ᠰᠢᠨᠬᠤᠸᠠ ᠬᠤᠷᠢᠶᠠᠨ ᠤ ᠪᠡᠭᠡᠵᠢᠩ ᠤᠨ 1 ᠰᠠᠷ᠎ᠠ ᠶᠢᠨ 28 ᠤ ᠴᠠᠬᠢᠯᠭᠠᠨ ᠮᠡᠳᠡᠭᠡ ︵ᠰᠤᠷᠪᠤᠯᠵᠢᠯᠠᠬᠴᠢ ᠪᠠᠢ | ᠵᠢᠶᠧ︶ ᠤᠯᠤᠰ ᠤᠨ ᠲᠡᠷᠢᠬᠦᠯᠡᠭᠴᠢ ᠰᠢ ᠶᠢᠨ ᠫᠢᠩ 28 ᠤ ᠡᠳᠤᠷ ᠠᠷᠠᠳ ᠤᠨ ᠶᠡᠭᠡ ᠬᠤᠷᠡᠯ ᠤᠨ ᠲᠠᠩᠬᠢᠮ ᠳᠤ | ᠲᠡᠯᠡᠬᠡᠢ ᠶᠢᠨ ᠡᠷᠡᠬᠦᠯ ᠬᠠᠮᠠᠭᠠᠯᠠᠯ ᠤᠨ ᠵᠤᠬᠢᠶᠠᠨ ᠪᠠᠶᠢᠭᠤᠯᠤᠯᠳᠠ ᠶᠢᠨ ᠶᠡᠷᠤᠩᠬᠡᠢ ᠠᠵᠢᠯᠯᠠᠬᠴᠢ ᠲᠠᠨ ᠳ᠋ᠧ ᠰᠠᠢ ᠲᠠᠢ | ᠠᠭᠤᠯᠵᠠᠪᠠ᠃ | ᠰᠢ ᠶᠢᠨ ᠫᠢᠩ᠂ ᠤᠳᠤᠬᠠᠨ ᠳᠤ ᠲᠤᠮᠳᠠᠳᠤ ᠤᠯᠤᠰ ᠤᠨ ᠠᠷᠠᠳ ᠲᠦᠮᠡᠨ ᠶᠠᠭ ᠰᠢᠨ᠎ᠡ ᠬᠡᠯᠪᠡᠷᠢ ᠶᠢᠨ | ᠲᠢᠳᠢᠮᠯᠢᠭ ᠸᠢᠷᠦ᠋ᠰ ᠠᠴᠠ ᠬᠠᠯᠳᠠᠪᠤᠷᠢᠯᠠᠬᠰᠠᠠ ᠠᠭᠤᠰᠬᠢᠨ ᠤ ᠦᠷᠪᠢᠰᠦᠯ ᠤᠨ ᠬᠢᠵᠢᠭ ᠤᠨ ᠪᠠᠶᠢᠳᠠᠯ ᠲᠠᠢ ᠬᠠᠳᠠᠭᠤ | ᠴᠢᠩᠭ᠎ᠠ ᠲᠡᠮᠡᠴᠡᠯ ᠶᠠᠪᠤᠭᠤᠯᠵᠥ ᠪᠠᠶᠢᠨ᠎ᠠ᠃ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠤᠯᠤᠨ ᠪᠡᠶ᠎ᠡ | ᠮᠠᠬᠠᠪᠤᠳ ᠤᠨ ᠡᠷᠡᠬᠦᠯ ᠮᠡᠨᠳᠦ ᠪᠤᠯ ᠢᠮᠠᠬᠳᠠ ᠲᠡᠷᠢᠬᠦᠨ ᠴᠢᠬᠤᠯᠠ ᠶᠤᠮ᠂ ᠬᠢᠵᠢᠭ ᠤᠨ ᠪᠠᠶᠢᠳᠠᠯ ᠢ ᠰᠡᠷᠬᠡᠶᠢᠯᠡᠨ | ᠡᠵᠡᠮᠳᠡᠬᠦ ᠪᠤᠯ ᠤᠳᠤᠬᠠᠨ ᠤ ᠬᠠᠮᠤᠭ ᠤᠨ ᠴᠢᠬᠤᠯᠠ ᠠᠵᠢᠯ ᠪᠤᠯᠤᠨ᠎ᠠ᠃ ᠪᠢ ᠲᠤᠮᠳᠠᠳᠤ ᠤᠯᠤᠰ ᠤᠨ ᠪᠢᠯᠢᠭ ᠤᠨ | ᠤᠯᠠᠷᠢᠯ ᠤᠨ ᠴᠠᠭᠠᠨ ᠰᠠᠷ᠎ᠠ ᠶᠢᠨ ᠰᠢᠨ᠎ᠡ ᠶᠢᠨ ᠨᠢᠬᠡᠨ ᠳᠤ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ | ᠬᠤᠷᠢᠶᠡᠨ ᠤ ᠤᠯᠤᠰ ᠲᠦᠷᠦ ᠶᠢᠨ ᠲᠤᠪᠴᠢᠶᠠᠨ ᠤ ᠪᠠᠶᠢᠩᠭᠤ ᠶᠢᠨ ᠬᠤᠷᠢᠶᠡᠨ ᠤ ᠬᠤᠷᠡᠯ ᠢ ᠡᠷᠬᠢᠯᠡᠨ | ᠬᠤᠷᠡᠯᠳᠤᠭᠤᠯᠵᠥ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠲᠤᠬᠠᠢ ᠪᠦᠬᠦ ᠲᠡᠯ᠎ᠡ ᠪᠠᠷ ᠪᠠᠶᠢᠷᠢᠯᠠᠭᠤᠯᠵᠥ᠂ | ᠲᠦᠪ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠤᠨ ᠤᠳᠤᠷᠢᠳᠬᠤ ᠲᠤᠭᠤᠢᠢᠯᠠᠩ ᠢ ᠪᠠᠶᠢᠭᠤᠯᠵᠥ᠂ | ᠨᠢᠬᠡᠳᠤᠯᠳᠡᠢ ᠤᠳᠤᠷᠢᠳᠴᠦ᠂ ᠨᠢᠬᠡᠳᠤᠯᠳᠡᠢ ᠵᠢᠯᠤᠭᠤᠳᠴᠦ᠂ ᠡᠯ᠎ᠡ ᠭᠠᠵᠠᠷ ᠤᠨ ᠬᠢᠵᠢᠭ ᠤᠨ ᠪᠠᠶᠢᠳᠠᠯ ᠢ ᠰᠡᠷᠬᠡᠶᠢᠯᠡᠨ | ᠡᠵᠡᠮᠳᠡᠬᠦ ᠠᠵᠢᠯ ᠢ ᠲᠦᠷᠦᠯ ᠬᠤᠪᠢᠶᠠᠨ ᠵᠢᠯᠤᠭᠤᠳᠴᠠᠢ ᠬᠡᠵᠥ ᠴᠢᠬᠤᠯᠠᠴᠢᠯᠠᠪᠠ᠃ | ᠰᠢ ᠶᠢᠨ ᠫᠢᠩ᠂ ᠬᠢᠵᠢᠭ ᠤᠨ ᠪᠠᠶᠢᠳᠠᠯ ᠪᠤᠯ ᠠᠳᠠ ᠴᠢᠳᠬᠦᠷ ᠮᠦᠨ᠂ ᠪᠢᠳᠡ ᠠᠳᠠ ᠴᠢᠳᠬᠦᠷ ᠢ | ᠨᠢᠭᠤᠭᠲᠠᠭᠤᠯᠵᠤ ᠪᠤᠯᠬᠤ ᠦᠬᠡᠢ᠃ ᠲᠤᠮᠳᠠᠳᠤ ᠤᠯᠤᠰ ᠤᠨ ᠵᠠᠰᠠᠭ ᠤᠨ ᠤᠷᠳᠤᠨ ᠢᠯᠡ᠂ ᠲᠤᠳᠤ᠂ | ᠬᠠᠷᠢᠭᠤᠴᠠᠯᠭ᠎ᠠ ᠲᠠᠢ ᠤᠪᠤᠷ ᠢᠶᠠᠷ ᠤᠯᠤᠰ ᠤᠨ ᠲᠤᠳᠤᠭᠠᠳᠤ ᠭᠠᠳᠠᠭᠠᠳᠤ ᠳᠤ ᠬᠢᠵᠢᠭ ᠤᠨ ᠪᠠᠶᠢᠳᠠᠯ ᠤᠨ ᠮᠡᠳᠡᠭᠡ | ᠵᠠᠩᠬᠢ ᠶᠢ ᠴᠠᠭ ᠲᠤᠬᠠᠢ ᠳᠤᠨᠢ ᠨᠡᠶᠢᠳᠡᠯᠡᠵᠥ᠂ ᠡᠯ᠎ᠡ ᠲᠡᠯ᠎ᠡ ᠶᠢᠨ ᠠᠩᠬᠠᠷᠴᠦ ᠪᠠᠶᠢᠭ᠎ᠠ ᠠᠰᠠᠭᠤᠳᠠᠯ ᠳᠤ | ᠢᠳᠡᠪᠬᠢᠳᠡᠢ ᠪᠠᠷ ᠬᠠᠷᠢᠭᠤᠯᠳᠠ ᠦᠭᠴᠦ᠂ ᠲᠡᠯᠡᠬᠡᠢ ᠨᠡᠶᠢᠬᠡᠮ ᠯᠦᠭᠡ ᠶᠢᠨ ᠬᠠᠮᠳᠤᠷᠠᠯᠴᠠᠭ᠎ᠠ ᠪᠠᠨ ᠴᠢᠩᠭᠠᠳᠬᠠᠪᠠ᠃ | ᠲᠡᠯᠡᠬᠡᠢ ᠶᠢᠨ ᠡᠷᠡᠬᠦᠯ ᠬᠠᠮᠠᠭᠠᠯᠠᠯ ᠤᠨ ᠵᠤᠬᠢᠶᠠᠨ ᠪᠠᠶᠢᠭᠤᠯᠤᠯᠳᠠ ᠪᠦᠬᠦ ᠪᠦᠮᠪᠦᠷᠴᠡᠭ ᠤᠨ ᠡᠷᠡᠬᠦᠯ ᠬᠠᠮᠠᠭᠠᠯᠠᠯ ᠤᠨ | ᠬᠡᠷᠡᠭ ᠶᠠᠪᠤᠳᠠᠯ ᠢ ᠵᠤᠬᠢᠴᠠᠭᠤᠯᠬᠤ ᠲᠡᠯ᠎ᠡ ᠪᠠᠷ ᠴᠢᠬᠤᠯᠠ ᠦᠢᠯᠡᠳᠦᠯ ᠦᠵᠡᠬᠦᠯᠵᠥ ᠪᠠᠶᠢᠨ᠎ᠠ᠂ ᠲᠤᠮᠳᠠᠳᠤ ᠤᠯᠤᠰ | ᠲᠡᠯᠡᠬᠡᠢ ᠶᠢᠨ ᠡᠷᠡᠬᠦᠯ ᠬᠠᠮᠠᠭᠠᠯᠠᠯ ᠤᠨ ᠵᠤᠬᠢᠶᠠᠨ ᠪᠠᠶᠢᠭᠤᠯᠤᠯᠳᠠ ᠯᠤᠭ᠎ᠠ ᠶᠢᠨ ᠬᠠᠮᠳᠤᠷᠠᠯᠴᠠᠭ᠎ᠠ ᠪᠠᠨ ᠲᠡᠬᠡᠳᠤ | ᠬᠡᠮᠵᠢᠶ᠎ᠡ ᠪᠠᠷ ᠴᠢᠬᠤᠯᠠᠴᠢᠯᠠᠨ ᠦᠵᠡᠵᠥ ᠪᠠᠶᠢᠨ᠎ᠠ᠃ ᠲᠤᠮᠳᠠᠳᠤ ᠤᠯᠤᠰ ᠲᠡᠯᠡᠬᠡᠢ ᠶᠢᠨ ᠡᠷᠡᠬᠦᠯ ᠬᠠᠮᠠᠭᠠᠯᠠᠯ ᠤᠨ | ᠵᠤᠬᠢᠶᠠᠨ ᠪᠠᠶᠢᠭᠤᠯᠤᠯᠳᠠ ᠶᠢᠨ ᠬᠢᠨ ᠤ ᠡᠨᠡ ᠤᠳᠠᠭ᠎ᠠ ᠶᠢᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠳᠤ | ᠤᠷᠤᠯᠴᠠᠬᠤ ᠶᠢ ᠤᠬᠳᠤᠵᠥ ᠪᠠᠶᠢᠨ᠎ᠠ᠂ ᠲᠡᠯᠡᠬᠡᠢ ᠶᠢᠨ ᠡᠷᠡᠬᠦᠯ ᠬᠠᠮᠠᠭᠠᠯᠠᠯ ᠤᠨ ᠵᠤᠬᠢᠶᠠᠨ ᠪᠠᠶᠢᠭᠤᠯᠤᠯᠳᠠ ᠶᠢᠨ | ᠲᠤᠰᠬᠠᠢ ᠮᠡᠷᠬᠡᠵᠢᠯᠳᠡᠨ ᠨᠢᠬᠡᠨᠳᠡ ᠦᠬᠠᠨ ᠳᠤ ᠬᠦᠷᠴᠦ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠪᠠ᠃ | ᠲᠤᠮᠳᠠᠳᠤ ᠤᠯᠤᠰ ᠲᠡᠯᠡᠬᠡᠢ ᠶᠢᠨ ᠡᠷᠡᠬᠦᠯ ᠬᠠᠮᠠᠭᠠᠯᠠᠯ ᠤᠨ ᠵᠤᠬᠢᠶᠠᠨ ᠪᠠᠶᠢᠭᠤᠯᠤᠯᠳᠠ ᠪᠤᠯᠤᠨ ᠲᠡᠯᠡᠬᠡᠢ | ᠨᠡᠶᠢᠬᠡᠮ ᠤᠨ ᠬᠢᠨ ᠲᠠᠢ ᠬᠠᠮᠳᠤ ᠪᠠᠷ᠂ ᠭᠠᠵᠠᠷ ᠤᠷᠤᠨ ᠪᠤᠯᠤᠨ ᠪᠦᠬᠦ ᠪᠦᠮᠪᠦᠷᠴᠡᠭ ᠤᠨ ᠤᠯᠠᠨ ᠨᠡᠶᠢᠳᠡ ᠶᠢᠨ ᠡᠷᠡᠬᠦᠯ | ᠬᠠᠮᠠᠭᠠᠯᠠᠯ ᠤᠨ ᠠᠮᠤᠷ ᠲᠦᠪᠰᠢᠨ ᠢ ᠰᠠᠶᠢᠳᠤᠷ ᠬᠠᠮᠠᠭᠠᠯᠠᠨ᠎ᠠ᠃ ᠲᠡᠯᠡᠬᠡᠢ ᠶᠢᠨ ᠡᠷᠡᠬᠦᠯ ᠬᠠᠮᠠᠭᠠᠯᠠᠯ ᠤᠨ ᠵᠤᠬᠢᠶᠠᠨ | ᠪᠠᠶᠢᠭᠤᠯᠤᠯᠳᠠ ᠪᠤᠯᠤᠨ ᠲᠡᠯᠡᠬᠡᠢ ᠨᠡᠶᠢᠬᠡᠮ ᠤᠨ ᠬᠢᠨ ᠪᠤᠰᠤᠳᠴᠢ ᠪᠠᠷ ᠲᠦᠪ ᠭᠤᠤᠯᠴᠢ ᠪᠠᠷ᠂ ᠬᠢᠨᠠᠮᠠᠭᠠᠢ | ᠤᠶᠤᠨᠴᠢ ᠪᠠᠷ ᠬᠢᠵᠢᠭ ᠤᠨ ᠪᠠᠶᠢᠳᠠᠯ ᠢ ᠦᠨᠡᠯᠡᠨ ᠵᠢᠱᠢᠨ᠎ᠡ ᠬᠡᠳᠡᠭ ᠢ ᠢᠳᠡᠬᠡᠵᠥ ᠪᠠᠶᠢᠨ᠎ᠠ ᠬᠡᠵᠥ ᠵᠢᠭᠠᠵᠥ ᠭᠠᠷᠭᠠᠪᠠ᠃ | ᠰᠢ ᠶᠢᠨ ᠫᠢᠩ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠪᠠᠳᠤ ᠴᠢᠩᠭ᠎ᠠ ᠤᠳᠤᠷᠢᠳᠤᠯᠭ᠎ᠠ ᠲᠤᠤᠷ᠎ᠡ᠂ | ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮᠳᠤ ᠪᠠᠶᠢᠭᠤᠯᠤᠯ ᠤᠨ ᠲᠠᠪᠠᠭᠤᠯᠢᠭ ᠢ ᠬᠦᠢᠴᠡᠳ | ᠪᠠᠳᠠᠷᠠᠭᠤᠯᠵᠥ᠂ ᠠᠷᠠᠳ ᠤᠯᠠᠨ ᠳᠤ ᠨᠢᠬᠳᠠ ᠲᠦᠰᠢᠭᠯᠡᠵᠥ᠂ ᠢᠳᠡᠬᠡᠯ ᠵᠤᠷᠢᠭ ᠢᠶᠠᠨ ᠪᠠᠳᠤᠳᠬᠠᠵᠥ᠂ ᠬᠠᠳᠠᠭᠤ | ᠪᠡᠷᠭᠡᠰᠢᠶᠡᠯ ᠢ ᠬᠠᠮᠳᠤ ᠪᠠᠷ ᠲᠤᠭᠤᠯᠵᠥ᠂ ᠰᠢᠨᠵᠢᠯᠡᠬᠦ ᠤᠬᠠᠭᠠᠨᠴᠢ ᠪᠠᠷ ᠰᠡᠷᠬᠡᠶᠢᠯᠡᠨ ᠵᠠᠰᠠᠵᠥ᠂ ᠲᠦᠷᠦ ᠶᠢᠨ | ᠪᠤᠳᠤᠯᠭ᠎ᠠ ᠶᠢ ᠨᠠᠷᠢᠨ ᠤᠨᠤᠪᠴᠢᠳᠠᠢ ᠬᠡᠷᠡᠭᠵᠢᠬᠦᠯᠪᠠᠯ᠂ ᠪᠢᠳᠡᠨ ᠳᠤ ᠡᠨᠡ ᠤᠳᠠᠭ᠎ᠠ ᠶᠢᠨ ᠬᠢᠵᠢᠭ ᠤᠨ ᠪᠠᠶᠢᠳᠠᠯ ᠢ | ᠰᠡᠷᠬᠡᠶᠢᠯᠡᠨ ᠡᠵᠡᠮᠳᠡᠵᠤ ᠬᠤᠷᠢᠬᠯᠠᠨ ᠠᠷᠢᠯᠭᠠᠬᠤ ᠲᠠᠶᠢᠯᠠᠯᠳᠤᠭᠠᠨ ᠤ ᠢᠯᠠᠯᠳᠠ ᠶᠢ ᠤᠯᠬᠤ ᠢᠳᠡᠬᠡᠯ᠂ ᠴᠢᠳᠠᠪᠤᠷᠢ | ᠪᠦᠷᠢᠨ ᠪᠠᠶᠢᠨ᠎ᠠ ᠬᠡᠵᠥ ᠴᠢᠬᠤᠯᠠᠴᠢᠯᠠᠪᠠ᠃ | ᠲᠠᠨ ᠳ᠋ᠧ ᠰᠠᠢ ᠲᠡᠷᠢᠬᠦᠯᠡᠭᠴᠢ ᠰᠢ ᠶᠢᠨ ᠫᠢᠩ ᠪᠤᠯᠤᠨ ᠲᠤᠮᠳᠠᠳᠤ ᠤᠯᠤᠰ ᠤᠨ ᠠᠷᠠᠳ ᠲᠦᠮᠡᠨ ᠳᠤ ᠴᠠᠭᠠᠨ | ᠰᠠᠷ᠎ᠠ ᠶᠢᠨ ᠬᠦᠰᠡᠯ ᠵᠦᠩᠨᠡᠯ ᠲᠡᠪᠰᠢᠬᠦᠯᠪᠡ᠃ ᠲᠡᠷᠡ᠂ ᠬᠢᠵᠢᠭ ᠤᠨ ᠪᠠᠶᠢᠳᠠᠯ ᠤᠨ ᠡᠮᠤᠨ᠎ᠡ᠂ ᠲᠤᠮᠳᠠᠳᠤ ᠤᠯᠤᠰ ᠤᠨ | ᠵᠠᠰᠠᠭ ᠤᠨ ᠤᠷᠳᠤᠨ ᠡᠷᠡᠰ ᠪᠠᠳᠤ ᠤᠯᠤᠰ ᠲᠦᠷᠦ ᠶᠢᠨ ᠰᠢᠢᠳᠮᠡᠭ ᠵᠤᠷᠢᠭ ᠢ ᠢᠯᠡᠷᠡᠬᠦᠯᠵᠥ᠂ ᠴᠠᠭ ᠲᠤᠬᠠᠢ ᠳᠤᠨᠢ | ᠬᠦᠴᠦᠳᠠᠢ ᠠᠷᠭ᠎ᠠ ᠬᠡᠮᠵᠢᠶ᠎ᠡ ᠠᠪᠤᠭᠰᠠᠠ ᠨᠢ ᠪᠢᠰᠢᠷᠡᠬᠦᠰᠢᠳᠠᠢ ᠪᠠᠶᠢᠨ᠎ᠠ᠃ ᠲᠡᠷᠢᠬᠦᠯᠡᠭᠴᠢ ᠰᠢ ᠶᠢᠨ ᠫᠢᠩ | ᠪᠡᠶ᠎ᠡ ᠪᠠᠷ ᠢᠶᠠᠨ ᠵᠢᠯᠤᠭᠤᠳᠴᠦ᠂ ᠪᠡᠶ᠎ᠡ ᠪᠠᠷ ᠢᠶᠠᠨ ᠪᠠᠶᠢᠷᠢᠯᠠᠭᠤᠯᠵᠥ᠂ ᠭᠠᠷᠮᠠᠭᠠᠢ ᠤᠳᠤᠷᠢᠳᠬᠤ ᠴᠢᠳᠠᠪᠤᠷᠢ ᠪᠠᠨ | ᠢᠯᠡᠷᠡᠬᠦᠯᠪᠡ᠃ | ᠲᠤᠮᠳᠠᠳᠤ ᠤᠯᠤᠰ ᠮᠡᠳᠡᠭᠡ ᠵᠠᠩᠬᠢ ᠶᠢ ᠢᠯᠡ ᠲᠤᠳᠤ ᠪᠠᠷ ᠨᠡᠶᠢᠳᠡᠯᠡᠵᠥ᠂ ᠰᠢᠨ᠎ᠡ ᠲᠡᠮᠳᠡᠭᠯᠡᠯ ᠡᠬᠦᠳᠦᠭᠰᠡᠡ | ᠤᠬᠤᠷ ᠬᠤᠭᠤᠴᠠᠭᠠᠨ ᠳᠤ ᠡᠪᠡᠳᠴᠢᠨ ᠡᠬᠦᠰᠭᠡᠭᠴᠢ ᠶᠢ ᠢᠯᠭᠠᠨ ᠲᠤᠳᠤᠯᠵᠥ᠂ ᠴᠠᠭ ᠲᠤᠬᠠᠢ ᠳᠤᠨᠢ | ᠰᠠᠨᠠᠭᠠᠴᠢᠯᠠᠭ᠎ᠠ ᠠᠴᠠ ᠪᠠᠨ ᠲᠡᠯᠡᠬᠡᠢ ᠶᠢᠨ ᠡᠷᠡᠬᠦᠯ ᠬᠠᠮᠠᠭᠠᠯᠠᠯ ᠤᠨ ᠵᠤᠬᠢᠶᠠᠨ ᠪᠠᠶᠢᠭᠤᠯᠤᠯᠳᠠ ᠪᠤᠯᠤᠨ ᠪᠤᠰᠤᠳ | ᠤᠯᠤᠰ ᠲᠠᠢ ᠬᠠᠮᠢᠶ᠎ᠠ ᠪᠦᠬᠦᠢ ᠸᠢᠷᠦ᠋ᠰ ᠤᠨ ᠭᠧᠨ ᠤ ᠵᠢᠭᠰᠠᠯ ᠢ ᠬᠤᠪᠢᠶᠠᠯᠴᠠᠨ ᠡᠳ᠋ᠯᠡᠪᠡ᠃ ᠲᠤᠮᠳᠠᠳᠤ ᠤᠯᠤᠰ ᠤᠨ | ᠠᠪᠤᠭᠰᠠᠠ ᠠᠷᠭ᠎ᠠ ᠬᠡᠮᠵᠢᠶ᠎ᠡ ᠨᠢ ᠲᠤᠮᠳᠠᠳᠤ ᠤᠯᠤᠰ ᠤᠨ ᠠᠷᠠᠳ ᠲᠦᠮᠡᠨ ᠢ ᠬᠠᠮᠠᠭᠠᠯᠠᠬᠰᠠᠠ ᠲᠡᠳᠤᠢ ᠦᠬᠡᠢ ᠪᠠᠰᠠ | ᠲᠡᠯᠡᠬᠡᠢ ᠶᠢᠨ ᠠᠷᠠᠳ ᠲᠦᠮᠡᠨ ᠢ ᠬᠠᠮᠠᠭᠠᠯᠠᠪᠠ᠂ ᠪᠢᠳᠡ ᠡᠬᠦᠨ ᠳᠤ ᠴᠢᠩ ᠰᠡᠳᠬᠢᠯ ᠠᠴᠠ ᠪᠠᠨ ᠲᠠᠯᠠᠷᠬᠠᠵᠥ ᠪᠠᠶᠢᠨ᠎ᠠ᠃ | ᠲᠤᠮᠳᠠᠳᠤ ᠤᠯᠤᠰ ᠤᠨ ᠠᠵᠢᠯᠯᠠᠭ᠎ᠠ ᠶᠢᠨ ᠬᠤᠷᠳᠤᠴᠡ ᠶᠢᠨ ᠲᠦᠷᠬᠡᠨ᠂ ᠬᠡᠪᠴᠢᠶ᠎ᠡ ᠶᠢᠨ ᠶᠡᠭᠡ ᠨᠢ ᠲᠡᠯᠡᠬᠡᠢ ᠳᠤ | ᠬᠤᠪᠤᠷ ᠪᠠᠶᠢᠵᠥ᠂ ᠲᠤᠮᠳᠠᠳᠤ ᠤᠯᠤᠰ ᠤᠨ ᠬᠤᠷᠳᠤᠴᠠ᠂ ᠲᠤᠮᠳᠠᠳᠤ ᠤᠯᠤᠰ ᠤᠨ ᠬᠡᠪᠴᠢᠶ᠎ᠡ᠂ ᠲᠤᠮᠳᠠᠳᠤ | ᠤᠯᠤᠰ ᠤᠨ ᠦᠷ᠎ᠡ ᠪᠦᠳᠦᠮᠵᠢ ᠶᠢ ᠢᠯᠡᠷᠡᠬᠦᠯᠪᠡ᠂ ᠪᠢᠳᠡ ᠡᠬᠦᠨ ᠢ ᠲᠡᠬᠡᠳᠤ ᠬᠡᠮᠵᠢᠶ᠎ᠡ ᠪᠠᠷ ᠮᠠᠬᠳᠠᠨ ᠰᠠᠶᠢᠰᠢᠶᠠᠵᠥ | ᠪᠠᠶᠢᠨ᠎ᠠ᠃ ᠡᠨᠡ ᠪᠤᠯ ᠲᠤᠮᠳᠠᠳᠤ ᠤᠯᠤᠰ ᠤᠨ ᠪᠠᠶᠢᠭᠤᠯᠤᠯ ᠤᠨ ᠲᠠᠪᠠᠭᠤᠯᠢᠭ ᠪᠤᠯᠤᠨ᠎ᠠ᠂ ᠬᠠᠮᠢᠶ᠎ᠠ ᠪᠦᠬᠦᠢ | ᠲᠤᠷᠰᠢᠯᠭ᠎ᠠ ᠶᠢ ᠪᠤᠰᠤᠳ ᠤᠯᠤᠰ ᠲᠤᠯᠢ ᠪᠤᠯᠭᠠᠭᠤᠰᠢᠳᠠᠢ ᠪᠠᠶᠢᠨ᠎ᠠ᠃ ᠲᠤᠮᠳᠠᠳᠤ ᠤᠯᠤᠰ ᠤᠨ ᠠᠪᠤᠬᠰᠠᠠ ᠠᠷᠭ᠎ᠠ | ᠬᠡᠮᠵᠢᠶ᠎ᠡ ᠬᠢᠵᠢᠭ ᠤᠨ ᠪᠠᠶᠢᠳᠠᠯ ᠢ ᠪᠦᠳᠦᠮᠵᠢᠳᠡᠢ ᠬᠤᠷᠢᠬᠯᠠᠬᠤ ᠪᠦᠬᠡᠳ ᠡᠴᠤᠰ ᠲᠡᠭᠡᠨ ᠬᠢᠵᠢᠭ ᠤᠨ ᠪᠠᠶᠢᠳᠠᠯ ᠢ | ᠢᠯᠠᠨ᠎ᠠ ᠬᠡᠳᠡᠭ ᠢ ᠪᠢ ᠢᠳᠡᠬᠡᠵᠥ ᠪᠠᠶᠢᠨ᠎ᠠ᠃ ᠲᠡᠯᠡᠬᠡᠢ ᠶᠢᠨ ᠡᠷᠡᠬᠦᠯ ᠬᠠᠮᠠᠭᠠᠯᠠᠯ ᠤᠨ ᠵᠤᠬᠢᠶᠠᠨ ᠪᠠᠶᠢᠭᠤᠯᠤᠯᠳᠠ | ᠲᠤᠮᠳᠠᠳᠤ ᠤᠯᠤᠰ ᠤᠨ ᠬᠢᠵᠢᠭ ᠤᠨ ᠪᠠᠶᠢᠳᠠᠯ ᠲᠠᠢ ᠲᠡᠮᠡᠴᠡᠬᠦ ᠪᠠᠷ ᠠᠪᠤᠭᠰᠠᠠ ᠠᠷᠭ᠎ᠠ ᠬᠡᠮᠵᠢᠶ᠎ᠡ ᠶᠢ ᠡᠷᠡᠰ ᠲᠡᠮᠵᠢᠵᠥ᠂ | ᠲᠤᠷᠠᠳᠠᠶ᠎ᠠ ᠲᠤᠮᠳᠠᠳᠤ ᠤᠯᠤᠰ ᠯᠤᠭ᠎ᠠ ᠨᠡᠪᠳᠡᠷᠡᠯᠴᠡᠭᠡ ᠬᠠᠮᠳᠤᠷᠠᠯᠴᠠᠭ᠎ᠠ ᠪᠠᠨ ᠴᠢᠩᠭᠠᠳᠬᠠᠵᠥ᠂ ᠠᠯᠢᠪᠠ ᠴᠢᠬᠤᠯᠠ | ᠪᠦᠬᠦᠢ ᠬᠠᠪᠰᠤᠷᠤᠯᠭ᠎ᠠ ᠬᠠᠩᠭᠠᠨ᠎ᠠ᠃ ᠲᠡᠯᠡᠬᠡᠢ ᠶᠢᠨ ᠡᠷᠡᠬᠦᠯ ᠬᠠᠮᠠᠭᠠᠯᠠᠯ ᠤᠨ ᠵᠤᠬᠢᠶᠠᠨ ᠪᠠᠶᠢᠭᠤᠯᠤᠯᠳᠠ ᠰᠢᠨᠵᠢᠯᠡᠬᠦ | ᠤᠬᠠᠭᠠᠨ ᠪᠤᠯᠤᠨ ᠪᠤᠳᠠᠳᠤ ᠶᠠᠪᠤᠳᠠᠯ ᠢᠶᠠᠷ ᠦᠨᠳᠦᠰᠦᠯᠡᠯ ᠪᠤᠯᠭᠠᠨ ᠮᠠᠭᠠᠳᠯᠠᠯᠳᠡ ᠬᠢᠬᠦ ᠶᠢ ᠪᠠᠷᠢᠮᠳᠠᠯᠠᠵᠥ᠂ ᠬᠡᠳᠤ | ᠲᠤᠰᠬᠠᠯ ᠭᠠᠷᠭᠠᠬᠤ ᠪᠤᠯᠤᠨ ᠤᠷᠤ ᠦᠭᠡᠢ ᠭᠠᠵᠠᠷ ᠤᠪᠤᠭ᠎ᠠ ᠪᠤᠰᠬᠠᠬᠤ ᠶᠢ ᠡᠰᠡᠷᠬᠦᠴᠡᠨ᠎ᠡ᠃ ᠲᠡᠯᠡᠬᠡᠢ ᠶᠢᠨ ᠡᠷᠡᠬᠦᠯ | ᠬᠠᠮᠠᠭᠠᠯᠠᠯ ᠤᠨ ᠵᠤᠬᠢᠶᠠᠨ ᠪᠠᠶᠢᠭᠤᠯᠤᠯᠳᠠ ᠲᠤᠮᠳᠠᠳᠤ ᠤᠯᠤᠰ ᠤᠨ ᠬᠢᠨ ᠤ ᠪᠦᠬᠦ ᠪᠦᠮᠪᠦᠷᠴᠡᠭ ᠤᠨ ᠡᠷᠡᠬᠦᠯ | ᠬᠠᠮᠠᠭᠠᠯᠠᠯ ᠤᠨ ᠦᠢᠯᠡᠰ ᠲᠤ ᠴᠢᠬᠤᠯᠠ ᠦᠢᠯᠡᠳᠦᠯ ᠪᠤᠯᠤᠨ ᠬᠤᠪᠢ ᠨᠡᠮᠡᠷᠢ ᠦᠵᠡᠬᠦᠯᠥᠭᠰᠡᠡ ᠢ ᠲᠡᠬᠡᠳᠤ ᠬᠡᠮᠵᠢᠶ᠎ᠡ ᠪᠠᠷ | ᠮᠠᠬᠳᠠᠨ ᠰᠠᠶᠢᠰᠢᠶᠠᠵᠥ᠂ ᠲᠤᠷᠠᠳᠠᠶ᠎ᠠ ᠲᠤᠮᠳᠠᠳᠤ ᠤᠯᠤᠰ ᠯᠤᠭ᠎ᠠ ᠦᠷᠬᠦᠯᠵᠢᠯᠡᠨ ᠪᠠᠶᠢᠯᠳᠤᠬᠤ ᠪᠤᠳᠤᠯᠭ᠎ᠠ ᠶᠢᠨ | ᠬᠠᠮᠳᠤᠷᠠᠯᠴᠠᠭ᠎ᠠ ᠦᠷᠨᠢᠬᠦᠯᠥᠨ᠎ᠡ ᠬᠡᠵᠥ ᠢᠯᠡᠳᠬᠡᠪᠡ᠃ | ᠳ᠋ᠢᠩ ᠰᠢᠤᠸᠠᠢ ᠰᠢᠶᠠᠩ᠂ ᠶᠠᠩ ᠵᠢᠶᠧ ᠤᠤᠢ᠂ ᠸᠠᠩ ᠢ ᠨᠠᠷ ᠠᠭᠤᠯᠵᠠᠯᠳᠡ ᠳᠤ ᠤᠷᠤᠯᠴᠠᠪᠠ᠃ | |