ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ ᠹᠸᠢ ᠯᠦ ᠰᠠᠭᠤᠭᠠᠯᠢ ᠠᠷᠠᠳ  ᠤᠨ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠱᠠᠭᠠᠷᠳᠠᠨ ᠪᠠᠶᠢᠴᠠᠭᠠᠪᠠ
ᠨᠡᠶᠢᠲᠡᠯᠡᠭᠰᠡᠨ ᠴᠠᠭ᠄
2020-02-10
     2 ᠰᠠᠷ᠎ᠠ ᠶᠢᠨ 5 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠣᠣ ᠹᠸᠢ ᠯᠦ ᠬᠡᠰᠡᠭ ᠰᠠᠭᠤᠭᠠᠯᠢ ᠠᠷᠠᠳ ᠤᠨ ᠲᠣᠭᠤᠷᠢᠭ ᠲᠤ ᠬᠦᠷᠴᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠱᠠᠭᠠᠷᠳᠠᠨ ᠪᠠᠶᠢᠴᠠᠭᠠᠪᠠ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ ᠪᠤᠶᠠᠨᠮᠠᠨᠳᠤᠬᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠰᠠᠭᠢᠯᠭ᠎ᠠ ᠪᠠᠳᠤ ᠪᠠᠶᠢᠴᠠᠭᠠᠬᠤ ᠬᠤᠷᠢᠶᠠᠨ ᠤ ᠱᠥᠵᠢ ᠭᠢᠨᠠᠨ ᠪᠠᠶᠢᠴᠠᠭᠠᠬᠤ ᠵᠥᠪᠯᠠᠯ ᠤᠨ ᠡᠷᠭᠢᠯᠡᠭᠴᠢ ᠯᠠᠨ ᠲᠢᠶᠠᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠠᠮ ᠤᠨ ᠬᠤᠷᠢᠶᠠᠨ ᠤ ᠠᠯᠪᠠᠨ ᠭᠡᠷ ᠤᠨ ᠡᠷᠭᠢᠯᠡᠭᠴᠢ ᠵᠣᠣ ᠶᠦᠩ ᠹᠧᠩ᠂ ᠬᠤᠰᠢᠭᠤ ᠤᠳᠤᠷᠢᠳᠤᠯᠭ᠎ᠠ ᠭᠤᠤ ᠬᠤ᠋᠂ ᠪᠠᠶᠠᠨᠴᠡᠩᠭᠡᠯ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠯᠳᠠ ᠳᠤ ᠣᠷᠣᠯᠴᠠᠵᠠᠶ᠃      ᠵᠣᠣ ᠹᠸᠢ ᠯᠤ᠋ ᠨᠡᠷ ᠬᠡᠷ ᠪᠠᠶᠢᠰᠢᠩ ᠤᠨ ᠬᠠᠮᠢᠶᠠᠷᠤᠯᠲᠠ᠂ ᠮᠤᠩᠭᠤᠯ ᠥᠨᠳᠤᠰᠤᠳᠠᠨ ᠤ ᠲᠤᠮᠳᠠᠳᠤ ᠰᠤᠷᠭᠠᠭᠤᠯᠢ᠂ ᠱᠢ ᠵᠢᠶᠠ᠂ ᠢ ᠯᠢᠨ ᠶᠤᠸᠠᠨ ᠵᠡᠷᠭᠡ ᠰᠠᠭᠤᠭᠠᠯᠢ ᠠᠷᠠᠳ ᠤᠨ ᠲᠤᠭᠤᠷᠢᠭ ᠲᠤ ᠬᠦᠷᠴᠦ ᠡᠯ᠎ᠡ ᠰᠠᠭᠤᠭᠠᠯᠢ ᠠᠷᠠᠳ ᠤᠨ ᠲᠣᠭᠤᠷᠢᠭ ᠤᠨ  ᠠᠮᠤᠷ ᠢ ᠬᠠᠮᠠᠭᠠᠯᠠᠬᠤ ᠲᠠᠰᠤᠭ ᠤᠨ ᠠᠵᠢᠯᠳᠠᠨ ᠤ ᠵᠢᠵᠢᠬᠦᠷ ᠤᠨ ᠪᠠᠶᠢᠳᠠᠯ ᠂ ᠣᠷᠣᠵᠤ ᠭᠠᠷᠬᠤ ᠬᠥᠮᠦᠰ ᠢ ᠪᠠᠶᠢᠴᠠᠭᠠᠵᠤ ᠲᠡᠮᠳᠡᠭᠯᠡᠬᠦ᠂ ᠰᠠᠭᠤᠭᠠᠯᠢ ᠲᠣᠭᠤᠷᠢᠭ ᠤᠨ ᠣᠯᠠᠨ ᠨᠡᠶᠢᠲᠡ ᠶᠢᠨ ᠲᠠᠯᠠᠪᠤᠷ ᠢ ᠠᠷᠢᠭᠤᠳᠬᠠᠬᠤ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢᠨ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠤᠶᠢᠯᠠᠭᠠᠪᠠ᠃      ᠵᠣᠣ ᠹᠸᠢ ᠯᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠠᠩᠭᠢᠯᠠᠭ᠎ᠠ ᠶᠢᠨ ᠴᠠᠭ ᠮᠥᠴᠡ ᠳᠤ ᠡᠯ᠎ᠡ ᠰᠠᠯᠠᠭ᠎ᠠ ᠮᠥᠴᠢᠷ᠂ ᠨᠡᠶᠢᠭᠡᠮ ᠲᠣᠭᠤᠷᠢᠭ᠂ ᠠᠳᠠᠯ ᠠᠬᠤᠶ ᠶᠢᠨ ᠺᠤᠮᠫᠠᠨᠢ ᠨᠢ ᠬᠠᠷᠢᠭᠤᠴᠠᠯᠭ᠎ᠠ ᠪᠠᠨ ᠦᠨᠡᠨ ᠬᠦ ᠭᠦᠶᠴᠡᠳᠬᠡᠵᠦ ᠭᠤᠤᠯᠳᠠᠯᠭ᠎ᠠ ᠲᠠᠢ ᠬᠥᠮᠦᠰ ᠢ ᠲᠠᠷᠠᠭᠠᠯᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠠᠵᠢᠯ ᠢ ᠰᠠᠶᠢᠲᠤᠷ ᠬᠢᠭᠰᠡᠨ ᠰᠠᠭᠤᠷᠢᠨ ᠳᠡᠭᠡᠷ᠎ᠡ ᠡᠯ᠎ᠡ ᠲᠥᠷᠤᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠢᠮᠪᠠᠶ ᠨᠠᠶᠢᠳᠠᠪᠤᠷᠢᠵᠢᠭᠤᠯᠵᠤ ᠪᠡᠶ᠎ᠡ ᠶᠢᠨ ᠳᠤᠯᠠᠭᠠᠨ ᠢ ᠬᠡᠮᠵᠢᠬᠦ᠂ ᠠᠷᠢᠭᠤᠳᠬᠠᠬᠤ᠂ ᠰᠡᠷᠭᠡᠶᠢᠯᠡᠨ ᠬᠠᠮᠠᠭᠠᠯᠠᠬᠤ ᠵᠡᠷᠭᠡ ᠠᠵᠢᠯ  ᠢ ᠰᠠᠶᠢᠲᠤᠷ ᠬᠢᠵᠦ ᠭᠠᠳᠠᠨ᠎ᠠ ᠠᠴᠠ ᠢᠷᠡᠭᠰᠡᠨ ᠬᠥᠮᠦᠰ ᠢ ᠳᠡᠩᠰᠡᠯᠡᠨ ᠬᠠᠮᠢᠶᠠᠷᠬᠤ ᠠᠵᠢᠯ ᠢ ᠴᠢᠩᠭᠠᠳᠬᠠᠨ ᠴᠠᠭ ᠲᠤᠬᠠᠶ ᠳᠤᠨᠢ ᠪᠠᠶᠢᠳᠠᠯ ᠢ ᠡᠵᠡᠮᠰᠢᠵᠦ ᠣᠷᠣᠵᠤ ᠭᠠᠷᠬᠤ ᠬᠥᠮᠦᠰ᠂ ᠲᠡᠷᠭᠡ ᠤᠨᠤᠭ᠎ᠠ ᠶᠢ ᠨᠠᠷᠢᠨ ᠲᠠᠮᠳᠡᠭᠯᠠᠭᠦ ᠬᠡᠷᠡᠭᠲᠡᠶ ᠭᠡᠵᠤ ᠵᠢᠭᠠᠵᠤ ᠭᠠᠷᠭᠠᠭᠰᠠᠨ ᠪᠠᠶᠢᠨ᠎ᠠ᠃      ᠵᠤᠤ ᠹᠧᠢ ᠯᠤ᠋ ᠡᠯ᠎ᠠ ᠨᠠᠶᠢᠭᠡᠮ ᠲᠤᠭᠤᠷᠢᠭ ᠪᠤᠯᠤᠨ ᠬᠤᠯᠪᠤᠭᠳᠠᠯ ᠪᠥᠭᠦᠢ ᠰᠠᠯᠭ᠎ᠠ ᠮᠥᠴᠢᠷ ᠤᠳᠤᠬᠠᠨ ᠤ ᠭᠢᠵᠢᠭ ᠤᠨ ᠪᠠᠶᠢᠳᠠᠯ ᠢ ᠰᠠᠷᠭᠡᠶᠢᠯᠠᠨ ᠡᠵᠡᠮᠳᠡᠬᠦ ᠠᠵᠢᠯ ᠤᠨ ᠬᠠᠳᠠᠭᠤ ᠴᠢᠩᠭ᠎ᠠ ᠪᠠᠶᠢᠳᠠᠯ ᠢ ᠰᠠᠷᠭᠡᠭ ᠢᠶᠠᠷ ᠲᠠᠨᠢᠵᠤ ᠠᠵᠢᠯ ᠤᠨ ᠪᠠᠴᠢᠮ ᠲᠤᠯᠭᠠᠮ᠎ᠠ ᠰᠠᠳᠭᠢᠯᠭᠡ ᠪᠤᠯᠤᠨ ᠬᠠᠷᠢᠭᠤᠴᠠᠯᠭᠠᠳᠤ ᠰᠠᠳᠭᠢᠯᠭᠡ ᠪᠠᠨ ᠨᠡᠮᠡᠭᠳᠡᠭᠦᠯᠤᠨ ᠥᠵᠠᠯ ᠰᠠᠨᠠᠭ᠎ᠠ ᠲᠠᠨᠢᠯᠳᠠ ᠪᠠᠨ ᠤᠳᠤᠬᠠᠨ ᠤ ᠭᠢᠵᠢᠭ ᠤᠨ ᠪᠠᠶᠢᠳᠠᠯ ᠢ ᠰᠠᠷᠭᠡᠶᠢᠯᠠᠨ ᠡᠵᠡᠮᠳᠡᠬᠦ ᠠᠵᠢᠯ ᠢ ᠰᠠᠶᠢᠲᠤᠷ ᠬᠢᠵᠤ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ ᠤᠯᠠᠨ ᠢᠶᠠᠷ ᠢᠶᠠᠨ ᠰᠠᠷᠭᠡᠶᠢᠯᠠᠨ ᠤᠯᠠᠨ ᠢᠶᠠᠷ ᠢᠶᠠᠨ ᠵᠠᠰᠠᠬᠤ ᠠᠵᠢᠯ ᠤᠨ ᠰᠠᠭᠤᠷᠢ ᠶᠢ ᠪᠠᠳᠤᠳᠬᠠᠵᠤ ᠭᠢᠨᠠᠨ ᠪᠠᠶᠢᠴᠠᠭᠠᠯᠳᠠ ᠪᠤᠯᠤᠨ ᠤᠬᠠᠭᠤᠯᠤᠨ ᠵᠢᠯᠤᠭᠤᠳᠬᠤ ᠠᠵᠢᠯ ᠤᠨ ᠡᠷᠴᠢᠮ ᠢ ᠴᠢᠩᠭᠠᠷᠠᠭᠤᠯᠤᠨ ᠭᠢᠵᠢᠭ ᠤᠨ ᠪᠠᠶᠢᠳᠠᠯ ᠢ ᠰᠠᠷᠭᠡᠶᠢᠯᠠᠨ ᠡᠵᠡᠮᠳᠡᠬᠦ ᠲᠠᠶᠢᠯᠠᠯᠳᠤᠭᠠᠨ ᠤ ᠢᠯᠠᠯᠳᠠ ᠶᠢ ᠤᠯᠬᠤ  ᠳᠤ ᠬᠤᠪᠢ ᠨᠠᠮᠠᠷᠢ ᠪᠠᠨ ᠡᠷᠭᠦᠭᠦ ᠭᠡᠷᠡᠭᠳᠠᠢ ᠭᠡᠵᠤ ᠱᠠᠭᠠᠷᠳᠠᠭᠰᠠᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号