ᠮᠠᠨ ᠤ ᠬᠤᠰᠢᠭᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠤᠳᠤᠷᠢᠳᠬᠤ ᠳᠤᠭᠤᠶᠢᠯᠠᠩ  ᠤᠨ ᠳᠥᠷᠪᠡᠳᠦᠭᠡᠷ ᠤᠳᠠᠭᠠᠨ ᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-02-10
     2 ᠰᠠᠷ᠎ᠠ ᠶᠢᠨ 7 ᠤ ᠡᠳᠦᠷ᠂ ᠪᠥᠬᠦ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ   ᠠᠴᠠ ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠤᠨ ᠤᠳᠤᠷᠢᠳᠬᠤ ᠲᠤᠭᠤᠶᠢᠯᠠᠩ ᠤᠨ ᠳᠥᠷᠪᠡᠳᠦᠭᠡᠷ ᠤᠳᠠᠭᠠᠨ ᠤ ᠬᠤᠷᠠᠯ ᠬᠤᠷᠠᠯᠳᠤᠪᠠ᠃ ᠬᠤᠷᠠᠯ ᠨᠢ ᠡᠮᠦᠨᠡᠬᠢ ᠱᠠᠳᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠳ᠋ᠥᠩᠨᠠᠯᠳᠠ ᠭᠢᠵᠤ᠂ ᠳᠠᠷᠠᠭ᠎ᠠ ᠨᠢᠭᠡ ᠱᠠᠲᠤᠨ  ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠪᠠ ᠪᠦᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠲᠥᠷᠤᠯ ᠤᠨ ᠠᠵᠢᠯ ᠳᠤ ᠪᠠᠶᠢᠷᠢᠯᠠᠭᠤᠯᠤᠯᠳᠠ ᠲᠤᠭᠢᠷᠠᠭᠤᠯᠤᠯᠳᠠ ᠭᠢᠪᠠ᠃ ᠬᠤᠰᠢᠭᠤ ᠨᠠᠮ  ᠤᠨ ᠬᠤᠷᠢᠶᠠᠨ ᠤ ᠱᠦᠵᠢ ᠡᠷᠳᠡᠨᠢᠪᠢᠯᠢᠭ ᠬᠤᠷᠠᠯ ᠢ ᠡᠷᠭᠢᠯᠠᠨ ᠶᠠᠷᠢᠶ᠎ᠠ ᠲᠠᠯᠪᠢᠵᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ ᠹᠸᠢ ᠯᠦ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ  ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ ᠵᠢᠴᠢ ᠡᠯ᠎ᠡ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠳᠡᠳ᠋ ᠳᠠᠷᠤᠭ᠎ᠠ ᠨᠠᠷ ᠪᠤᠯᠤᠨ ᠡᠯ᠎ᠡ ᠠᠵᠤ ᠠᠬᠤᠶ ᠶᠢᠨ ᠨᠡᠭᠡᠭᠡᠯᠲᠡ ᠶᠢᠨ ᠲᠤᠭᠤᠷᠢᠭ ︵ᠬᠦᠷᠢᠶᠡᠯᠡᠩ ᠲᠣᠭᠤᠷᠢᠭ︶᠂ ᠡᠯ᠎ᠡ ᠰᠤᠮᠤ ᠪᠠᠯᠭᠠᠰᠤ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠳᠠᠨ ᠲᠣᠰ ᠲᠣᠰ ᠭᠤᠤᠯ ᠬᠤᠷᠠᠯ ᠤᠨ ᠲᠠᠯᠠᠪᠠᠶ ᠪᠠ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃
     ᠡᠷᠳᠡᠨᠢᠪᠢᠯᠢᠭ ᠴᠢᠬᠤᠯᠠᠴᠢᠯᠠᠭᠰᠠᠨ ᠨᠢ᠂ ᠣᠳᠣᠬᠠᠨ ᠪᠤᠯ ᠶᠠᠭ ᠰᠠᠶᠢᠬᠠᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠤᠨ ᠬᠢᠵᠢᠭ ᠤᠨ ᠨᠢᠭᠡᠳᠦᠭᠡᠷ ᠨᠢᠭᠤᠭᠳᠠᠮᠠᠯ ᠬᠤᠭᠤᠴᠠᠭ᠎ᠠ ᠳᠠᠭᠤᠰᠴᠤ ᠬᠤᠶᠠᠳᠤᠭᠠᠷ ᠨᠢᠭᠤᠭᠳᠠᠮᠠᠯ ᠬᠤᠭᠤᠴᠠᠭ᠎ᠠ ᠡᠭᠢᠯᠠᠵᠤ ᠠᠵᠢᠯ ᠳᠤ ᠪᠠᠨ ᠪᠤᠴᠠᠬᠤ ᠬᠥᠮᠦᠰ  ᠤᠨ ᠰᠢᠯᠵᠢᠯᠲᠡ ᠤᠯᠠᠨ᠂ ᠰᠣᠯᠪᠢᠴᠠᠨ ᠬᠠᠯᠳᠠᠪᠤᠷᠢᠯᠠᠬᠤ ᠲᠦᠭᠰᠢᠭᠦᠷᠢ ᠨᠡᠮᠡᠭᠳᠡᠭᠦ ᠵᠠᠩᠭᠢᠯᠠᠭ᠎ᠠ ᠶᠢᠨ ᠭᠤᠭᠴᠤᠭ᠎ᠠ ᠪᠤᠯᠬᠤ ᠪᠥᠭᠡᠳ ᠪᠥᠬᠦ ᠵᠢᠯ ᠤᠨ ᠡᠯ᠎ᠡ ᠵᠦᠶᠯ ᠤᠨ ᠭᠤᠤᠯᠳᠠᠯᠭ᠎ᠠ ᠲᠠᠢ ᠡᠭᠦᠷᠭᠡ ᠶᠢᠨ ᠡᠬᠢᠯᠡᠯᠲᠡ ᠶᠢᠨ ᠴᠢᠬᠤᠯᠠ ᠴᠠᠭ ᠬᠤᠭᠤᠴᠠᠭ᠎ᠠ ᠪᠣᠯᠤᠨ᠎ᠠ᠂ ᠪᠥᠬᠦ ᠬᠤᠰᠢᠭᠤ ᠪᠠᠷ ᠢᠶᠠᠨ ᠨᠠᠮ ᠤᠨ ᠲᠥᠪ ᠬᠤᠷᠢᠶᠠᠨ ᠤ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ ᠵᠥᠷᠢᠶ᠎ᠡ ᠪᠠᠨ ᠡᠷᠢᠵᠦ ᠳᠤᠲᠠᠭᠤᠳᠠᠯ ᠢᠶᠠᠨ ᠨᠥᠬᠦᠪᠥᠷᠢᠯᠡᠵᠦ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠦᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠤᠯᠠᠷᠠᠭᠤᠯᠤᠯ ᠥᠬᠡᠶ ᠰᠠᠶᠢᠲᠤᠷ ᠠᠳᠬᠤᠵᠤ ᠠᠵᠢᠯ ᠢᠶᠠᠨ ᠲᠤᠭᠢᠷᠠᠭᠤᠯᠤᠨ ᠦᠶᠯᠡᠳᠪᠦᠷᠢᠯᠡᠯ ᠢ ᠰᠡᠷᠭᠦᠭᠡᠬᠦ᠂ ᠠᠵᠤ ᠠᠬᠤᠶᠢᠯᠠᠯ ᠤᠨ ᠠᠵᠢᠯ ᠢ ᠰᠡᠷᠭᠦᠭᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ᠂ ᠣᠷᠴᠢᠨ ᠲᠤᠭᠤᠷᠢᠨ ᠢ ᠴᠡᠭᠴᠡᠯᠠᠨ ᠵᠠᠰᠠᠬᠤ ᠵᠡᠷᠭᠡ ᠭᠤᠤᠯᠳᠠᠯᠭ᠎ᠠ ᠲᠠᠢ ᠠᠵᠢᠯ ᠢ ᠨᠢᠭᠡᠳᠦᠯᠲᠡᠶ ᠲᠥᠯᠥᠪᠯᠡᠨ ᠠᠳᠬᠤᠵᠣ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠨᠡᠩ ᠰᠠᠶᠢᠨ ᠪᠠᠲᠤᠯᠠᠭ᠎ᠠ ᠬᠠᠩᠭᠠᠨ ᠠᠵᠤ ᠠᠬᠤᠶ ᠨᠡᠶᠢᠭᠡᠮ ᠤᠨ ᠬᠡᠪ ᠤᠨ ᠡᠮᠭᠢ ᠲᠢᠭᠯᠢᠮ ᠢ ᠬᠠᠮᠠᠭᠠᠯᠠᠬᠤ ᠭᠡᠷᠡᠭᠳᠠᠢ ᠭᠡᠵᠡᠢ᠃      ᠡᠷᠳᠡᠨᠢᠪᠢᠯᠢᠭ ᠵᠢᠭᠠᠵᠤ ᠭᠠᠷᠭᠠᠭᠰᠠᠨ ᠨᠢ᠂ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠰᠢ᠂ ᠬᠤᠰᠢᠭᠤ ᠨᠠᠮ  ᠤᠨ ᠬᠤᠷᠢᠶ᠎ᠠ᠂ ᠵᠠᠰᠠᠭ ᠤᠨ ᠣᠷᠳᠣᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ  ᠶᠢᠨ ᠵᠤᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠢᠶᠳᠪᠦᠷᠢᠲᠦ ᠪᠤᠳᠣᠯᠭ᠎ᠠ ᠶᠢᠨ ᠪᠠᠶᠢᠷᠢᠯᠠᠭᠤᠯᠤᠯᠲᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠲᠣᠬᠢᠷᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠴᠠᠭ ᠲᠠᠷᠤᠢ ᠳᠤ  ᠨᠢ ᠭᠥᠳᠡᠯᠤᠯᠴᠠᠨ ᠨᠠᠮ ᠤᠨ ᠭᠡᠰᠢᠭᠦᠨ ᠺᠠᠳ᠋ᠷᠴᠤᠳ ᠲᠦᠷᠦᠭᠦᠯᠡᠨ ᠥᠷᠭᠡᠨ ᠣᠯᠠᠨ ᠡᠮᠨᠡᠯᠭᠡ ᠶᠢᠨ ᠠᠵᠢᠯᠲᠠᠨ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ᠂ ᠵᠠᠮ ᠬᠠᠷᠢᠯᠴᠠᠭᠠᠨ ᠤ ᠴᠠᠭᠳᠠᠭ᠎ᠠ᠂  ᠪᠠᠶᠢᠭᠤᠯᠭ᠎ᠠ ᠨᠢᠭᠡᠴᠢ ᠶᠢᠨ ᠠᠵᠢᠯᠲᠠᠨ᠂ ᠨᠡᠶᠢᠭᠡᠮ ᠲᠣᠭᠤᠷᠢᠭ ᠤᠨ ᠠᠵᠢᠯᠲᠠᠨ᠂ ᠰᠠᠶᠢᠨ ᠲᠤᠷᠠᠴᠤᠳ᠂ ᠠᠵᠤ ᠠᠬᠤᠶᠢᠯᠠᠯ ᠤᠨ ᠠᠵᠢᠯᠲᠠᠨ ᠵᠡᠷᠭᠡ ᠡᠯ᠎ᠡ ᠠᠵᠢᠯ ᠲᠥᠷᠥᠯ ᠤᠨ ᠭᠥᠮᠤᠰ ᠠᠵᠢᠯ ᠤᠨ ᠪᠠᠶᠢᠷᠢ ᠪᠠᠨ ᠪᠠᠲᠤ ᠰᠠᠬᠢᠵᠤ ᠴᠠᠭ ᠢ ᠵᠠᠪᠳᠤᠨ ᠰᠡᠷᠭᠡᠶᠢᠯᠡᠨ ᠡᠵᠡᠮᠳᠡᠬᠦ ᠠᠵᠢᠯ ᠳᠤ ᠤᠷᠤᠯᠴᠠᠨ ︽ᠨᠠᠮ ᠤᠨ ᠭᠡᠰᠢᠭᠦᠨ ᠲᠦᠷᠦᠭᠦᠯᠡᠨ᠂ ᠣᠯᠠᠨ ᠲᠦᠮᠡᠨ ᠣᠷᠣᠯᠴᠠᠵᠤ᠂ ᠬᠥᠮᠦᠨ ᠪᠦᠬᠦᠨ ᠬᠢᠵᠢᠭ ᠰᠡᠷᠭᠡᠶᠢᠯᠡᠬᠦ︾ ᠲᠠᠶᠠᠭᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠬᠤᠷᠢᠭᠯᠠᠬᠤ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠵᠤ ᠰᠡᠷᠭᠡᠶᠢᠯᠡᠨ ᠡᠵᠡᠮᠳᠡᠬᠦ ᠠᠵᠢᠯ ᠱᠠᠳᠣᠴᠢ ᠴᠢᠨᠠᠷᠲᠠᠶ ᠢᠯᠠᠯᠲᠠ ᠣᠯᠵᠤ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠭᠰᠠᠨ ᠪᠠᠶᠢᠨ᠎ᠠ ᠭᠡᠵᠡᠢ᠃
     ᠡᠷᠳᠡᠨᠢᠪᠢᠯᠢᠭ ᠴᠢᠬᠤᠯᠠᠴᠢᠯᠠᠭᠰᠠᠨ ᠨᠢ᠂ ᠤᠳᠤ ᠪᠣᠯ ᠶᠠᠭ ᠬᠢᠵᠢᠭ ᠤᠨ ᠬᠠᠯᠳᠠᠪᠤᠷᠢᠯᠠᠬᠤ ᠬᠤᠭᠤᠴᠠᠭ᠎ᠠ ᠪᠠᠶᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠵᠠᠩᠭᠢᠯᠠᠭ᠎ᠠ ᠶᠢᠨ ᠱᠠᠲᠤᠨ ᠳᠤ ᠤᠷᠤᠭᠠᠳ ᠪᠤᠢ᠂ ᠪᠢᠳᠠ ᠵᠠᠪᠠᠯ ᠲᠥᠪ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠡᠯ᠎ᠡ ᠵᠦᠶᠯ ᠤᠨ ᠰᠢᠶᠳᠪᠦᠷᠢᠲᠦ ᠪᠣᠳᠣᠯᠭ᠎ᠠ  ᠶᠢᠨ ᠪᠠᠶᠢᠷᠢᠯᠠᠭᠤᠯᠤᠯᠳᠠ ᠶᠢ ᠴᠢᠩᠭ᠎ᠠ ᠨᠠᠶᠢᠳᠠᠪᠤᠷᠢᠵᠢᠭᠤᠯᠵᠤ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠪᠤᠳᠠᠳᠠᠶᠢᠵᠢᠭᠤᠯᠤᠨ ᠬᠠᠤᠯᠢ ᠶᠣᠰᠣᠭᠠᠷ ᠰᠡᠷᠭᠡᠶᠢᠯᠡᠨ ᠡᠵᠡᠮᠳᠡᠵᠤ ᠬᠠᠮᠢᠶᠠᠷᠤᠯᠳᠠ ᠬᠢᠨ ᠭᠠᠳᠠᠨ᠎ᠠ ᠠᠴᠠ ᠢᠷᠡᠭᠰᠡᠨ ᠬᠥᠮᠦᠰ ᠢ ᠲᠠᠷᠠᠭᠠᠯᠠᠨ ᠪᠠᠶᠢᠴᠠᠭᠠᠵᠤ ᠨᠢᠭᠲᠠ ᠬᠠᠷᠢᠯᠴᠠᠭᠰᠠᠳ ᠢ ᠲᠤᠰᠠᠭᠠᠷᠯᠠᠨ ᠲᠣᠤᠷᠵᠢᠭᠤᠯᠤᠭᠰᠠᠨ ᠬᠠᠷᠢᠭᠤᠴᠠᠯᠭ᠎ᠠ  ᠶᠢ ᠨᠠᠶᠢᠳᠠᠪᠤᠷᠢᠵᠢᠭᠤᠯᠵᠤ ᠡᠷᠡᠭᠦᠯ ᠮᠠᠨᠳᠤ ᠠᠮᠤᠷ ᠲᠦᠪᠰᠢᠨ ᠢ ᠪᠠᠲᠤᠯᠠᠬᠤ ᠬᠡᠷᠡᠭᠲᠡᠶ᠃ ᠡᠮ ᠡᠮᠨᠡᠯᠭᠡ ᠶᠢᠨ ᠰᠡᠷᠭᠡᠶᠢᠯᠡᠨ ᠬᠠᠮᠠᠭᠠᠯᠠᠬᠤ ᠡᠳ᠋ ᠪᠣᠳᠠᠰ ᠢ ᠵᠤᠭᠢᠰᠳᠠᠢ ᠲᠤᠬᠢᠷᠠᠭᠤᠯᠤᠨ ᠡᠮᠦᠨ᠎ᠡ ᠹᠷᠣᠨᠲ ᠤᠨ ᠬᠥᠮᠦᠰ ᠢ ᠪᠠᠲᠤᠯᠠᠵᠤ ᠮᠠᠨ ᠤ ᠬᠤᠰᠢᠭᠤᠨ ᠤ ᠬᠢᠵᠢᠭ ᠤᠨ ᠪᠠᠶᠢᠳᠠᠯ ᠢ ᠰᠠᠷᠭᠡᠶᠢᠯᠠᠨ ᠡᠵᠡᠮᠳᠡᠬᠦ ᠠᠵᠢᠯ ᠤᠨ ᠠᠷᠭ᠎ᠠ ᠬᠡᠮᠵᠢᠶ᠎ᠡ᠂ ᠡᠮᠤᠨ᠎ᠠ ᠹᠷᠣᠨᠲ ᠤᠨ ᠲᠡᠷᠢᠭᠦᠨ ᠤ ᠬᠤᠪᠢ ᠬᠥᠮᠦᠨ ᠪᠠ ᠨᠠᠶᠢᠳᠡᠯᠢᠭ ᠦᠢᠯᠡ ᠠᠵᠢᠯᠯᠠᠭ᠎ᠠ ᠶᠢ  ᠮᠡᠳᠡᠭᠡᠯᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠯᠭᠡ ᠶᠢ ᠶᠡᠬᠡᠪᠡᠷ ᠲᠦᠭᠡᠮᠡᠯᠵᠢᠭᠦᠯᠵᠦ ᠬᠥᠮᠦᠰ ᠤᠨ ᠰᠠᠳᠭᠢᠯ ᠢ ᠳᠤᠯᠠᠭᠠᠴᠠᠭᠤᠯᠵᠤ ᠠᠷᠠᠳ ᠤᠨ ᠰᠡᠳᠬᠢᠯ ᠢ ᠨᠢᠭᠲᠠᠷᠠᠭᠤᠯᠬᠤ ᠬᠡᠷᠡᠭᠲᠡᠶ᠃ ᠰᠢᠨ᠎ᠡ ᠪᠠᠶᠢᠳᠠᠯ ᠢ ᠰᠤᠳᠤᠯᠤᠨ ᠰᠢᠨ᠎ᠡ ᠠᠰᠠᠭᠤᠳᠠᠯ ᠢ ᠰᠢᠶᠳᠪᠦᠷᠢᠯᠡᠵᠦ ᠠᠮᠠᠷᠠᠯᠳᠠ ᠶᠢᠨ ᠳᠠᠷᠠᠭ᠎ᠠ ᠪᠤᠴᠠᠵᠤ ᠢᠷᠡᠬᠦ ᠭᠥᠮᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠠᠷᠢᠨ ᠨᠢᠮᠪᠠᠢ ᠬᠢᠬᠦ ᠬᠡᠷᠡᠭᠲᠡᠶ ᠭᠡᠵᠡᠢ᠃      ᠡᠷᠳᠡᠨᠢᠪᠢᠯᠢᠭ ᠴᠢᠬᠤᠯᠠᠴᠢᠯᠠᠭᠰᠠᠨ ᠨᠢ᠂ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠪᠠᠷ ᠰᠠᠶᠢᠲᠤᠷ ᠬᠢᠬᠦ ᠶᠢᠨ ᠬᠠᠮᠲᠤ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠯ᠎ᠡ ᠵᠦᠶᠯ ᠤᠨ ᠠᠵᠢᠯ ᠢ ᠨᠢᠭᠡᠳᠤᠯᠳᠠᠢ ᠲᠥᠯᠥᠪᠯᠡᠨ ᠰᠠᠶᠢᠲᠤᠷ ᠠᠳᠬᠤᠵᠤ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠠᠯᠠᠭᠦᠯᠭᠦ ᠡᠯ᠎ᠡ  ᠲᠥᠷᠤᠯ ᠤᠨ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ ᠭᠤᠷᠪᠠᠨ ᠶᠡᠭᠡ ᠪᠣᠭᠤᠮᠲᠠ ᠰᠢᠪᠲᠤᠯᠬᠤ  ᠲᠠᠶᠢᠯᠠᠯᠳᠤᠭᠠᠨ ᠢ ᠢᠯᠠᠵᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠡᠭᠦᠷᠭᠡ ᠶᠢᠨ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ ᠡᠨᠡ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠰᠠᠶᠢᠲᠤᠷ ᠪᠡᠶᠡᠯᠡᠭᠦᠯᠬᠦ ᠬᠡᠷᠡᠭᠲᠡᠶ᠃ ᠬᠢᠵᠢᠭ ᠤᠨ ᠪᠠᠶᠢᠳᠠᠯ ᠤᠨ ᠠᠵᠤ ᠠᠬᠤᠶ ᠶᠢᠨ ᠡᠷᠭᠢᠯᠳᠠ ᠳᠤ ᠦᠵᠡᠭᠦᠯᠬᠦ ᠨᠥᠯᠥᠭᠡ ᠶᠢ ᠰᠢᠨᠵᠢᠯᠠᠭᠦ ᠤᠬᠠᠭᠠᠨᠴᠢ ᠪᠠᠷ ᠰᠤᠳᠤᠯᠤᠨ ᠪᠦᠲᠦᠮᠵᠢᠲᠡᠶ ᠰᠢᠢᠳᠪᠦᠷᠢᠯᠡᠵᠤ ᠵᠢᠭᠦᠷᠲᠡᠨ ᠤ ᠬᠠᠯᠳᠠᠪᠤᠷᠢᠲᠤ ᠲᠠᠭᠰᠢᠭᠤᠷ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠢ ᠰᠠᠶᠢᠲᠤᠷ ᠬᠢᠵᠦ ᠡᠯ᠎ᠡ ᠵᠦᠶᠯ ᠤᠨ ᠪᠤᠳᠤᠯᠢᠶᠠᠨᠲᠠᠶ ᠪᠠᠶᠢᠳᠠᠯ ᠢ ᠡᠵᠡᠮᠳᠡᠬᠦ ᠳᠤ ᠭᠦᠶᠴᠡᠳ ᠪᠡᠯᠡᠳᠬᠡᠯ ᠬᠢᠬᠦ ᠬᠡᠷᠡᠭᠲᠡᠶ᠃ ᠴᠢᠬᠤᠯᠠ ᠲᠤᠮᠤ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠠᠭᠢᠭᠤᠯᠤᠨ ᠡᠯ᠎ᠡ ᠲᠥᠷᠥᠯ ᠤᠨ ᠠᠵᠤ ᠠᠬᠤᠶᠢᠯᠠᠯ ᠤᠨ ᠦᠶᠯᠡᠳᠪᠦᠷᠢᠯᠡᠯ ᠢᠶᠠᠨ ᠰᠡᠷᠭᠦᠭᠡᠬᠦ ᠶᠢ ᠬᠠᠤᠯᠢ ᠶᠤᠰᠤᠭᠠᠷ ᠳᠡᠮᠵᠢᠨ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ  ᠪᠠᠶᠠᠯᠠᠭᠦᠯᠭᠦ ᠪᠠ ︽13 · 5︾ ᠶᠢᠨ ᠲᠥᠯᠥᠪᠵᠢᠭᠦᠯᠭᠡ ᠶᠢ ᠲᠡᠭᠦᠰ ᠠᠮᠵᠢᠯᠲᠠ ᠲᠠᠢ ᠪᠡᠶᠡᠯᠡᠬᠦᠯᠬᠦ ᠶᠢ ᠪᠠᠲᠤᠯᠠᠬᠤ ᠬᠡᠷᠡᠭᠲᠡᠶ ᠭᠡᠵᠡᠢ᠃      ᠲᠠᠷᠠᠭᠠᠴᠢ ᠶᠢᠨ ᠠᠯᠬᠤᠮ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠲᠤᠬᠠᠶ ᠵᠣᠣ ᠹᠸᠢ ᠯᠦ ᠴᠢᠬᠤᠯᠠᠴᠢᠯᠠᠭᠰᠠᠨ ᠨᠢ᠂ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠦᠨᠳᠦ ᠬᠡᠴᠡᠭᠦᠦ ᠪᠤᠳᠤᠯᠢᠶᠠᠨᠲᠠᠶ ᠪᠠᠶᠢᠳᠠᠯ ᠢ ᠰᠡᠷᠭᠡᠭ ᠢᠶᠠᠷ ᠲᠠᠨᠢᠨ ᠪᠠᠶᠢᠴᠠᠭᠠᠬᠤ ᠴᠡᠭ ᠪᠠ ᠰᠠᠭᠤᠭᠠᠯᠢ ᠲᠣᠭᠤᠷᠢᠭ  ᠤᠨ ᠵᠢᠵᠢᠭᠦᠷᠯᠡᠨ ᠰᠠᠬᠢᠬᠤ ᠶᠢ ᠴᠢᠩᠭᠠᠳᠬᠠᠵᠤ ᠰᠡᠷᠭᠡᠶᠢᠯᠡᠨ ᠡᠵᠡᠮᠳᠡᠬᠦ ᠮᠡᠳᠡᠯᠭᠡ ᠪᠠ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢᠨ ᠪᠤᠯᠪᠠᠰᠤᠷᠠᠯ ᠢ ᠴᠢᠩᠭᠠᠳᠬᠠᠨ ᠳᠡᠩᠰᠡᠯᠡᠨ ᠪᠠᠶᠢᠴᠠᠭᠠᠬᠤ᠂ ᠲᠤᠰᠠᠭᠠᠷᠯᠠᠬᠤ ᠶᠠᠪᠤᠴᠠ ᠶᠢ ᠵᠢᠷᠤᠮᠵᠢᠭᠤᠯᠵᠤ ᠬᠢᠵᠢᠭ ᠤᠨ ᠪᠠᠶᠢᠳᠠᠯ ᠢ ᠬᠠᠮᠢᠶᠠᠷᠤᠨ ᠡᠵᠡᠮᠳᠡᠬᠦ ᠭᠥᠴᠤᠯᠠᠴᠠ ᠪᠠᠨ ᠨᠡᠮᠡᠭᠳᠡᠭᠦᠯᠭᠦ ᠬᠡᠷᠡᠭᠲᠡᠶ᠃ ᠭᠠᠳᠠᠭᠰᠢ ᠭᠠᠷᠴᠤ ᠠᠮᠠᠷᠠᠯᠳᠠ ᠪᠠᠨ ᠥᠩᠭᠡᠷᠡᠭᠦᠯᠦᠭᠰᠡᠳ ᠢ ᠣᠶᠢᠷ᠎ᠠ ᠶᠢᠨ ᠬᠤᠭᠤᠴᠠᠭᠠᠨ ᠳᠤ ᠲᠦᠷ ᠪᠤᠴᠠᠬᠤ ᠥᠬᠡᠶ ᠪᠠᠶᠢᠬᠤ ᠶᠢ ᠰᠠᠨᠠᠭᠤᠯᠤᠨ ᠰᠠᠭᠤᠭᠠᠯᠢ ᠠᠷᠠᠳ ᠪᠣᠯᠤᠨ ᠮᠠᠯᠴᠢᠨ ᠲᠠᠷᠢᠶᠠᠴᠢᠳ ᠢ ᠤᠬᠠᠭᠤᠯᠤᠨ ᠰᠡᠷᠭᠡᠶᠢᠯᠡᠨ ᠡᠵᠡᠮᠳᠡᠬᠦ ᠠᠵᠢᠯ ᠳᠤ ᠢᠳᠡᠪᠬᠢᠲᠡᠢ ᠣᠷᠣᠯᠴᠠᠭᠤᠯᠵᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ᠂ ᠲᠠᠶᠠᠭᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠡᠵᠡᠮᠳᠡᠬᠦ ᠠᠵᠢᠯ ᠤᠨ ᠪᠠᠶᠢᠳᠠᠯ ᠢ ᠪᠤᠢ ᠪᠣᠯᠭᠠᠬᠤ ᠬᠡᠷᠡᠭᠲᠡᠶ᠃ ᠱᠠᠯᠠᠪᠳᠠᠭᠤᠯᠤᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ ᠠᠰᠠᠭᠤᠳᠠᠯ ᠢ ᠢᠯᠠᠷᠠᠭᠦᠯᠤᠨ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠠᠵᠤ ᠠᠬᠤᠶᠢᠯᠠᠯ ᠤᠨ ᠦᠶᠯᠡᠳᠪᠦᠷᠢᠯᠡᠯ ᠢᠶᠠᠨ ᠰᠡᠷᠭᠦᠭᠡᠬᠦ ᠶᠢ ᠴᠢᠬᠤᠯᠠᠴᠢᠯᠠᠨ ᠪᠡᠯᠡᠳᠬᠡᠯ ᠲᠥᠰᠦᠯ ᠭᠠᠷᠭᠠᠬᠤ ᠶᠢ ᠱᠠᠭᠠᠷᠳᠠᠨ ᠠᠵᠢᠯᠳᠠᠨ ᠤ ᠴᠠᠭ ᠬᠤᠪᠢᠶᠠᠨ ᠪᠦᠯᠦᠭ ᠬᠤᠪᠢᠶᠠᠨ ᠠᠵᠢᠯ ᠳᠤ ᠪᠠᠨ ᠭᠠᠷᠬᠤ ᠶᠢ ᠵᠢᠯᠤᠭᠤᠳᠴᠤ ᠨᠠᠷᠢᠨ ᠳᠠᠩᠰᠠᠯᠠᠬᠤ ᠶᠢᠨ ᠬᠠᠮᠲᠤ ᠲᠤᠰᠠᠭᠠᠷᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠬᠦᠷᠢᠶᠡᠯᠡᠩ ᠲᠣᠭᠤᠷᠢᠭ᠂ ᠰᠤᠮᠤ ᠪᠠᠯᠭᠠᠰᠤ ᠪᠣᠯᠤᠨ ᠬᠠᠮᠢᠶ᠎ᠠ ᠪᠦᠬᠦᠢ ᠰᠠᠯᠠᠭ᠎ᠠ ᠮᠥᠴᠢᠷ ᠮᠠᠯ ᠲᠠᠷᠢᠶᠠᠯᠠᠩ ᠠᠵᠤ ᠠᠬᠤᠢ ᠶᠢᠨ ᠦᠶᠯᠡᠳᠪᠦᠷᠢᠯᠡᠯ ᠪᠣᠯᠤᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠡᠷᠲᠡ ᠠᠴᠠ ᠲᠥᠯᠥᠪᠯᠠᠨ ᠡᠷᠲᠡ ᠠᠴᠠ ᠪᠠᠶᠢᠷᠢᠯᠠᠭᠤᠯᠵᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠰᠠᠶᠢᠨ ᠬᠢᠵᠦ ᠭᠤᠤᠯᠳᠠᠯᠭ᠎ᠠ ᠲᠠᠢ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ  ᠶᠢᠨ ᠡᠮᠦᠨᠡᠬᠢ ᠬᠤᠭᠤᠴᠠᠭᠠᠨ ᠤ ᠪᠡᠯᠡᠳᠬᠡᠯ   ᠢ ᠬᠢᠵᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠶᠢᠨ ᠠᠵᠢᠯ ᠤᠨ ︽ᠬᠤᠶᠠᠷ ᠲᠠᠯ᠎ᠠ   ᠪᠠᠷ ᠠᠳᠬᠤᠵᠤ᠂ ᠬᠤᠶᠠᠷ ᠢ ᠤᠰᠤᠯᠳᠠᠭᠤᠯᠬᠤ ᠦᠭᠡᠢ︾ ᠪᠠᠶᠢᠬᠤ ᠶᠢ ᠪᠠᠲᠤᠯᠠᠬᠤ ᠬᠡᠷᠡᠭᠲᠡᠶ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号