠤᠨ ᠠᠵᠤ ᠠᠬᠤᠶᠢᠯᠠᠯ ᠪᠠᠶᠢᠵᠦ ᠰᠢ ᠠᠨ ᠤ ᠴᠢᠩ ᠭᠠᠩ ᠴᠡᠪᠡᠷ ᠡᠨᠧᠷᠭᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠬᠠᠷᠢᠶᠠᠯᠠᠭᠳᠠᠨ᠎ᠠ᠃ ᠲᠤᠰ ᠺᠣᠮᠫᠠᠨᠢ ᠶᠢᠨ ᠪᠡᠯᠡ ᠣᠷᠣᠭᠤᠯᠵᠤ ᠪᠦᠲᠦᠭᠡᠨ ᠪᠠᠶᠢᠭᠤᠯᠤᠭᠰᠠᠨ ᠵᠢᠯ ᠤᠨ ᠭᠠᠷᠭᠠᠯᠲᠠ ᠨᠢ 10 ᠲᠦᠮᠡᠨ ᠲᠣᠨ / ᠵᠢᠯ ᠨᠡᠭᠦᠷᠦᠭᠴᠢ ᠶᠢᠨ ᠲᠥᠷᠥᠯ ᠤᠨ ᠪᠤᠵᠠᠷ ᠲᠣᠰᠣ ᠶᠢ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠤᠨ ᠶᠡᠷᠦᠩᠬᠡᠶ ᠪᠡᠯᠡ ᠣᠷᠣᠭᠤᠯᠤᠯᠲᠠ ᠨᠢ 0.98 ᠳ᠋ᠦᠩᠰᠢᠭᠤᠷ ᠲᠥᠭᠦᠷᠢᠭ ᠲᠤ ᠬᠦᠷᠴᠦ᠂ 2012 ᠣᠨ ᠤ 3 ᠰᠠᠷ᠎ᠠ ᠳᠤ ᠡᠬᠢᠯᠡᠭᠦᠯᠦᠨ ᠪᠦᠳᠦᠭᠡᠨ ᠪᠠᠶᠢᠭᠤᠯᠵᠤ᠂ 2012 ᠣᠨ ᠤ 10 ᠰᠠᠷ᠎ᠠ ᠳᠤ ᠲᠤᠷᠰᠢᠨ ᠦᠢᠯᠡᠳᠪᠤᠷᠢᠯᠡᠪᠡ᠃ 2018 ᠣᠨ ᠳᠤ᠂ ᠨᠡᠭᠦᠷᠦᠭᠴᠢ ᠶᠢᠨ ᠲᠥᠷᠥᠯ ᠤᠨ ᠪᠣᠬᠢᠷ ᠲᠣᠰᠣᠨ ᠤ ᠭᠠᠷᠭᠠᠯᠲᠠ 21.95 ᠲᠦᠮᠡᠨ ᠲᠣᠨ᠂ ᠬᠥᠩᠭᠡᠨ ᠨᠡᠭᠦᠷᠦᠭᠴᠢ ᠶᠢᠨ ᠭᠠᠷᠭᠠᠯᠲᠠ 2.21 ᠲᠦᠮᠡᠨ ᠲᠣᠨ ᠪᠠᠶᠢᠵᠦ᠂ ᠠᠵᠤ ᠦᠢᠯᠡᠳᠪᠤᠷᠢ ᠶᠢᠨ ᠦᠢᠯᠡᠳᠬᠦᠨ ᠤ ᠶᠡᠷᠦᠩᠬᠡᠢ ᠥᠷᠲᠡᠭ ᠢ 9.23 ᠳ᠋ᠦᠩᠰᠢᠭᠤᠷ ᠲᠥᠭᠦᠷᠢᠭ ᠪᠡᠶᠡᠯᠡᠭᠦᠯᠪᠡ᠃ 2019 ᠣᠨ ᠳᠤ 29.7 ᠲᠦᠮᠡᠨ ᠲᠣᠨ ᠨᠡᠭᠦᠷᠦᠭᠴᠢ ᠶᠢᠨ ᠲᠥᠷᠥᠯ ᠤᠨ ᠪᠣᠬᠢᠷ ᠲᠣᠰᠣ᠂ 0.27 ᠲᠦᠮᠡᠨ ᠲᠣᠨ ᠬᠥᠩᠭᠡᠨ ᠨᠡᠭᠦᠷᠦᠭᠴᠢ ᠶᠢ ᠦᠢᠯᠡᠳᠪᠤᠷᠢᠯᠡᠪᠡ᠃ 2020 ᠤᠨ ᠤ 1 — 5 ᠰᠠᠷ᠎ᠠ ᠳᠤ ᠨᠡᠭᠦᠷᠦᠭᠴᠢ ᠶᠢᠨ ᠲᠥᠷᠥᠯ ᠤᠨ ᠪᠣᠬᠢᠷ ᠲᠣᠰᠣ ᠶᠢ 14.68 ᠲᠦᠮᠡᠨ ᠲᠣᠨ ᠦᠢᠯᠡᠳᠪᠤᠷᠢᠯᠡᠪᠡ᠃
ᠢᠷᠡᠯᠲᠡ᠄ ᠥᠥᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ