ᠦᠦᠰᠢᠨ ᠬᠤᠰᠢᠭᠤᠨ ᠳᠤ ᠪᠤᠴᠠᠬᠤ ᠬᠦᠮᠦᠰ ᠲᠤ ᠮᠡᠳᠡᠭᠳᠡᠬᠦ ᠪᠢᠴᠢᠭ
ᠨᠡᠶᠢᠲᠡᠯᠡᠭᠰᠡᠨ ᠴᠠᠭ᠄
2020-02-10
    ᠦᠷᠭᠡᠨ ᠤᠯᠠᠨ ᠦᠦᠰᠢᠨ ᠬᠤᠰᠢᠭᠤᠨ ᠳᠤ ᠪᠤᠴᠠᠬᠤ ᠨᠠᠶᠢᠵᠠ ᠨᠠᠷ ᠡ᠄     ᠣᠳᠣᠬᠠᠨ ᠳᠤ᠂ ᠮᠠᠨ ᠤ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠵᠠᠩᠭᠢᠯᠠᠭ᠎ᠠ ᠶᠢᠨ ᠱᠠᠲᠤᠨ ᠳᠤ ᠣᠷᠣᠵᠤ ᠬᠢᠵᠢᠭ ᠤᠨ ᠪᠠᠶᠢᠳᠠᠯ ᠤᠨ ᠬᠠᠯᠳᠠᠪᠤᠷᠢᠯᠠᠯ ᠢ ᠪᠦᠲᠦᠮᠵᠢᠲᠡᠶ ᠲᠠᠰᠤᠯᠵᠤ ᠬᠢᠵᠢᠭ ᠤᠨ ᠪᠠᠶᠢᠳᠠᠯ ᠤᠷᠤᠵᠤ ᠢᠷᠡᠬᠦ ᠶᠢ ᠡᠷᠡᠰ ᠬᠤᠷᠢᠭᠯᠠᠬᠤ ᠶᠢᠨ ᠲᠥᠯᠥᠭᠡ ᠲᠠᠨ ᠤ ᠪᠠ ᠣᠯᠠᠨ ᠲᠦᠮᠡᠨ ᠤ ᠡᠷᠡᠭᠦᠯ ᠮᠡᠨᠳᠦ ᠶᠢ ᠰᠠᠶᠢᠲᠤᠷ ᠬᠠᠮᠠᠭᠠᠯᠠᠬᠤ ᠶᠢᠨ ᠲᠥᠯᠥᠭᠡ ᠬᠤᠯᠪᠣᠭᠳᠠᠯ ᠪᠥᠬᠦᠶ ᠬᠠᠤᠯᠢ ᠴᠠᠭᠠᠵᠠ ᠶᠢᠨ ᠲᠤᠭᠳᠠᠭᠠᠯ ᠎ ᠢ ᠦᠨᠳᠦᠰᠦᠯᠡᠨ ᠳᠣᠤᠷᠠᠬᠢ ᠮᠡᠲᠦ ᠮᠡᠳᠡᠭᠳᠡᠶ᠎ᠡ᠄     ᠨᠢᠭᠡ᠂ ᠲᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠲᠣᠭᠲᠠᠭᠠᠯ ᠪᠠ ᠱᠠᠭᠠᠷᠳᠠᠯᠭ᠎ᠠ ᠶᠢ ᠲᠡᠭᠡᠲᠤ ᠬᠡᠮᠵᠢᠶᠡᠨ ᠤ ᠬᠠᠷᠢᠭᠤᠴᠠᠯᠭᠠᠲᠤ ᠤᠪᠤᠷ ᠢᠶᠠᠷ ᠴᠢᠩᠭ᠎ᠠ ᠰᠠᠬᠢᠬᠤ ᠬᠡᠷᠡᠭᠲᠠᠢ᠃     ᠬᠤᠶᠠᠷ᠂ ᠲᠠ ᠦᠤᠰᠢᠨ ᠬᠤᠰᠢᠭᠤᠨ ᠳᠤ ᠬᠠᠷᠢᠵᠤ ᠢᠷᠡᠭᠰᠡᠨ 1 ᠴᠠᠭ ᠤᠨ ᠳᠣᠲᠣᠷ᠎ᠠ ᠡᠷᠡᠭᠦᠯ ᠤᠨ ᠪᠠᠶᠢᠳᠠᠯ ᠪᠠ ᠬᠠᠮᠢᠶ᠎ᠠ ᠪᠥᠬᠦᠶ ᠪᠠᠶᠢᠳᠠᠯ ᠢᠶᠠᠨ ᠰᠠᠨᠠᠭᠠᠴᠢᠯᠠᠭ᠎ᠠ ᠠᠴᠠ ᠪᠠᠨ ᠪᠠᠶᠢᠭᠤᠯᠭ᠎ᠠ ᠨᠢᠭᠡᠴᠢ ᠪᠠ ᠰᠠᠭᠤᠭ᠎ᠠ ᠭᠠᠵᠠᠷ ᠤᠨ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶᠎ ᠲᠤ ᠭᠠᠷ ᠤᠳᠠᠰᠦ ᠪᠠᠷ ᠮᠡᠳᠡᠭᠳᠡᠬᠦ ᠬᠡᠷᠡᠭᠲᠡᠶ᠃     ᠭᠤᠷᠪᠠ᠂ ᠲᠠ ᠱᠠᠭᠠᠷᠳᠠᠯᠭ᠎ᠠ ᠶᠣᠰᠣᠭᠠᠷ ᠭᠡᠷ ᠲᠡᠭᠡᠨ ᠰᠠᠭᠤᠵᠤ ᠲᠤᠰᠠᠭᠠᠷᠯᠠᠨ ᠠᠵᠢᠭᠯᠠᠵᠤ ᠤᠨᠴᠠ ᠤᠴᠢᠷ ᠥᠬᠡᠶ ᠪᠣᠯ ᠭᠠᠳᠠᠭᠰᠢ ᠭᠠᠷᠬᠤ ᠥᠬᠡᠶ᠂ ᠡᠳᠦᠷ ᠪᠦᠷᠢ ᠪᠡᠶ᠎ᠡ ᠶᠢᠨ ᠳᠤᠯᠠᠭᠠᠨ ᠢᠶᠠᠨ ᠬᠡᠮᠵᠢᠵᠦ ᠡᠷᠡᠭᠦᠯ ᠮᠡᠨᠳᠦ ᠶᠢᠨ ᠪᠠᠶᠢᠳᠠᠯ ᠢᠶᠠᠨ ᠪᠠᠶᠢᠭᠤᠯᠭ᠎ᠠ ᠨᠢᠭᠡᠴᠢ ᠪᠠ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶᠎ ᠲᠤ ᠲᠣᠭᠲᠠᠭᠰᠠᠨ ᠴᠠᠭ ᠎ ᠲᠠᠢ ᠮᠡᠳᠡᠬᠦᠯᠦᠨ ᠬᠡᠷᠪᠡ ᠲᠠ ᠬᠤᠪᠧᠶ ᠢᠯᠠᠩᠭᠤᠶ᠎ᠠ ᠦᠬᠠᠨ ᠵᠡᠷᠭᠡ ᠭᠤᠤᠯᠳᠠᠯᠭ᠎ᠠ ᠲᠠᠢ ᠬᠢᠵᠢᠭ ᠤᠨ ᠣᠷᠣᠨ ᠠᠴᠠ ᠢᠷᠡᠭᠰᠡᠨ ᠪᠤᠯ ᠴᠠᠭ ᠲᠠᠷᠤᠢ ᠳᠤᠨᠢ ᠮᠡᠳᠡᠭᠳᠡᠬᠦ ᠶᠢᠨ ᠬᠠᠮᠲᠤ ᠠᠨᠠᠭᠠᠬᠤ ᠤᠬᠠᠭᠠᠨ ᠤ ᠲᠤᠰᠠᠭᠠᠷᠯᠠᠯᠲᠠ ᠪᠠ ᠠᠵᠢᠭᠯᠠᠯᠲᠠ ᠬᠢᠬᠦ ᠬᠡᠷᠡᠭᠲᠠᠢ᠃ ᠲᠤᠰᠠᠭᠠᠷᠯᠠᠨ ᠠᠵᠢᠭᠯᠠᠬᠤ ᠬᠤᠭᠤᠴᠠᠭ᠎ᠠ ᠦᠩᠭᠡᠷᠡᠭᠡᠳ ᠬᠡᠪ ᠤᠨ ᠪᠤᠰᠤ ᠪᠠᠶᠢᠳᠠᠯ ᠦᠭᠡᠢ ᠪᠣᠯ ᠪᠠᠶᠢᠭᠤᠯᠭ᠎ᠠ ᠨᠢᠭᠡᠴᠢ ᠪᠣᠯᠤᠨ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶᠎ ᠲᠤ ᠰᠠᠨᠠᠭᠠᠴᠢᠯᠠᠭ᠎ᠠ ᠠᠴᠠ ᠪᠠᠨ ᠮᠡᠳᠡᠭᠳᠡᠨ᠎ᠡ᠃     ᠳᠥᠷᠪᠡ᠂ ᠬᠡᠷᠪᠡ ᠬᠠᠯᠠᠭᠤᠷᠠᠬᠤ᠂ ᠬᠠᠨᠢᠶᠠᠬᠤ᠂ ᠲᠠᠮᠢᠷᠳᠠᠬᠤ ᠵᠡᠷᠭᠡ ᠢᠯᠡᠷᠡᠯ ᠭᠠᠷᠪᠠᠯ ᠪᠠᠶᠢᠭᠤᠯᠭ᠎ᠠ ᠨᠢᠭᠡᠴᠢ ᠪᠠ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶᠎ ᠲᠤ ᠰᠠᠨᠠᠭᠠᠴᠢᠯᠠᠭ᠎ᠠ ᠠᠴᠠ ᠪᠠᠨ  ᠮᠡᠳᠡᠭᠦᠯᠵᠦ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶᠎ ᠤᠨ ᠵᠢᠯᠣᠭᠤᠳᠣᠯᠭ᠎ᠠ ᠳᠣᠤᠷ᠎ᠠ ᠤᠶᠢᠷᠠᠬᠠᠨ ᠪᠠᠶᠢᠭ᠎ᠠ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠤᠴᠢᠵᠤ ᠲᠦᠷᠢᠮᠵᠢᠯ ᠲᠠᠢ ᠡᠮᠨᠡᠭᠦᠯᠬᠦ ᠬᠡᠷᠡᠭᠲᠡᠶ᠃     ᠲᠠᠪᠤ᠂ ᠬᠡᠷᠪᠡ ᠰᠠᠨᠠᠭᠠᠴᠢᠯᠠᠭ᠎ᠠ ᠠᠴᠠ ᠪᠠᠨ ᠮᠡᠳᠡᠭᠦᠯᠬᠦ ᠦᠭᠡᠢ᠂ ᠪᠡᠶ᠎ᠡ ᠶᠢᠨ ᠲᠤᠯᠠᠭᠠᠨ ᠤ ᠬᠡᠮᠵᠢᠯᠲᠡ ᠪᠠ ᠠᠨᠠᠭᠠᠬᠤ ᠤᠬᠠᠭᠠᠨ ᠤ ᠠᠵᠢᠭᠯᠠᠯᠲᠠ ᠶᠢ ᠬᠦᠯᠢᠶᠡᠬᠦ ᠦᠭᠡᠢ ᠪᠣᠯ ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃     ᠪᠢᠳᠡ ᠪᠦᠬᠦᠳᠡᠭᠡᠷ ᠰᠡᠳᠬᠢᠯ ᠨᠢᠭᠡᠳᠦᠨ ᠬᠦᠴᠦ ᠨᠢᠭᠲᠠᠷᠠᠵᠤ ᠬᠠᠮᠲᠤ ᠪᠠᠷ ᠬᠦᠴᠢᠷ ᠢ ᠲᠤᠭᠤᠯᠤᠶ᠎ᠠ︕                                                        ᠦᠤᠰᠢᠨ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ                  ᠠᠭᠤᠰᠬᠢᠨ ᠤ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ                                                                                                    2020 ᠣᠨ ᠤ 2 ᠰᠠᠷ᠎ᠠ ᠶᠢᠨ 8᠎ ᠤ ᠡᠳᠦᠷ
 
ᠢᠷᠡᠯᠲᠡ᠄ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号