ᠰᠢ ᠶᠢᠨ ᠫᠢᠩ ᠴᠡᠷᠢᠭ ᠠᠩᠭᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠳᠤᠷ ᠬᠢᠬᠦ ᠲᠤᠬᠠᠢ ᠴᠢᠬᠤᠯᠠ ᠵᠢᠭᠠᠪᠤᠷᠢ ᠦᠭᠴᠦ ᠵᠤᠷᠢᠯᠳᠠ ᠪᠠᠨ ᠪᠠᠲᠤ ᠴᠡᠭᠡᠵᠢᠯᠡᠵᠦ ᠬᠦᠨᠳᠦ ᠡᠭᠦᠷᠭᠡ ᠶᠢ ᠵᠤᠷᠢᠭᠳᠠᠢ ᠡᠭᠦᠷᠭᠡᠯᠡᠵᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠬᠤᠷᠢᠭᠯᠠᠨ ᠠᠷᠢᠯᠭᠠᠬᠤ ᠳᠠᠶᠢᠯᠠᠯᠳᠤᠭᠠᠨ ᠤ ᠢᠯᠠᠯᠲᠠ ᠶᠢ ᠤᠯᠬᠤ ᠳᠤ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ
ᠨᠡᠶᠢᠲᠡᠯᠡᠭᠰᠡᠨ ᠴᠠᠭ᠄
2020-02-01
     ᠰᠢᠨᠬᠤᠸᠠ ᠬᠤᠷᠢᠶᠠᠨ ᠤ ᠪᠡᠬᠡᠵᠢᠩ ᠤᠨ 1 ᠰᠠᠷ᠎ᠠ ᠶᠢᠨ 29 ᠤ ᠴᠠᠬᠢᠯᠭᠠᠨ ᠮᠡᠳᠡᠭᠡ ᠨᠠᠮ ᠤᠨ ᠲᠦᠪ ᠬᠤᠷᠢᠶᠠᠨ ᠤ ᠶᠠᠷᠤᠩᠬᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠩ ᠤᠢᠢᠷ᠎ᠠ ᠶᠢᠨ ᠡᠳᠤᠷ ᠴᠡᠷᠢᠭ ᠠᠩᠬᠢ ᠰᠢᠨ᠎ᠠ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠬᠡᠶᠢᠯᠠᠨ ᠡᠵᠡᠮᠳᠡᠬᠦ ᠠᠵᠢᠯ ᠢ ᠰᠠᠶᠢᠳᠤᠷ ᠬᠢᠬᠦ ᠳᠤᠬᠠᠢ ᠴᠢᠬᠤᠯᠠ ᠵᠢᠭᠠᠪᠤᠷᠢ ᠦᠭᠴᠠᠢ᠃      ᠰᠢ ᠶᠢᠨ ᠫᠢᠩ᠂ ᠬᠤᠪᠸᠢ ᠮᠤᠵᠢ ᠶᠢᠨ ᠦᠬᠠᠨ ᠬᠤᠳᠠ ᠵᠡᠷᠬᠡ ᠭᠠᠵᠠᠷ ᠤᠷᠤᠨ ᠢᠶᠠᠷ ᠰᠢᠨ᠎ᠠ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠤᠨ ᠬᠢᠵᠢᠭ ᠤᠨ ᠪᠠᠶᠢᠳᠠᠯ ᠭᠠᠷᠤᠬᠰᠠᠨ ᠤ ᠲᠠᠷᠠᠭ᠎ᠠ᠂ ᠮᠠᠨ ᠤ ᠴᠡᠷᠢᠭ ᠨᠠᠮ ᠤᠨ ᠲᠦᠪ ᠬᠤᠷᠢᠶᠠᠨ ᠤ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠡᠷᠡᠰ ᠲᠤᠭᠤᠰᠢᠯᠠᠭᠤᠯᠵᠤ᠂ ᠬᠤᠯᠪᠤᠭᠠᠯᠠᠨ ᠰᠡᠷᠬᠡᠶᠢᠯᠡᠵᠤ ᠬᠤᠯᠪᠤᠭᠠᠯᠠᠨ ᠡᠵᠡᠮᠳᠡᠬᠦ ᠠᠵᠢᠯ ᠤᠨ ᠲᠤᠬᠳᠠᠴᠠ ᠶᠢ ᠦᠳᠲᠡᠷ ᠲᠦᠷᠬᠡᠨ ᠡᠬᠢᠯᠡᠬᠦᠯᠵᠤ᠂ ᠰᠢᠯᠢᠳᠡᠭ ᠴᠡᠷᠢᠭ ᠪᠠᠭᠠᠳᠤᠷ ᠵᠠᠩᠵᠤᠨ ᠢ ᠲᠦᠷᠬᠡᠨ ᠲᠠᠳᠠᠵᠤ ᠵᠤᠬᠢᠶᠠᠨ ᠪᠠᠶᠢᠭᠤᠯᠤᠭᠠᠳ ᠬᠢᠵᠢᠭ ᠤᠨ ᠪᠠᠶᠢᠳᠠᠯ ᠢ ᠰᠡᠷᠬᠡᠶᠢᠯᠠᠨ ᠡᠵᠡᠮᠳᠡᠬᠦ ᠡᠮᠤᠨ᠎ᠠ ᠹᠷᠤᠨᠲ ᠲᠤ ᠲᠤᠮᠢᠯᠠᠬᠰᠠᠨ ᠪᠠᠶᠢᠨ᠎ᠠ ᠬᠡᠵᠤ ᠵᠢᠭᠠᠵᠤ ᠭᠠᠷᠭᠠᠪᠠ᠃      ᠰᠢ ᠶᠢᠨ ᠫᠢᠩ᠂ ᠤᠳᠤᠬᠠᠨ ᠳᠤ ᠬᠢᠵᠢᠭ ᠤᠨ ᠪᠠᠶᠢᠳᠠᠯ ᠢ ᠰᠡᠷᠬᠡᠶᠢᠯᠠᠨ ᠡᠵᠡᠮᠳᠡᠬᠦ ᠪᠠᠶᠢᠳᠠᠯ ᠮᠦᠨ ᠯᠠ ᠬᠦᠨᠳᠤ ᠬᠡᠴᠡᠬᠦᠤ ᠪᠤᠳᠤᠯᠢᠶᠠᠨᠳᠠᠢ ᠪᠠᠶᠢᠨ᠎ᠠ᠃ ᠪᠦᠬᠦ ᠴᠡᠷᠢᠭ ᠨᠠᠮ ᠤᠨ ᠲᠦᠪ ᠬᠤᠷᠢᠶ᠎ᠠ ᠪᠤᠯᠤᠨ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠨᠢᠬᠡᠳᠤᠯᠳᠠᠢ ᠵᠢᠯᠤᠭᠤᠳᠤᠯᠭ᠎ᠠ ᠲᠤᠤᠷ᠎ᠠ᠂ ᠠᠷᠠᠳ ᠤᠨ ᠴᠡᠷᠢᠭ ᠠᠩᠬᠢ ᠶᠢᠨ ᠵᠤᠷᠢᠯᠳᠠ ᠶᠢ ᠪᠠᠳᠤ ᠴᠡᠬᠡᠵᠢᠯᠠᠵᠤ᠂ ᠵᠠᠷᠯᠢᠬ ᠢ ᠰᠤᠨᠤᠰᠤᠮᠠᠬᠴᠠ ᠬᠦᠳᠡᠯᠤᠯᠴᠠᠵᠤ᠂ ᠬᠦᠨᠳᠤ ᠡᠬᠦᠷᠬᠡ ᠶᠢ ᠵᠤᠷᠢᠬᠳᠠᠢ ᠡᠬᠦᠷᠬᠡᠯᠠᠨ᠂ ᠬᠠᠳᠠᠭᠤ ᠲᠠᠶᠢᠯᠠᠯᠳᠤᠭᠠᠨ ᠬᠢᠵᠤ᠂ ᠤᠷᠤᠨ ᠨᠤᠳᠤᠬ ᠤᠨ ᠬᠢᠵᠢᠭ ᠤᠨ ᠪᠠᠶᠢᠳᠠᠯ ᠢ ᠰᠡᠷᠬᠡᠶᠢᠯᠠᠨ ᠡᠵᠡᠮᠳᠡᠬᠦ ᠠᠵᠢᠯ ᠢ ᠢᠳᠡᠪᠬᠢᠳᠠᠢ ᠲᠤᠰᠠᠯᠠᠬᠤ ᠭᠡᠷᠡᠭᠳᠠᠢ᠃ ᠮᠠᠨ ᠤ ᠴᠡᠷᠢᠭ ᠦᠬᠠᠨ ᠤ ᠡᡁᠦ᠋ᠸᠧ ᠱᠧᠨ ᠱᠠᠨ ᠡᠮᠨᠡᠯᠭᠡ ᠶᠢᠨ ᠬᠤᠷᠢᠶᠠᠨ ᠤ ᠡᠮᠨᠡᠨ ᠠᠪᠤᠷᠠᠨ ᠵᠠᠰᠠᠬᠤ ᠡᠬᠦᠷᠬᠡ ᠶᠢ ᠡᠬᠦᠷᠬᠡᠯᠡᠭᠰᠡᠨ ᠨᠢ ᠨᠠᠮ ᠪᠤᠯᠤᠨ ᠠᠷᠠᠳ ᠲᠦᠮᠡᠨ ᠲᠡᠭᠡᠳᠤ ᠬᠡᠮᠵᠢᠶ᠎ᠠ ᠪᠠᠷ ᠢᠳᠡᠬᠡᠵᠤ ᠪᠠᠶᠢᠭ᠎ᠠ ᠶᠠᠪᠤᠲᠠᠯ ᠮᠦᠨ᠂ ᠵᠤᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠴᠡᠷᠢᠭ ᠠᠩᠭᠢ ᠪᠤᠯᠤᠨ ᠤᠷᠤᠨ ᠨᠤᠳᠤᠬ ᠤᠨ ᠬᠠᠮᠵᠢᠯᠴᠠᠭ᠎ᠠ ᠶᠢ ᠨᠢᠬᠳᠠᠷᠠᠭᠤᠯᠵᠤ᠂ ᠰᠢᠨᠵᠢᠯᠡᠬᠦ ᠤᠬᠠᠭᠠᠨᠴᠢ ᠪᠠᠷ ᠡᠮᠨᠡᠨ ᠵᠠᠰᠠᠬᠤ ᠶᠢ ᠪᠠᠷᠢᠮᠳᠠᠯᠠᠵᠤ᠂ ᠲᠤᠰ ᠪᠠᠶ᠎ᠠ ᠶᠢᠨ ᠬᠠᠮᠠᠭᠠᠯᠠᠯᠲᠠ ᠪᠠᠨ ᠰᠠᠶᠢᠳᠤᠷ ᠬᠢᠵᠤ᠂ ᠬᠦᠨᠳᠤ ᠬᠦᠰᠡᠯ ᠨᠠᠶᠢᠳᠠᠯᠭ᠎ᠠ ᠶᠢ ᠬᠦᠰᠡᠷᠳᠡᠬᠦᠯᠵᠤ ᠪᠤᠯᠬᠤ ᠦᠬᠡᠢ᠂ ᠲᠠᠷᠬᠠᠨ ᠡᠬᠦᠷᠬᠡ ᠪᠠᠨ ᠭᠤᠳᠤᠭᠠᠵᠤ ᠪᠤᠯᠬᠤ ᠦᠬᠡᠢ᠃ ᠮᠠᠨ ᠤ ᠴᠡᠷᠢᠭ ᠤᠨ ᠬᠤᠯᠪᠤᠬᠳᠠᠯ ᠪᠦᠬᠦᠢ ᠡᠮᠨᠡᠯᠬᠡ ᠶᠢᠨ ᠬᠤᠷᠢᠶᠠᠨ ᠤ ᠬᠢᠨ ᠡᠪᠡᠳᠴᠢᠳᠠᠨ ᠢ ᠬᠦᠯᠢᠶᠠᠨ ᠠᠪᠴᠤ ᠡᠮᠨᠡᠬᠦ ᠠᠵᠢᠯ ᠢ ᠪᠦᠬᠦ ᠬᠦᠴᠤᠨ ᠢᠶᠠᠷ ᠢᠶᠠᠨ ᠰᠠᠶᠢᠳᠤᠷ ᠬᠢᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠬᠢᠨ ᠰᠢᠨᠵᠢᠯᠡᠬᠦ ᠤᠬᠠᠭᠠᠨ ᠤ ᠰᠤᠳᠤᠯᠭᠠᠨ ᠤ ᠪᠤᠭᠤᠮᠳᠠ ᠰᠢᠪᠳᠤᠯᠬᠤ ᠠᠵᠢᠯ ᠢ ᠲᠦᠷᠬᠡᠨ ᠦᠷᠨᠢᠬᠦᠯᠵᠤ᠂ ᠬᠢᠵᠢᠭ ᠤᠨ ᠪᠠᠶᠢᠳᠠᠯ ᠢ ᠰᠡᠷᠬᠡᠶᠢᠯᠠᠨ ᠡᠵᠡᠮᠳᠡᠵᠤ ᠬᠤᠷᠢᠬᠯᠠᠨ ᠠᠷᠢᠯᠭᠠᠬᠤ ᠳᠠᠶᠢᠯᠠᠯᠳᠤᠭᠠᠨ ᠤ ᠢᠯᠠᠯᠳᠠ ᠶᠢ ᠤᠯᠬᠤ ᠳᠤ ᠬᠤᠪᠢ ᠨᠡᠮᠡᠷᠢ ᠦᠵᠡᠬᠦᠯᠬᠦ ᠭᠡᠷᠡᠭᠳᠠᠢ ᠬᠡᠵᠤ ᠴᠢᠬᠤᠯᠠᠴᠢᠯᠠᠪᠠ᠃    
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号