ᠬᠤᠲᠠ ᠶᠢᠨ ᠳᠡᠳ᠋ ᠳᠠᠷᠤᠭ᠎ᠠ ᠯᠢ ᠸᠧᠨ ᠵᠦᠩ ᠮᠠᠨ ᠤ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠵᠢᠯᠤᠭᠤᠳᠪᠠ
ᠨᠡᠶᠢᠲᠡᠯᠡᠭᠰᠡᠨ ᠴᠠᠭ᠄
2020-02-10
     2 ᠰᠠᠷ᠎ᠠ ᠶᠢᠨ 6 ᠤ ᠡᠳᠦᠷ᠂ ᠬᠤᠲᠠ ᠶᠢᠨ ᠳᠡᠳ᠋ ᠳᠠᠷᠤᠭ᠎ᠠ ᠯᠢ ᠸᠧᠨ ᠵᠦᠩ ᠮᠠᠨ ᠤ ᠬᠤᠰᠢᠭᠤᠨ ᠳᠤ ᠢᠷᠡᠵᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠵᠢᠯᠤᠭᠤᠳᠪᠠ᠃ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠵᠣᠣ ᠶᠦᠩ ᠹᠧᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ ᠯᠢ ᠵᠥᠩ ᠯᠢᠨ᠂ ᠬᠤᠰᠢᠭᠤ ᠳᠡᠳ᠋ ᠳᠠᠷᠤᠭ᠎ᠠ ᠪᠠᠶᠠᠨᠴᠢᠮᠡᠭ ᠵᠢᠴᠢ ᠬᠤᠲᠠ ᠬᠤᠰᠢᠭᠤ ᠬᠤᠶᠠᠷ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠪᠠᠶᠢᠴᠠᠭᠠᠯᠲᠠ ᠳᠤ ᠣᠷᠣᠯᠴᠠᠵᠠᠶ᠃
     ᠲᠤᠭ ᠪᠠᠯᠭᠠᠰᠤᠨ ᠳᠤ ᠪᠠᠶᠢᠴᠠᠭᠠᠨ ᠵᠢᠯᠤᠭᠤᠳᠬᠤ ᠳᠤᠭᠤᠶᠢᠯᠠᠩ ᠤᠨ ᠬᠢᠨ ᠬᠡᠲᠦ ᠳᠡᠯᠭᠡᠭᠦᠷ᠂ ᠡᠮ ᠤᠨ ᠳᠡᠯᠭᠡᠭᠦᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠤ ᠪᠠᠶᠢᠭ᠎ᠠ ᠪᠠᠶᠢᠳᠠᠯ ᠵᠢᠴᠢ ᠡᠵᠡᠩᠨᠡᠯᠲᠡ ᠶᠢᠨ ᠪᠠᠶᠢᠳᠠᠯ  ᠢ ᠪᠠᠶᠢᠴᠠᠭᠠᠨ ᠣᠶᠢᠯᠠᠭᠠᠵᠤ ᠯᠢ ᠸᠧᠨ ᠵᠥᠩ ᠬᠡᠲᠦ ᠳᠡᠯᠭᠡᠭᠦᠷ ᠤᠨ ᠢᠳᠡᠰᠢᠨ ᠨᠣᠭᠤᠭ᠎ᠠ ᠶᠢᠨ ᠬᠠᠩᠭᠠᠯᠭ᠎ᠠ ᠭᠦᠶᠴᠡᠳ᠂ ᠦᠨ᠎ᠡ ᠬᠠᠩᠰᠢ ᠲᠣᠭᠲᠠᠭᠤᠨ᠂ ᠪᠠᠲᠤᠯᠠᠭ᠎ᠠ ᠭᠦᠶᠴᠡᠳ ᠪᠠᠶᠢᠬᠤ ᠶᠢ ᠨᠤᠲᠠᠯᠠᠵᠠᠶ᠃ ᠯᠢ ᠸᠧᠨ ᠵᠥᠩ ᠵᠢᠭᠠᠵᠤ ᠭᠠᠷᠭᠠᠭᠰᠠᠨ ᠨᠢ᠂ ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠡᠷᠢᠭᠦᠨ ᠴᠢᠬᠤᠯᠠ ᠠᠵᠢᠯ ᠪᠣᠯᠭᠠᠨ ᠠᠳᠬᠤᠵᠤ ᠡᠳ᠋ ᠪᠣᠳᠠᠰ ᠤᠨ ᠬᠠᠩᠭᠠᠯᠭ᠎ᠠ᠂ ᠦᠨ᠎ᠡ ᠬᠠᠩᠰᠢ ᠶᠢᠨ ᠬᠢᠨᠠᠯᠲᠠ ᠬᠠᠮᠢᠶᠠᠷᠤᠯᠲᠠ᠂ ᠣᠷᠴᠢᠨ ᠠᠬᠤᠶ ᠶᠢ ᠠᠷᠢᠭᠤᠳᠬᠠᠬᠤ ᠵᠡᠷᠭᠡ ᠭᠤᠤᠯᠳᠠᠯᠭ᠎ᠠ ᠲᠠᠢ ᠠᠵᠢᠯ ᠢ ᠰᠠᠶᠢᠨ ᠬᠢᠵᠦ ᠬᠡᠷᠡᠭᠯᠡᠭᠴᠢᠳ ᠪᠣᠯᠤᠨ ᠡᠵᠡᠩᠨᠡᠯᠲᠡ ᠶᠢᠨ ᠡᠷᠦᠬᠡ ᠶᠢᠨ ᠤᠬᠠᠭᠤᠯᠭ᠎ᠠ ᠵᠢᠯᠣᠭᠤᠳᠣᠯᠭ᠎ᠠ ᠶᠢ ᠴᠢᠩᠭᠠᠳᠬᠠᠨ ᠥᠷᠭᠡᠨ ᠣᠯᠠᠨ ᠲᠦᠮᠡᠨ ᠳᠤ ᠠᠮᠤᠷ ᠲᠦᠪᠰᠢᠨ᠂ ᠲᠣᠭᠲᠠᠭᠤᠨ ᠬᠡᠷᠡᠭᠯᠡᠭᠡᠨ ᠤ ᠣᠷᠴᠢᠨ ᠢ ᠪᠦᠷᠢᠯᠳᠦᠬᠦᠯᠬᠦ ᠬᠡᠷᠡᠭᠲᠡᠶ ᠭᠡᠵᠡᠢ᠃      ᠲᠤᠭ ᠪᠠᠯᠭᠠᠰᠤᠨ ᠤ ᠡᠮ ᠤᠨ ᠲᠡᠯᠭᠡᠭᠦᠷ ᠲᠤ ᠯᠢ ᠸᠧᠨ ᠵᠥᠩ ᠡᠮ ᠤᠨ ᠳᠡᠯᠭᠡᠭᠦᠷ ᠤᠨ ᠬᠠᠷᠢᠭᠤᠴᠠᠯᠭᠠᠳᠠᠨ  ᠠᠴᠠ ᠠᠷᠢᠭᠤᠳᠬᠠᠭᠴᠢ᠂ ᠤᠷᠢᠳᠴᠢᠯᠠᠨ ᠰᠠᠷᠭᠡᠶᠢᠯᠠᠭᠦ ᠡᠮ ᠤᠨ ᠬᠠᠩᠭᠠᠯᠭ᠎ᠠ ᠪᠤᠷᠤᠯᠠᠭᠤᠯᠭ᠎ᠠ ᠪᠤᠯᠤᠨ ᠥᠨ᠎ᠠ ᠬᠠᠩᠰᠢ  ᠶᠢᠨ ᠬᠤᠪᠢᠷᠠᠯᠳᠠ ᠶᠢᠨ ᠪᠠᠶᠢᠳᠠᠯ ᠢ ᠤᠶᠢᠯᠠᠭᠠᠪᠠ᠃ ᠲᠠᠷᠠ ᠴᠢᠬᠤᠯᠠᠴᠢᠯᠠᠭᠰᠠᠨ ᠨᠢ᠂ ᠰᠠᠷᠭᠡᠶᠢᠯᠠᠨ ᠡᠵᠡᠮᠳᠡᠬᠦ ᠪᠤᠳᠠᠰ  ᠤᠨ ᠬᠠᠩᠭᠠᠯᠭ᠎ᠠ ᠶᠢ ᠪᠠᠳᠤᠯᠠᠬᠤ ᠶᠢᠨ ᠬᠠᠮᠳᠤ ᠥᠪᠠᠷ ᠤᠨ ᠪᠠᠶ᠎ᠠ ᠶᠢᠨ ᠬᠠᠮᠠᠭᠠᠯᠠᠯᠲᠠ ᠶᠢ ᠰᠠᠶᠢᠳᠤᠷ ᠭᠢᠵᠤ ᠲᠠᠯᠭᠡᠭᠦᠷ  ᠲᠤ ᠢᠷᠡᠭᠰᠡᠳ ᠲᠤ ᠰᠠᠨᠠᠭᠴᠢᠯᠠᠭ᠎ᠠ ᠠᠴᠠ ᠪᠠᠨ ᠰᠠᠷᠭᠡᠶᠢᠯᠠᠨ ᠡᠵᠡᠮᠳᠡᠬᠦ ᠮᠡᠳᠡᠯᠭᠡ ᠶᠢ ᠲᠠᠶᠢᠯᠪᠤᠷᠢᠯᠠᠨ ᠥᠭᠭᠦ ᠭᠡᠷᠡᠭᠳᠠᠢ᠃ ᠡᠮ ᠤᠨ ᠲᠡᠯᠭᠡᠭᠦᠷ ᠤᠨ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ ᠦᠨ᠎ᠡ ᠬᠠᠩᠰᠢ ᠶᠢ ᠥᠰᠬᠡᠬᠦ᠂ ᠪᠠᠷᠠᠭ᠎ᠠ ᠳᠠᠷᠤᠵᠤ ᠬᠠᠳᠠᠭᠠᠯᠠᠬᠤ᠂ ᠬᠤᠷᠠᠮᠳᠤᠭᠤᠯᠤᠨ ᠳᠠᠷᠤᠵᠤ ᠬᠤᠨᠵᠢᠨ ᠵᠠᠪᠰᠢᠬᠤ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠰᠠᠮᠠᠭᠤᠷᠠᠭᠤᠯᠬᠤ ᠵᠡᠷᠭᠡ ᠦᠢᠯᠡ ᠠᠵᠢᠯᠯᠠᠭ᠎ᠠ ᠳᠤ ᠴᠢᠩᠭ᠎ᠠ  ᠴᠤᠭᠢᠯᠳᠠ ᠥᠭᠭᠦ ᠬᠡᠷᠡᠭᠲᠡᠶ ᠭᠡᠵᠡᠢ᠃
     ᠤᠯᠠᠭᠠᠠᠳᠤᠯᠤᠭᠠᠢ ᠪᠠᠯᠭᠠᠰᠤᠨ ᠤ ᠪᠠᠶᠢᠴᠠᠭᠠᠬᠤ ᠴᠡᠭ ᠲᠤ ᠯᠢ ᠸᠧᠨ ᠵᠥᠩ ᠡᠭᠦᠷᠭᠡ ᠭᠦᠶᠴᠡᠳᠬᠡᠭᠴᠢ ᠶᠢ ᠵᠠᠮ ᠬᠠᠷᠢᠯᠴᠠᠭᠠᠨ ᠤ ᠣᠷᠣᠵᠤ ᠭᠠᠷᠬᠤ ᠭᠠᠵᠠᠷ ᠢ ᠴᠢᠩᠭ᠎ᠠ ᠬᠠᠮᠢᠶᠠᠷᠤᠨ ᠲᠡᠷᠭᠡ ᠮᠠᠰᠢᠨ ᠢ ᠲᠠᠩᠰᠠᠯᠠᠨ ᠬᠥᠮᠦᠰ ᠤᠨ ᠪᠡᠶ᠎ᠡ  ᠶᠢᠨ ᠳᠤᠯᠠᠭᠠᠨ ᠢ ᠭᠡᠮᠵᠢᠵᠤ ᠭᠠᠳᠠᠨ᠎ᠠ ᠠᠴᠠ ᠢᠷᠡᠭᠰᠡᠨ ᠬᠥᠮᠦᠰ ᠲᠤ ᠮᠥᠷᠳᠡᠨ ᠬᠠᠮᠢᠶᠠᠷᠤᠯᠲᠠ ᠭᠢᠵᠤ ᠮᠠᠨ ᠤ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠬᠤᠯᠠ ᠰᠡᠷᠭᠡᠶᠢᠯᠡᠯᠲᠡ ᠶᠢᠨ ᠱᠤᠭᠤᠮ ᠢ ᠪᠠᠳᠤ ᠰᠠᠬᠢᠬᠤ ᠭᠡᠷᠡᠭᠳᠠᠢ ᠭᠡᠵᠤ ᠱᠭᠠᠷᠳᠠᠪᠠ᠃      ᠭᠠᠯᠠᠭᠤᠲᠤ ᠪᠠᠯᠭᠠᠰᠤᠨ ᠤ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠲᠤ ᠯᠢ ᠸᠧᠨ ᠵᠥᠩ ᠢᠳᠡᠰᠢᠨ ᠨᠤᠭᠤᠭᠠᠨ ᠤ  ᠬᠠᠩᠭᠠᠯᠭ᠎ᠠ ᠪᠠ ᠨᠥᠭᠡᠴᠡ ᠶᠢᠨ ᠪᠠᠶᠢᠳᠠᠯ ᠢ ᠣᠶᠢᠯᠠᠭᠠᠪᠠ᠃ ᠯᠢ ᠸᠧᠨ ᠵᠥᠩ ᠴᠢᠬᠤᠯᠠᠴᠢᠯᠠᠭᠰᠠᠨ ᠨᠢ ᠂ ᠣᠳᠣᠬᠠᠨ ᠳᠤ ᠢᠳᠡᠰᠢᠨ ᠨᠣᠭᠤᠭ᠎ᠠ ᠶᠢᠨ ᠬᠠᠩᠭᠠᠯᠭ᠎ᠠ ᠪᠠ ᠦᠨ᠎ᠡ ᠬᠠᠩᠰᠢ ᠶᠢᠨ ᠬᠠᠨᠳᠤᠰᠢ ᠨᠢ ᠣᠯᠠᠨ ᠲᠦᠮᠡᠨ ᠤ ᠬᠠᠯᠠᠮᠵᠢᠯᠠᠵᠤ ᠪᠠᠶᠢᠭ᠎ᠠ ᠠᠰᠠᠭᠤᠳᠠᠯ ᠪᠤᠯᠤᠨ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ ᠬᠤᠳᠠᠯᠳᠤᠭᠠᠴᠢᠨ ᠡᠷᠦᠬᠡ ᠶᠢ ᠦᠨᠡᠨᠴᠢ ᠢᠲᠡᠭᠡᠮᠵᠢᠲᠡᠶ ᠬᠠᠤᠯᠢ ᠶᠢ ᠰᠠᠭᠢᠨ ᠡᠵᠡᠩᠨᠠᠭᠦ ᠶᠢ ᠵᠢᠯᠤᠭᠤᠳᠤᠨ ᠪᠠᠷᠠᠭᠠᠨ ᠤ ᠦᠨ᠎ᠡ ᠬᠠᠩᠰᠢ ᠶᠢ ᠥᠰᠬᠡᠬᠦ᠂ ᠵᠠᠬ᠎ᠠ ᠳᠡᠯᠭᠡᠭᠦᠷ ᠤᠨ ᠡᠮᠬᠢ ᠵᠢᠷᠤᠮ ᠢ ᠰᠠᠮᠠᠭᠤᠷᠠᠭᠤᠯᠬᠤ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠶᠳᠪᠦᠷᠢᠯᠡᠵᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠵᠠᠬ᠎ᠠ ᠳᠡᠯᠭᠡᠭᠦᠷ ᠤᠨ ᠡᠷᠭᠢᠯᠳᠠ ᠶᠢᠨ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠲᠠᠷᠢᠶᠠᠯᠠᠩ ᠠᠷᠠᠯᠵᠢᠶᠠᠨ  ᠤ ᠵᠠᠬ᠎ᠠ ᠳᠡᠯᠭᠡᠭᠦᠷ ᠤᠨ ᠬᠠᠮᠢᠶᠠᠷᠤᠯᠳᠠ ᠶᠢ ᠴᠢᠩᠭᠠᠳᠬᠠᠵᠤ ᠡᠳᠦᠷ ᠲᠤᠲᠤᠮ ᠤᠨ ᠠᠷᠢᠭᠤᠳᠬᠠᠬᠤ ᠠᠵᠢᠯ ᠢ ᠰᠠᠶᠢᠲᠤᠷ ᠭᠢᠭᠦ ᠭᠡᠷᠡᠭᠳᠠᠢ ᠭᠡᠵᠡᠢ᠃
      ᠯᠢ ᠸᠧᠨ ᠵᠥᠩ ᠬᠤᠳᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠢᠵᠢᠭ  ᠤᠨ ᠪᠠᠶᠢᠳᠠᠯ ᠢ ᠰᠡᠷᠭᠡᠶᠢᠯᠡ ᠡᠵᠡᠮᠳᠡᠬᠦ ᠬᠤᠭᠤᠴᠠᠭᠠᠨ ᠳᠤ ᠭᠠᠷᠭᠠᠭᠰᠠᠨ ᠢᠳᠡᠪᠬᠢᠲᠡᠶ ᠬᠤᠪᠢ ᠨᠡᠮᠡᠷᠢ ᠶᠢ ᠭᠦᠶᠴᠡᠳ ᠨᠤᠳᠠᠯᠠᠭᠰᠠᠨ ᠪᠥᠭᠡᠳ ᠵᠠᠰᠠᠭ ᠤᠨ ᠣᠷᠳᠣᠨ ᠤ ᠡᠭᠦᠷᠭᠡ ᠴᠢᠳᠠᠪᠤᠷᠢᠲᠤ ᠦᠶᠯᠡᠳᠦᠯ ᠢᠶᠠᠨ ᠪᠠᠳᠠᠷᠠᠭᠤᠯᠤᠨ ᠠᠵᠢᠯ ᠤᠨ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠵᠦ ᠬᠢᠨᠠᠨ ᠬᠠᠮᠢᠶᠠᠷᠬᠤ ᠡᠷᠴᠢᠮ ᠢᠶᠠᠨ ᠨᠡᠮᠡᠭᠳᠡᠭᠦᠯᠤᠨ ᠪᠥᠬᠦ ᠬᠤᠰᠢᠭᠤᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠬᠡᠷᠡᠭᠲᠡᠶ ᠭᠡᠵᠤ ᠱᠠᠭᠠᠷᠳᠠᠵᠠᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号