ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ ᠹᠸᠢ ᠯᠦ ᠭᠠᠯᠠᠭᠤᠲᠤ ᠪᠠᠯᠭᠠᠰᠤᠨ ᠤ ᠬᠠᠷᠢᠶᠠᠲᠤ ᠣᠷᠣᠨ ᠳᠤ ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠢᠨᠠᠨ ᠪᠠᠶᠢᠴᠠᠭᠠᠪᠠ
ᠨᠡᠶᠢᠲᠡᠯᠡᠭᠰᠡᠨ ᠴᠠᠭ᠄
2020-02-10
     2 ᠰᠠᠷ᠎ᠠ ᠶᠢᠨ 6 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠣᠣ ᠹᠸᠢ ᠯᠦ ᠭᠠᠯᠠᠭᠤᠲᠤ ᠪᠠᠯᠭᠠᠰᠤᠨ ᠤ ᠬᠠᠷᠢᠶᠠᠲᠤ ᠣᠷᠣᠨ ᠳᠤ ᠭᠦᠨᠵᠡᠭᠡᠶᠢᠷᠡᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠢᠨᠠᠨ ᠪᠠᠶᠢᠴᠠᠭᠠᠪᠠ᠃ ᠬᠤᠰᠢᠭᠤ ᠤᠳᠤᠷᠢᠳᠤᠯᠭ᠎ᠠ ᠯᠢ ᠰᠢᠦ ᠹᠧᠩ᠂ ᠸᠠᠩ ᠶᠦᠩ ᠴᠢᠩ᠂ ᠯᠸᠢ · ᠬᠠᠰ᠂ ᠸᠠᠩ ᠭᠠᠩ ᠵᠢᠴᠢ ᠭᠠᠯᠠᠭᠤᠲᠤ ᠪᠠᠯᠭᠠᠰᠤ᠂ ᠡᠯ᠎ᠡ ᠳᠠᠭᠠᠭᠠᠴᠢᠯᠠᠨ ᠬᠠᠷᠢᠯᠴᠠᠬᠤ ᠨᠢᠭᠡᠴᠢ᠂ ᠨᠡᠶᠢᠭᠡᠮ ᠲᠣᠭᠤᠷᠢᠭ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠢᠨᠠᠨ ᠪᠠᠶᠢᠴᠠᠭᠠᠬᠤ ᠳᠤ ᠣᠷᠣᠯᠴᠠᠵᠠᠶ᠃
     ᠵᠣᠣ ᠹᠸᠢ ᠯᠦ ᠭᠠᠯᠠᠭᠤᠲᠤ ᠪᠠᠯᠭᠠᠰᠤᠨ ᠤ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠭᠡᠷ ᠪᠠᠶᠢᠰᠢᠩ  ᠢᠶᠠᠷ ᠭᠦᠨᠵᠡᠭᠡᠶᠢᠷᠡᠨ ᠲᠤᠬᠠᠶ ᠶᠢᠨ ᠭᠠᠵᠠᠷ ᠲᠤᠨᠢ ᠬᠢᠨᠨᠠ ᠪᠠᠶᠢᠴᠠᠭᠠᠵᠤ ᠬᠠᠷᠢᠶᠠᠲᠤ ᠭᠠᠵᠠᠷ ᠳᠠᠬᠢ ᠰᠡᠷᠭᠡᠶᠢᠯᠡᠨ ᠡᠵᠡᠮᠳᠡᠬᠦ ᠠᠵᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠠᠩᠰᠠ ᠡᠪᠬᠡᠮᠡᠯ ᠢ ᠪᠠᠶᠢᠴᠠᠭᠠᠨ ᠦᠵᠡᠵᠦ ᠨᠡᠶᠢᠭᠡᠮ ᠲᠣᠭᠤᠷᠢᠭ ᠤᠨ ᠬᠠᠷᠢᠭᠤᠴᠠᠯᠭᠠᠲᠠᠨ ᠤ ᠰᠠᠭᠤᠭᠠᠯᠢ ᠠᠷᠠᠳ ᠤᠨ ᠲᠠᠩᠰᠠᠯᠠᠯᠲᠠ ᠲᠡᠮᠳᠡᠭᠯᠡᠯᠲᠡ ᠵᠡᠷᠭᠡ ᠠᠵᠢᠯ ᠤᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃      ᠵᠣᠣ ᠹᠸᠢ ᠯᠦ ᠴᠢᠬᠤᠯᠠᠴᠢᠯᠠᠬᠤ ᠳᠤ ᠪᠠᠨ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠤᠨ ᠬᠢᠵᠢᠭ ᠤᠨ ᠬᠦᠨᠳᠦ ᠨᠣᠴᠢᠲᠠᠶ ᠪᠠᠶᠢᠳᠠᠯ ᠢ ᠭᠦᠶᠴᠡᠳ ᠲᠠᠨᠢᠵᠤ ᠬᠢᠵᠢᠭ ᠤᠨ ᠪᠠᠶᠢᠳᠠᠯ ᠢ ᠨᠠᠷᠢᠨ ᠠᠩᠬᠠᠷᠴᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠠᠵᠢᠯ ᠢ ᠣᠳᠣᠬᠠᠨ ᠤ ᠲᠡᠷᠢᠭᠦᠨ ᠴᠢᠬᠤᠯᠠ ᠡᠭᠦᠷᠭᠡ ᠪᠣᠯᠭᠠᠨ ᠡᠯ᠎ᠡ ᠵᠦᠶᠯ ᠤᠨ ᠠᠷᠭ᠎ᠠ ᠬᠡᠮᠵᠢᠶ᠎ᠡ ᠲᠣᠬᠢᠷᠠᠭᠤᠯᠤᠯᠲᠠ ᠶᠢ ᠨᠠᠶᠢᠳᠠᠪᠤᠷᠢᠵᠢᠭᠤᠯᠵᠤ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠬᠤ ᠬᠡᠷᠡᠭᠲᠡᠶ ᠭᠡᠵᠡᠢ᠃
     ᠵᠣᠣ ᠹᠸᠢ ᠯᠦ ᠱᠠᠭᠠᠷᠳᠠᠬᠤ ᠳᠤ ᠪᠠᠨ᠂ ᠪᠠᠭᠤᠷᠠᠶ ᠭᠤᠭᠴᠤᠭ᠎ᠠ ᠪᠠ ᠲᠣᠪᠣᠶᠢᠮ᠎ᠠ ᠠᠰᠠᠭᠤᠳᠠᠯ ᠢ ᠱᠠᠯᠠᠪᠳᠠᠭᠤᠯᠤᠨ ᠴᠡᠭᠴᠡᠯᠡᠨ ᠰᠠᠶᠢᠵᠢᠷᠠᠭᠤᠯᠵᠤ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠵᠤ ᠰᠡᠷᠭᠡᠶᠢᠯᠡᠨ ᠡᠵᠡᠮᠳᠡᠬᠦ ᠠᠵᠢᠯ ᠤᠨ ᠬᠦᠴᠦᠲᠡᠶ ᠪᠥᠭᠡᠳ ᠡᠮᠬᠢ ᠵᠢᠷᠤᠮ  ᠲᠠᠢ ᠥᠷᠨᠢᠬᠦ ᠶᠢ ᠪᠠᠲᠤᠯᠠᠬᠤ ᠬᠡᠷᠡᠭᠲᠡᠶ᠃ ᠬᠠᠷᠢᠶᠠᠲᠤ ᠣᠷᠣᠨ ᠤ ᠪᠣᠶ ᠪᠥᠬᠦᠶ ᠰᠠᠭᠤᠭᠠᠯᠢ ᠠᠷᠠᠳ ᠤᠨ ᠪᠠᠶᠢᠩᠭᠤ ᠰᠠᠭᠤᠵᠤ ᠪᠠᠶᠢᠭ᠎ᠠ ᠪᠠᠶᠢᠳᠠᠯ ᠢ ᠨᠠᠷᠢᠨ ᠪᠠᠶᠢᠴᠠᠭᠠᠵᠤ ᠡᠷᠦᠬᠡ ᠳᠠᠷᠠᠭᠠᠯᠠᠨ ᠲᠠᠩᠰᠠ ᠡᠪᠬᠡᠮᠡᠯ ᠪᠠᠶᠢᠭᠤᠯᠤᠨ ᠬᠠᠷᠢᠶ᠎ᠠ ᠣᠷᠣᠨ ᠳᠠᠬᠢ ︽ᠳᠥᠷᠪᠡᠨ ᠲᠥᠷᠥᠯ ᠤᠨ ᠬᠥᠮᠦᠰ︾ ᠤᠨ ᠪᠠᠶᠢᠳᠠᠯ ᠢ ᠲᠣᠳᠣᠷᠬᠠᠶ ᠣᠶᠢᠯᠠᠭᠠᠬᠤ ᠬᠡᠷᠡᠭᠲᠡᠶ᠃ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠵᠤ ᠰᠦᠯᠵᠢᠶᠡᠵᠢᠭᠦᠯᠦᠨ ᠪᠠᠶᠢᠴᠠᠭᠠᠬᠤ ᠲᠣᠣᠷᠵᠢᠭᠤᠯᠤᠨ ᠬᠠᠮᠢᠶᠠᠷᠤᠨ ᠡᠵᠡᠮᠳᠡᠬᠦ ᠶᠢ ᠨᠠᠶᠢᠳᠠᠪᠤᠷᠢᠵᠢᠭᠤᠯᠵᠤ ᠨᠢᠭᠡ ᠡᠷᠦᠬᠡ᠂ ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ ᠪᠠᠶᠢᠵᠤ ᠬᠠᠷᠢᠶᠠᠲᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠦᠴᠦᠲᠡᠶ ᠠᠬᠢᠭᠤᠯᠬᠤ ᠬᠡᠷᠡᠭᠲᠡᠶ᠃ ᠭᠤᠤᠯᠳᠠᠯᠭ᠎ᠠ ᠲᠠᠢ ᠠᠵᠢᠯᠲᠠᠨ ᠢ ᠪᠠᠶᠢᠴᠠᠭᠠᠬᠤ ᠶᠢ ᠪᠣᠳᠠᠲᠠᠶᠢᠵᠢᠭᠤᠯᠵᠤ ᠠᠵᠢᠯᠲᠠᠨ ᠤ ᠰᠢᠯᠵᠢᠯᠲᠡ ᠶᠢ ᠪᠠᠭᠠᠰᠬᠠᠨ ᠳᠠᠯᠳᠠ ᠲᠦᠭᠰᠢᠭᠦᠷᠢ ᠶᠢ ᠬᠤᠷᠢᠭᠯᠠᠬᠤ ᠬᠡᠷᠡᠭᠲᠡᠶ᠃ ᠬᠢᠵᠢᠭ ᠤᠨ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠬᠦ ᠮᠡᠳᠡᠯᠭᠡ ᠶᠢᠨ ᠤᠬᠠᠭᠤᠯᠭ᠎ᠠ ᠶᠢ ᠰᠠᠶᠢᠨ ᠭᠢᠵᠤ ᠮᠡᠳᠡᠭᠳᠡᠯ ᠵᠠᠷ ᠤᠨ ᠲᠠᠪᠴᠠᠩ᠂ ᠯᠠᠪᠠᠷ᠂ ᠸᠢᠴᠠᠲ᠂ QQ ᠬᠤᠯᠪᠣᠭ᠎ᠠ ᠵᠡᠷᠭᠡ ᠠᠷᠭ᠎ᠠ ᠮᠠᠶ᠋ᠢᠭ ᠢ ᠭᠦᠶᠴᠡᠳ ᠠᠰᠢᠭᠯᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠯᠭᠡ ᠶᠢ ᠤᠬᠠᠭᠤᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠨᠳᠦᠰᠦᠨ ᠱᠠᠲᠤᠨ ᠤ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠵᠤ ᠪᠥᠭᠦ ᠬᠤᠰᠢᠭᠤᠨ ᠤ ᠠᠷᠠᠳ ᠲᠦᠮᠡᠨ ᠤ ᠡᠷᠡᠭᠦᠯ ᠮᠡᠨᠳᠦ ᠶᠢ ᠬᠠᠮᠠᠭᠠᠯᠠᠬᠤ ᠬᠡᠷᠡᠭᠲᠡᠶ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号