2 ᠰᠠᠷ᠎ᠠ ᠶᠢᠨ 5 ᠤ ᠡᠳᠦᠷ ᠤᠨ ᠦᠳᠡ ᠶᠢᠨ ᠡᠮᠦᠨ᠎ᠡ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ | ᠬᠤᠰᠢᠭᠤ ᠳᠠᠷᠤᠭ᠎ᠠ᠂ ᠬᠤᠰᠢᠭᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠤ | ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠶᠡᠷᠦᠩᠬᠡᠶ | ᠵᠢᠯᠣᠭᠤᠳᠣᠭᠴᠢ ᠵᠣᠣ ᠹᠸᠢ ᠯᠦ ᠮᠠᠨ ᠤ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ | ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ | ᠭᠠᠵᠠᠷ ᠤᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ | ᠬᠤᠰᠢᠭᠤ ᠳᠠᠷᠤᠭ᠎ᠠ ᠵᠣᠣ ᠹᠸᠢ ᠯᠦ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ | ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ ᠵᠡᠷᠭᠡ ᠰᠢᠶᠠᠨ ᠤ ᠲᠠᠰ ᠤᠨ ᠤᠳᠤᠷᠢᠳᠤᠯᠭ᠎ᠠ᠂ ᠵᠠᠰᠠᠭ ᠤᠨ ᠣᠷᠳᠣᠨ | ᠤ ᠠᠯᠪᠠᠨ ᠬᠡᠷ᠂ ᠭᠠᠯᠠᠭᠤᠲᠤ ᠪᠠᠯᠭᠠᠰᠤᠨ ᠤ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ | | | | | | | ᠬᠤᠷᠠᠯ ᠠᠴᠠ᠂ ᠣᠶᠢᠷ᠎ᠠ ᠶᠢᠨ ᠬᠤᠭᠤᠴᠠᠭᠠᠨ ᠤ ᠮᠠᠨ ᠤ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠤᠨ ᠶᠡᠷᠦᠩᠬᠡᠶ ᠪᠠᠶᠢᠳᠠᠯ ᠢ ᠮᠡᠳᠡᠭᠳᠠᠨ ᠭᠤᠤᠯᠳᠠᠯᠭ᠎ᠠ ᠲᠠᠢ ᠣᠷᠣᠨ ᠤ ᠬᠥᠮᠦᠰ᠂ ᠲᠡᠷᠭᠡ ᠮᠠᠰᠢᠨ ᠢ | ᠲᠠᠷᠠᠭᠠᠯᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠠᠵᠢᠯ ᠢ ᠰᠤᠳᠤᠯᠤᠨ ᠪᠠᠶᠢᠷᠢᠯᠠᠭᠤᠯᠵᠤ ᠰᠢᠶᠠᠨ ᠭᠠᠵᠠᠷ ᠤᠨ ᠲᠠᠰ | ᠤᠨ ᠤᠳᠤᠷᠢᠳᠤᠯᠭ᠎ᠠ ᠶᠢᠨ ᠳᠠᠭᠠᠭᠠᠴᠢᠯᠠᠨ ᠰᠠᠷᠭᠡᠶᠢᠯᠠᠭᠦ ᠠᠵᠢᠯ ᠤᠨ ᠡᠭᠦᠷᠭᠡ ᠶᠢ ᠵᠠᠳᠠᠯᠤᠨ ᠨᠠᠶᠢᠳᠠᠪᠤᠷᠢᠵᠢᠭᠤᠯᠵᠤ | ᠶᠡᠷᠦᠩᠬᠡᠶ ᠱᠦᠵᠢ ᠰᠢ ᠶᠢᠨ ᠫᠢᠩ ᠤᠨ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ | ᠠᠭᠤᠰᠬᠢᠨ ᠤ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠶ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ | | | | | | | ᠵᠣᠣ ᠹᠸᠢ ᠯᠦ ᠵᠢᠭᠠᠵᠤ ᠭᠠᠷᠭᠠᠭᠰᠠᠨ ᠨᠢ᠂ ᠮᠠᠨ ᠤ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠨᠢᠭᠡᠨᠲᠡ ᠵᠠᠩᠭᠢᠯᠠᠭ᠎ᠠ ᠶᠢᠨ ᠴᠠᠭ ᠦᠶ᠎ᠡ ᠳᠤ ᠤᠷᠤᠯ᠎ᠠ᠂ ᠡᠯ᠎ᠡ ᠭᠠᠵᠠᠷ ᠤᠷᠤᠨ᠂ ᠡᠯ᠎ᠡ ᠰᠠᠯᠠᠭ᠎ᠠ | ᠮᠥᠴᠢᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠣᠳᠣᠬᠠᠨ ᠤ ᠬᠠᠮᠤᠭ ᠤᠨ ᠴᠢᠬᠤᠯᠠ ᠤᠯᠤᠰ | ᠲᠥᠷᠥ ᠶᠢᠨ ᠡᠭᠦᠷᠭᠡ ᠪᠠ ᠭᠤᠤᠯ ᠠᠵᠢᠯ ᠪᠣᠯᠭᠠᠨ ᠠᠳᠬᠤᠵᠤ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ | ᠵᠣᠬᠢᠶᠠᠨ ᠪᠠᠶᠢᠭᠤᠯᠤᠨ ᠰᠡᠷᠭᠡᠶᠢᠯᠡᠨ ᠡᠵᠡᠮᠳᠡᠬᠦ ᠠᠵᠢᠯ ᠳᠤ ᠤᠷᠤᠯᠴᠠᠭᠤᠯᠤᠨ ᠪᠠᠶᠢᠴᠠᠭᠠᠬᠤ᠂ ᠬᠠᠮᠢᠶᠠᠷᠤᠨ ᠡᠵᠡᠮᠳᠡᠬᠦ᠂ | ᠲᠤᠰᠠᠭᠠᠷᠯᠠᠬᠤ ᠵᠡᠷᠭᠡ ᠶᠢᠨ ᠰᠡᠷᠭᠡᠶᠢᠯᠡᠨ ᠡᠵᠡᠮᠳᠡᠬᠦ ᠠᠵᠢᠯ ᠢ ᠡᠷᠡᠰ ᠬᠦᠴᠦᠲᠡᠶ᠂ ᠡᠮᠬᠢ ᠵᠢᠷᠤᠮ ᠲᠠᠢ᠂ | ᠪᠦᠲᠦᠮᠵᠢᠲᠡᠶ ᠠᠬᠢᠭᠤᠯᠬᠤ ᠬᠡᠷᠡᠭᠲᠡᠶ ᠭᠡᠵᠡᠶ ᠭᠡᠵᠡᠢ᠃ | ᠵᠣᠣ ᠹᠸᠢ ᠯᠦ ᠱᠠᠭᠠᠷᠳᠠᠭᠰᠠᠨ ᠨᠢ᠂ ᠡᠯ᠎ᠡ ᠰᠢᠶᠠᠨ ᠤ ᠲᠠᠰ ᠤᠨ ᠤᠳᠤᠷᠢᠳᠤᠯᠭ᠎ᠠ ᠲᠠᠭᠠᠭᠠᠴᠢᠯᠠᠨ ᠬᠠᠷᠢᠯᠴᠠᠬᠤ | ᠨᠡᠶᠢᠭᠡᠮ ᠲᠣᠭᠤᠷᠢᠭ᠂ ᠠᠳᠠᠯ ᠠᠬᠤᠶ ᠶᠢᠨ ᠺᠣᠮᠫᠠᠨᠢ᠂ ᠠᠵᠢᠯ ᠤᠨ ᠰᠠᠯᠠᠭ᠎ᠠ ᠮᠥᠴᠢᠷ ᠤᠨ ᠵᠢᠯᠣᠭᠤᠳᠣᠯᠭ᠎ᠠ᠂ | ᠬᠢᠨᠠᠯᠲᠠ ᠪᠠ ᠪᠤᠯᠪᠠᠰᠤᠷᠠᠯ ᠤᠨ ᠠᠵᠢᠯ ᠢ ᠰᠠᠶᠢᠲᠤᠷ ᠬᠢᠵᠦ ᠰᠠᠭᠤᠭᠠᠯᠢ ᠲᠤᠭᠤᠷᠢᠭ ᠤᠨ ᠬᠥᠮᠦᠰ ᠤᠨ ᠣᠷᠣᠵᠤ | ᠭᠠᠷᠬᠤ ᠶᠢ ᠬᠠᠮᠢᠶᠠᠷᠤᠨ ᠳᠡᠩᠰᠡᠯᠡᠵᠦ ᠠᠰᠠᠭᠤᠨ ᠪᠠᠶᠢᠴᠠᠭᠠᠬᠤ᠂ ᠪᠡᠶ᠎ᠡ ᠶᠢᠨ ᠳᠤᠯᠠᠭᠠᠨ ᠢ ᠭᠡᠮᠵᠢᠭᠦ ᠠᠵᠢᠯ ᠢ ᠰᠠᠶᠢᠲᠤᠷ | ᠬᠢᠵᠦ ᠭᠠᠳᠠᠨ᠎ᠠ ᠠᠴᠠ ᠢᠷᠡᠭᠰᠡᠨ ᠬᠥᠮᠦᠰ ᠪᠠ ᠲᠡᠷᠭᠡ ᠮᠠᠰᠢᠨ ᠤ ᠣᠷᠣᠵᠤ ᠭᠠᠷᠬᠤ ᠶᠢ ᠭᠢᠵᠠᠭᠠᠷᠯᠠᠨ ᠬᠠᠷᠢᠶ᠎ᠠ ᠣᠷᠣᠨ | ᠳᠠᠬᠢ ᠬᠤᠪᠧᠶ ᠮᠣᠵᠢ ᠵᠡᠷᠭᠡ ᠬᠢᠵᠢᠭ ᠲᠡᠯᠭᠡᠷᠡᠭᠰᠡᠨ ᠣᠷᠣᠨ ᠳᠤ ᠤᠴᠢᠵᠤ ᠥᠩᠭᠡᠷᠡᠭᠰᠨᠨ ᠬᠥᠮᠦᠰ ᠢ ᠲᠤᠰᠬᠠᠶ | ᠬᠥᠮᠦᠨ ᠢᠶᠠᠷ ᠬᠠᠷᠠᠨ ᠬᠠᠮᠢᠶᠠᠷᠠᠭᠤᠯᠬᠤ ᠵᠡᠷᠭᠡ ᠠᠵᠢᠯ ᠢ ᠴᠢᠩᠭ᠎ᠠ ᠠᠳᠬᠤᠨ ᠭᠢᠵᠢᠭ ᠲᠠᠷᠬᠠᠬᠤ ᠵᠠᠮ ᠮᠥᠷ ᠢ | ᠲᠠᠰᠤᠯᠤᠨ ᠤᠯᠠᠨ ᠲᠥᠮᠡᠨ ᠤ ᠡᠷᠡᠬᠦᠯ ᠮᠠᠨᠳᠤ ᠶᠢ ᠪᠠᠳᠤᠯᠠᠬᠤ ᠭᠡᠷᠡᠭᠳᠠᠢ ᠭᠡᠵᠡᠢ᠃ |