ᠮᠠᠨ ᠤ ᠬᠤᠰᠢᠭᠤ ᠠᠷᠠᠳ ᠢ ᠨᠡᠭᠦᠯᠭᠡᠨ ᠲᠦᠪᠬᠢᠨᠡᠬᠦᠯᠬᠦ ᠠᠵᠢᠯ ᠢ ᠡᠷᠴᠢᠮᠲᠠᠢ ᠬᠢᠵᠤ ᠪᠠᠶᠢᠨ᠎ᠠ
ᠨᠡᠶᠢᠲᠡᠯᠡᠭᠰᠡᠨ ᠴᠠᠭ᠄
2020/12/9
      ᠮᠠᠨ ᠤ ᠬᠤᠰᠢᠭᠤ ᠨᠢ ︽ᠭᠤᠷᠪᠠᠨ ᠲᠤᠭᠤᠷᠢᠭ︾  ᠤᠨ ᠲᠦᠯᠦᠪᠵᠢᠬᠦᠯᠭᠡ ᠶᠤᠰᠣᠭᠠᠷ ᠠᠮᠢ ᠠᠬᠤᠢ ᠶᠢᠨ ᠠᠷᠠᠳ ᠢ ᠨᠡᠬᠦᠯᠭᠡᠬᠦ ᠶᠢ ᠡᠮᠬᠢ ᠵᠢᠷᠣᠮ ᠲᠠᠢ ᠠᠬᠢᠭᠤᠯᠵᠤ᠂ ᠨᠡᠭᠦᠳᠡᠯ ᠠᠷᠠᠳ ᠤᠨ ᠲᠤᠭᠤᠷᠢᠭ ᠢ 3 ᠨᠢᠭᠡᠨᠲᠡ ᠪᠠᠶᠢᠭᠤᠯᠵᠤ᠂ ᠠᠮᠢ ᠠᠬᠤᠢ ᠶᠢᠨ ᠪᠠᠶᠢᠭᠠᠯᠢ ᠶᠢᠨ ᠰᠡᠷᠭᠦᠯᠲᠡ ᠶᠢᠨ ᠲᠤᠭᠤᠷᠢᠭ 2460 ᠳᠡᠭᠰᠢ ᠲᠦᠷᠪᠡᠯᠵᠢᠨ ᠺᠢᠯᠤᠮᠧᠲᠷ ᠢ ᠪᠦᠳᠦᠬᠡᠨ ᠪᠠᠶᠢᠭᠤᠯᠵᠣ᠂ ᠲᠦᠷᠪᠡᠨ ᠰᠣᠮᠣ ᠪᠠᠯᠭᠠᠰᠣᠨ ᠳᠤ ᠨᠡᠶᠢᠳᠡ ᠨᠡᠬᠦᠯᠭᠡᠵᠦ ᠨᠡᠭᠡᠭᠡᠯᠲᠡ ᠬᠢᠬᠦ ᠶᠢ ᠵᠤᠭᠰᠣᠭᠠᠭᠰᠠᠨ ᠮᠠᠯᠴᠢᠨ ᠲᠠᠷᠢᠶᠠᠴᠢᠨ ᠢ 1447 ᠡᠷᠦᠭᠡ 4856 ᠬᠦᠮᠦᠨ ᠢ ᠪᠦᠬᠦᠨ ᠢ ᠨᠡᠬᠦᠯᠭᠡᠨ ᠲᠦᠪᠬᠢᠨᠡᠬᠦᠯᠵᠦ᠂ ᠨᠡᠶᠢᠬᠡᠮ ᠲᠤᠭᠤᠷᠢᠭ ᠤᠨ ᠬᠠᠮᠢᠶᠠᠷᠣᠯᠲᠠ ᠳᠤ ᠣᠷᠣᠭᠤᠯᠪᠠ᠃ ᠣᠳᠣ ᠪᠣᠯᠲᠠᠯ᠎ᠠ ᠵᠦᠪᠰᠢᠶᠠᠷᠠᠯ ᠤᠯᠤᠭᠰᠠᠨ ᠬᠤᠶᠠᠷ ᠠᠭᠤᠷᠬᠠᠢ ᠶᠢᠨ ᠲᠤᠭᠤᠷᠢᠭ  ᠪᠣᠯᠬᠤ ᠨᠠᠷᠢᠠᠭᠤᠤᠯ ᠠᠭᠤᠷᠬᠠᠢ ᠶᠢᠨ ᠲᠤᠭᠤᠷᠢᠭ ᠪᠠ ᠬᠤᠵᠢᠷᠲᠤ ᠠᠭᠤᠷᠬᠠᠢ ᠶᠢᠨ ᠲᠤᠭᠤᠷᠢᠭ ᠪᠠᠶᠢᠵᠣ᠂ ᠬᠤᠯᠤᠰᠣ ᠵᠡᠷᠭᠡ 6 ᠨᠡᠬᠦᠷᠡᠰᠦᠨ ᠠᠭᠤᠷᠬᠠᠢ ᠶᠢᠨ ᠲᠤᠭᠤᠷᠢᠭ ᠤᠨ ᠠᠷᠠᠳ ᠢ ᠨᠡᠬᠦᠯᠬᠡᠬᠦ ᠠᠵᠢᠯ ᠢ ᠡᠬᠢᠯᠡᠬᠦᠯᠪᠡ᠃ ᠪᠠᠶᠢᠳᠠᠯ ᠢ ᠣᠶᠢᠯᠠᠭᠠᠬᠤ ᠪᠠᠶᠢᠴᠠᠭᠠᠨ ᠰᠣᠳᠣᠯᠣᠯᠲᠠ ᠶᠢ ᠦᠨᠳᠦᠰᠦᠯᠡᠪᠡᠯ᠂ ᠣᠶᠢᠷ᠎ᠠ ᠶᠢᠨ ᠠᠷᠪᠠᠨ ᠵᠢᠯ ᠤᠨ ᠲᠤᠲᠤᠷ᠎ᠠ 915 ᠡᠷᠦᠬᠡ 2477 ᠬᠦᠮᠦᠨ ᠢ ᠨᠡᠬᠦᠯᠭᠡᠨ ᠰᠢᠯᠵᠢᠬᠦᠯᠵᠦ ᠳᠦᠪᠬᠢᠨᠡᠬᠦᠯᠬᠦ ᠴᠢᠬᠤᠯᠠ ᠲᠠᠢ ᠪᠠᠶᠢᠵᠤ᠂ ᠤᠳᠣᠬᠠᠨ ᠳᠤ ᠨᠢᠭᠡᠨᠲᠡ  220 ᠡᠷᠦᠬᠡ 620 ᠬᠦᠮᠦᠨ ᠢ ᠨᠡᠬᠦᠯᠬᠡᠨ ᠲᠦᠪᠬᠢᠨᠡᠬᠦᠯᠪᠠ᠃ ᠦᠦᠰᠢᠨᠵᠣᠣ ᠶᠢᠨ ᠣᠰᠣᠨ ᠰᠣᠷᠪᠣᠯᠵᠢ ᠶᠢᠨ ᠣᠷᠣᠨ ᠤ ᠲᠤᠬᠠᠢ ᠶᠢᠨ ᠭᠠᠵᠠᠷ ᠲᠤ ᠨᠢ 2402 ᠡᠷᠦᠬᠡ 6144 ᠬᠦᠮᠦᠨ ᠢ ᠲᠦᠪᠬᠢᠨᠡᠬᠦᠯᠪᠠ︔ ᠬᠠᠳᠠᠭᠤᠴᠠᠶᠢᠳᠠᠮ ᠣᠰᠣᠨ ᠰᠣᠷᠪᠣᠯᠵᠢ ᠶᠢᠨ ᠭᠤᠤᠯ ᠣᠷᠣᠨ ᠤ ᠮᠠᠯᠴᠢᠨ ᠲᠠᠷᠢᠶᠠᠴᠢᠨ ᠢ ᠨᠡᠬᠦᠯᠬᠡᠨ ᠲᠦᠪᠬᠢᠨᠡᠬᠦᠯᠬᠦ ᠴᠢᠬᠤᠯᠠ ᠲᠠᠢ ᠪᠠᠶᠢᠨ᠎ᠠ᠃
ᠢᠷᠡᠯᠲᠡ᠄ ᠦᠤᠰᠢᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ