ᠭᠠᠯᠠᠭᠤᠲᠤ ᠪᠠᠯᠭᠠᠰᠣᠨ ᠤ ᠷᠠᠰᠢᠶᠠᠨ ᠳᠣᠬᠤᠢ ᠲᠤᠰᠬᠤᠨ᠂ ᠰᠢᠷᠬᠤᠰᠣ ᠪᠠᠯᠭᠠᠰᠣᠨ ᠤ ᠸᠠᠩ ᠶᠤᠤ ᠸᠠᠨ ᠲᠤᠰᠬᠤᠨ᠂ ᠰᠦᠯᠳᠡ ᠰᠣᠮᠣᠨ ᠤ ᠲᠤᠭᠤᠷᠢᠮ | ᠭᠠᠴᠠᠭ᠎ᠠ ᠵᠡᠷᠭᠡ 12 ᠲᠠᠭᠤᠷᠢᠶᠠᠯ ᠦᠵᠡᠬᠦᠯᠬᠦ ᠴᠡᠭ ᠢ ᠪᠠᠶᠢᠭᠤᠯᠵᠤ᠂ ᠰᠢᠷᠬᠤᠰᠤᠨ ᠪᠠᠯᠭᠠᠰᠣᠨ ᠤ ᠣᠷᠳᠣᠪᠡᠶᠡ ᠲᠤᠰᠬᠤᠨ ᠬᠢᠭᠡᠳ ᠣᠯᠠᠭᠠᠨᠲᠤᠯᠤᠭᠠᠢ | ᠪᠠᠯᠭᠠᠰᠣᠨ ᠤ ᠪᠠᠶᠠᠨᠰᠢᠯᠢ ᠭᠠᠴᠠᠭ᠎ᠠ ᠵᠡᠷᠭᠡ 2 ᠭᠠᠴᠠᠭ᠎ᠠ ᠲᠤᠰᠬᠤᠨ ᠢ ᠲᠤᠭᠲᠠᠮᠠᠯ ᠠᠵᠢᠭᠯᠠᠯᠲᠠ ᠶᠢᠨ ᠴᠡᠭ ᠢᠶᠠᠷ ᠲᠤᠭᠲᠠᠭᠠᠵᠤ᠂ ᠦᠷᠬᠦᠯᠵᠢ ᠶᠢᠨ ᠴᠢᠨᠠᠷᠲᠠᠢ | ᠪᠠᠷ ᠲᠤᠰᠬᠠᠢ ᠰᠡᠳᠦᠪᠲᠦ ᠪᠠᠶᠢᠴᠠᠭᠠᠯᠲᠠ ᠬᠢᠬᠦ ᠶᠢᠨ ᠲᠠᠭᠠᠤ ᠲᠤᠭ᠎ᠠ ᠪᠠᠷᠢᠮᠲᠠ ᠶᠢᠨ ᠬᠡᠷᠡᠭᠯᠡᠬᠡᠨ ᠤ ᠵᠠᠳᠠᠯᠤᠯᠲᠠ ᠬᠢᠵᠤ᠂ ᠲᠡᠭᠡᠲᠦ ᠱᠠᠳᠣᠨ ᠳᠤ ᠴᠢᠬᠤᠯᠠ | ᠯᠠᠪᠯᠠᠯᠲᠠ ᠶᠢᠨ ᠴᠢᠮᠡᠭᠡ ᠵᠠᠩᠬᠢ ᠶᠢ ᠴᠠᠭ ᠳᠠᠷᠣᠢ ᠳᠤᠨᠢ ᠣᠨᠣᠪᠴᠢᠲᠠᠢ ᠬᠠᠩᠭᠠᠪᠠ᠃ ᠦᠵᠡᠰᠬᠦᠯᠡᠩᠲᠦ ᠬᠦᠳᠡᠭᠡ ᠲᠤᠰᠬᠤᠨ ᠤ ᠪᠦᠳᠦᠬᠡᠨ ᠪᠠᠶᠢᠭᠤᠯᠣᠯᠲᠠ ᠶᠢᠨ | ᠲᠠᠭᠤᠷᠢᠶᠠᠯ ᠦᠵᠡᠬᠦᠯᠬᠦ ᠭᠠᠴᠠᠭ᠎ᠠ ᠲᠤᠰᠬᠤᠨ 16 ᠶᠢ ᠵᠣᠬᠢᠶᠠᠨ ᠪᠠᠶᠢᠭᠤᠯᠤᠨ ᠮᠡᠳᠡᠭᠦᠯᠵᠦ᠂ ᠣᠷᠳᠣᠰ ᠬᠤᠲᠠ ᠶᠢᠨ ᠬᠤᠶᠠᠳᠣᠭᠠᠷ ᠬᠤᠭᠤᠴᠠᠭᠠᠨ ᠤ | ᠦᠵᠡᠰᠬᠦᠯᠡᠩᠲᠦ ᠬᠦᠳᠡᠭᠡ ᠲᠤᠰᠬᠤᠨ ᠤ ᠵᠤᠭᠠᠴᠠᠯ ᠤᠨ ᠨᠠᠶᠢᠷ ᠢ ᠬᠤᠷᠰᠢᠨ ᠡᠷᠬᠢᠯᠡᠵᠦ᠂ ᠦᠵᠡᠰᠬᠦᠯᠡᠩᠲᠦ ᠬᠦᠳᠡᠭᠡ ᠲᠤᠰᠬᠤᠨ ᠤ ᠬᠡᠷᠡᠯ ᠵᠢᠷᠤᠭ ᠤᠨ | ᠦᠵᠡᠬᠦᠯᠭᠡ ᠶᠢ ᠵᠤᠬᠢᠶᠠᠨ ᠪᠠᠶᠢᠭᠤᠯᠤᠨ ᠦᠷᠨᠢᠭᠦᠯᠪᠡ᠃ ᠬᠤᠭ ᠲᠡᠭᠡᠭᠡᠬᠦ ᠲᠡᠷᠭᠡ 47᠂ ᠬᠤᠭ ᠤᠨ ᠰᠠᠪᠠ 768 ᠶᠢ ᠲᠤᠰ ᠲᠤᠰ ᠬᠤᠳᠠᠯᠳᠣᠨ ᠠᠪᠴᠤ | ᠲᠤᠬᠢᠷᠠᠭᠤᠯᠤᠨ᠂ ︿︿3 +100X﹀﹀ ᠤᠨ ᠠᠷᠭ᠎ᠠ ᠪᠠᠷ ᠵᠢᠯ ᠪᠦᠷᠢ ᠶᠢᠨ ᠡᠳ᠋ ᠤᠨ ᠵᠠᠰᠠᠭ ᠤᠨ ᠲᠦᠰᠦᠪ ᠲᠤ ︿︿ᠬᠦᠳᠡᠭᠡ ᠲᠤᠰᠬᠤᠨ ᠤ ᠬᠠᠮᠠᠭᠠᠯᠠᠯᠲᠠ | ᠶᠢᠨ ᠰᠦᠢᠳᠬᠡᠯ﹀﹀ ᠢ ᠣᠷᠣᠭᠤᠯᠵᠣ᠂ ︿︿ᠡᠷᠦᠬᠡ ᠲᠦᠷᠦᠯ ᠬᠤᠪᠢᠶᠠᠵᠤ᠂ ᠭᠠᠴᠠᠭ᠎ᠠ ᠲᠤᠰᠬᠤᠨ ᠴᠤᠭᠯᠠᠭᠤᠯᠤᠨ ᠬᠤᠷᠢᠶᠠᠵᠤ᠂ ᠰᠣᠮᠣ ᠪᠠᠯᠭᠠᠰᠣ | ᠵᠦᠭᠡᠭᠡᠪᠦᠷᠢᠯᠡᠨ ᠬᠤᠰᠢᠭᠤ ᠰᠢᠢᠳᠪᠦᠷᠢᠯᠡᠬᠦ﹀﹀ ᠣᠷᠴᠢᠨ ᠲᠤᠭᠤᠷᠢᠨ ᠤ ᠡᠷᠡᠬᠦᠯ ᠬᠠᠮᠠᠭᠠᠯᠠᠯ ᠤᠨ ᠴᠡᠪᠡᠷᠯᠡᠯᠲᠡ ᠶᠢᠨ ᠬᠡᠯᠪᠡᠷᠢ ᠶᠢ ᠰᠦᠪᠡᠭᠴᠢᠯᠡᠨ | ᠲᠡᠬᠦᠯᠳᠡᠷᠵᠢᠬᠦᠯᠪᠡ᠃ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠬᠡᠷᠡᠭᠵᠢᠬᠦᠯᠬᠦ ᠰᠠᠨᠠᠯ ᠢ ᠲᠠᠷᠣᠮᠠᠯᠯᠠᠨ ᠲᠠᠷᠬᠠᠭᠠᠵᠤ᠂ ᠦᠪᠡᠷᠳᠡᠭᠡᠨ ᠵᠠᠰᠠᠬᠤ ᠣᠷᠣᠨ | ᠤ ᠲᠡᠰ ᠤᠨ ᠭᠠᠴᠠᠭ᠎ᠠ ᠲᠤᠰᠬᠤᠨ 1᠂ ᠬᠤᠳᠠ ᠶᠢᠨ ᠲᠡᠰ ᠤᠨ ᠲᠠᠭᠤᠷᠢᠶᠠᠯ ᠦᠵᠡᠬᠦᠯᠬᠦ ᠭᠠᠴᠠᠭ᠎ᠠ ᠲᠤᠰᠬᠤᠨ 8 ᠶᠢ ᠲᠤᠭᠲᠠᠭᠠᠵᠤ᠂ ᠣᠷᠢᠲᠠᠪᠡᠷ ᠬᠦᠳᠡᠯᠦᠨ | ᠲᠤᠷᠰᠢᠵᠤ᠂ ᠲᠤᠷᠰᠢᠯᠭ᠎ᠠ ᠰᠦᠪᠡᠭᠴᠢᠯᠡᠪᠡ᠃ |