ᠦᠤᠰᠢᠨ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ︽ᠶᠡᠭᠡ ᠪᠠᠷ ᠴᠡᠪᠡᠷᠯᠡᠵᠤ ᠠᠷᠢᠭᠤᠳᠬᠠᠬᠤ︾ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠪᠦᠬᠦ ᠲᠠᠯ᠎ᠠ ᠪᠠᠷ ᠥᠷᠨᠢᠭᠦᠯᠬᠦ ᠲᠤᠬᠠᠶ ᠵᠠᠷᠯᠠᠯ
ᠨᠡᠶᠢᠲᠡᠯᠡᠭᠰᠡᠨ ᠴᠠᠭ᠄
2020-02-10
            ︵6 ᠳ᠋ᠤᠭᠠᠷ ᠲᠤᠭᠠᠲᠤ︶     ᠮᠠᠨ ᠤ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠨᠡᠨᠬᠦ ᠴᠢᠩᠭᠠᠳᠬᠠᠵᠤ ᠬᠢᠵᠢᠭ ᠲᠡᠯᠭᠡᠷᠡᠬᠦ ᠵᠠᠮ ᠢ ᠬᠠᠮᠤᠭ ᠤᠨ ᠶᠡᠭᠡ ᠬᠡᠮᠵᠢᠶ᠎ᠡ ᠪᠠᠷ ᠬᠢᠵᠠᠭᠠᠷᠯᠠᠨ ᠬᠢᠵᠢᠭ ᠤᠨ ᠪᠠᠶᠢᠳᠠᠯ ᠬᠤᠰᠢᠭᠤᠨ ᠳᠤ ᠲᠠᠷᠬᠠᠬᠤ ᠶᠢ ᠡᠷᠡᠰ ᠬᠤᠷᠢᠭᠯᠠᠵᠤ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠦᠨᠡᠨᠬᠦ ᠪᠠᠲᠤᠯᠠᠬᠤ ᠶᠢᠨ ᠳᠣᠰᠠᠳᠠ ᠦᠦᠰᠢᠨ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠠᠴᠠ ᠪᠦᠬᠦ ᠬᠤᠰᠢᠭᠤᠨ ᠳᠤ ︽ᠶᠡᠭᠡ ᠪᠠᠷ ᠴᠡᠪᠡᠷᠯᠡᠵᠤ ᠠᠷᠢᠭᠤᠳᠬᠠᠬᠤ︾ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠪᠦᠬᠦ ᠲᠠᠯ᠎ᠠ ᠪᠠᠷ ᠦᠷᠨᠢᠬᠦᠯᠬᠦ ᠶᠢ ᠤᠷᠢᠶᠠᠯᠠᠵᠤ ᠪᠠᠶᠢᠨ᠎ᠠ᠃ ᠡᠳᠦᠭᠡ ᠬᠤᠯᠪᠣᠭᠳᠠᠯ ᠪᠥᠬᠦᠶ ᠤᠴᠢᠷ ᠶᠠᠪᠤᠳᠠᠯ ᠢ ᠳᠣᠤᠷᠠᠬᠢ ᠮᠡᠲᠦ ᠵᠠᠷᠯᠠᠶ᠎ᠠ᠄     ᠨᠢᠭᠡ᠂ ᠬᠥᠮᠦᠨ ᠪᠦᠬᠦᠨ ᠶᠡᠭᠡ ᠴᠡᠪᠡᠷᠯᠡᠭᠡ ᠳᠤ ᠣᠷᠣᠯᠴᠠᠬᠤ ᠬᠡᠷᠡᠭᠲᠡᠢ     ᠪᠠᠶᠢᠭᠤᠯᠭ᠎ᠠ ᠨᠢᠭᠡᠴᠢ ᠬᠤᠪᠢ ᠬᠥᠮᠦᠨ᠂ ᠨᠡᠶᠢᠭᠡᠮ ᠲᠣᠭᠤᠷᠢᠭ ᠤᠨ ᠺᠠᠳ᠋ᠷ ᠣᠯᠠᠨ ᠲᠦᠮᠡᠨ᠂ ᠣᠷᠴᠢᠨ ᠲᠣᠭᠤᠷᠢᠨ ᠴᠡᠪᠡᠷᠯᠡᠭᠴᠢᠳ ᠵᠢᠴᠢ ᠠᠳᠠᠯ ᠠᠬᠤᠢ ᠶᠢᠨ ᠬᠠᠮᠢᠶᠠᠷᠤᠯᠲᠠ ᠶᠢᠨ ᠠᠵᠢᠯᠴᠢᠨ ᠢ ᠳᠠᠶᠢᠴᠢᠯᠠᠨ ᠬᠠᠷᠢᠭᠤᠴᠠᠯᠭᠠᠲᠤ ᠤᠷᠤᠨ ᠪᠦᠰᠡ ᠶᠢᠨ ᠣᠷᠴᠢᠨ ᠲᠣᠭᠤᠷᠢᠨ ᠢ ᠴᠡᠪᠡᠷᠯᠡᠨ ᠴᠡᠭᠴᠡᠯᠡᠵᠣ ᠰᠠᠭᠤᠭᠠᠯᠢ ᠠᠷᠠᠳ ᠤᠨ ᠲᠣᠭᠤᠷᠢᠭ᠂ ᠵᠡᠭᠡᠯᠢ ᠭᠤᠳᠤᠮᠵᠢ᠂ ᠬᠤᠲᠠ ᠬᠥᠳᠡᠭᠡ ᠶᠢᠨ ᠠᠭᠤᠯᠵᠠᠷ ᠬᠡᠰᠡᠭ ᠵᠡᠷᠭᠡ ᠭᠤᠤᠯᠳᠠᠯᠭ᠎ᠠ ᠲᠠᠢ ᠭᠠᠵᠠᠷ ᠣᠷᠣᠨ ᠵᠢᠴᠢ ᠳᠤᠷ᠎ᠠ ᠳᠠᠪᠠ ᠪᠠᠷ ᠢᠶᠠᠨ ᠣᠪᠣᠭᠠᠯᠠᠵᠤ ᠳᠠᠯᠪᠢᠭᠰᠠᠨ ᠵᠤᠶᠢᠯᠡᠰ ᠵᠡᠷᠭᠡ ᠶᠢ ᠶᠡᠬᠡᠪᠡᠷ ᠴᠡᠭᠴᠡᠯᠡᠨ ᠴᠡᠪᠡᠷᠯᠡᠵᠣ ᠡᠳᠦᠷ ᠲᠤᠲᠤᠮ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠬᠠᠮᠠᠭᠠᠯᠠᠯᠲᠠ ᠶᠢᠨ ᠠᠵᠢᠯ ᠢ ᠴᠢᠩᠭᠠᠳᠬᠠᠬᠤ ᠬᠡᠷᠡᠭᠲᠡᠶ᠃ ᠭᠡᠷ ᠪᠦᠯᠢ ᠪᠠ ᠬᠤᠪᠢ ᠬᠥᠮᠦᠨ ᠭᠡᠷ ᠤᠨ ᠢᠶᠠᠨ ᠳᠣᠲᠣᠨ᠎ᠠ ᠭᠠᠳᠠᠨᠠᠬᠢ ᠣᠷᠴᠢᠨ ᠲᠣᠭᠤᠷᠢᠨ ᠢ ᠰᠠᠶᠢᠳᠣᠷ ᠴᠡᠪᠡᠷᠯᠡᠬᠦ ᠬᠡᠷᠡᠭᠲᠠᠢ᠃      ᠬᠤᠶᠠᠷ᠂ ᠠᠷᠢᠭᠤᠳᠬᠠᠨ ᠴᠡᠪᠡᠷᠯᠡᠬᠦ ᠶᠢ ᠲᠤᠳᠠᠭᠤᠯᠵᠤ ᠪᠣᠯᠬᠤ ᠦᠭᠡᠢ      ᠬᠤᠲᠠ ᠶᠢᠨ ᠬᠠᠮᠢᠶᠠᠷᠤᠯᠲᠠ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠤᠷᠢ ᠵᠡᠷᠭᠡ ᠰᠠᠯᠠᠭ᠎ᠠ ᠮᠥᠴᠢᠷ ᠲᠠᠷᠢᠶᠠᠯᠠᠩ ᠠᠷᠠᠯᠵᠢᠶᠠᠨ ᠤ ᠵᠠᠬ᠎ᠠ ᠲᠡᠯᠭᠡᠭᠦᠷ᠂ ᠬᠤᠳᠠᠯᠳᠤᠭᠠᠨ ᠤ ᠲᠠᠯᠠᠪᠣᠷ᠂ ᠴᠢᠯᠦᠬᠡᠳᠣ ᠳᠡᠯᠭᠡᠭᠦᠷ ᠵᠢᠴᠢ ᠡᠯ᠎ᠡ ᠲᠥᠷᠥᠯ ᠤᠨ ᠡᠵᠡᠩᠨᠡᠯᠲᠡ ᠶᠢᠨ ᠳᠡᠯᠭᠡᠭᠦᠷ᠂ ᠪᠠᠷᠢᠯᠭ᠎ᠠ ᠶᠢᠨ ᠭᠠᠵᠠᠷ᠂ ᠰᠣᠶᠣᠯ ᠪᠠ ᠵᠤᠭ᠎ᠠ ᠴᠡᠩᠭᠡᠯ ᠤᠨ ᠭᠠᠵᠠᠷ᠂ ᠲᠡᠷᠭᠡᠨ ᠥᠷᠲᠡᠭᠡ᠂ ᠵᠠᠮ ᠬᠠᠷᠢᠯᠴᠠᠭᠠᠨ ᠤ ᠪᠠᠭᠠᠵᠢ ᠵᠡᠷᠭᠡ ᠭᠤᠤᠯᠳᠠᠯᠭ᠎ᠠ ᠲᠠᠢ ᠭᠠᠵᠠᠷ ᠵᠢᠴᠢ ᠵᠦᠢᠯᠡᠰ ᠢ ᠦᠷᠭᠦᠯᠵᠢ ᠠᠷᠢᠭᠤᠳᠬᠠᠨ ᠴᠡᠪᠡᠷᠯᠡᠵᠤ ᠠᠷᠢᠭᠤᠨ ᠴᠡᠪᠡᠷ ᠪᠠᠶᠢᠯᠭᠠᠬᠤ ᠬᠡᠷᠡᠭᠲᠡᠶ᠃ ᠲᠡᠮᠦᠷ ᠵᠠᠮ᠂ ᠵᠠᠰᠠᠮᠠᠯ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠰᠠᠯᠠᠭ᠎ᠠ ᠮᠥᠴᠢᠷ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠪᠣᠯᠤᠨ ᠣᠯᠠᠨ ᠨᠡᠶᠢᠲᠡ ᠶᠢᠨ ᠲᠠᠯᠠᠪᠤᠷ ᠤᠨ ᠠᠷᠢᠭᠤᠨ ᠴᠡᠪᠡᠷ ᠪᠠ ᠠᠷᠢᠭᠤᠳᠬᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠶᠢᠨ ᠬᠠᠮᠲᠤ ᠤᠷᠲᠤ ᠬᠤᠭᠤᠴᠠᠭ᠎ᠠ ᠪᠠᠷ ᠪᠠᠷᠢᠮᠲᠠᠯᠠᠵᠤ ᠣᠯᠠᠨ ᠲᠦᠮᠡᠨ ᠤ ᠡᠷᠡᠭᠦᠯ ᠮᠡᠨᠳᠦ ᠶᠢ ᠪᠠᠲᠤᠯᠠᠬᠤ ᠬᠡᠷᠡᠭᠲᠡᠶ᠃     ᠭᠤᠷᠪᠠ᠂ ᠪᠦᠬᠦ ᠠᠷᠠᠳ ᠢᠶᠠᠷ ᠢᠶᠠᠨ ᠬᠦᠳᠡᠯᠦᠯᠴᠡᠨ ᠲᠦᠷᠪᠡᠨ ᠬᠤᠤᠷᠳᠠᠨ ᠢ ᠤᠰᠠᠳᠬᠠᠬᠤ ᠬᠡᠷᠡᠭᠲᠠᠢ     ᠬᠤᠯᠤᠭᠠᠨ᠎ᠠ ᠵᠡᠷᠭᠡ ᠳᠥᠷᠪᠡᠨ ᠬᠤᠤᠷᠳᠠᠨ ᠸᠢᠷᠦ᠋ᠰ᠂ ᠪᠠᠺᠲ᠋ᠧᠷᠢ ᠲᠠᠷᠬᠠᠭᠠᠵᠤ ᠪᠠᠶᠢᠳᠠᠭ ᠠᠴᠠ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠣᠷᠴᠢᠨ ᠲᠣᠭᠤᠷᠢᠨ ᠢ ᠵᠠᠰᠠᠬᠤ ᠪᠠᠷ ᠭᠤᠤᠯ ᠪᠣᠯᠭᠠᠵᠤ ᠡᠮ ᠢᠶᠠᠷ ᠠᠯᠠᠵᠤ ᠤᠰᠠᠳᠬᠠᠬᠤ ᠪᠠᠷ ᠬᠠᠪᠰᠤᠷᠤᠮᠵᠢ ᠪᠣᠯᠭᠠᠭᠰᠠᠨ ᠡᠪᠡᠳᠴᠢᠨ ᠲᠠᠮᠵᠢᠭᠤᠯᠬᠤ ᠠᠮᠢᠳᠠᠨ ᠰᠢᠪᠡᠵᠢ ᠶᠢ ᠶᠡᠷᠦᠩᠬᠡᠶᠢᠯᠡᠨ ᠰᠡᠷᠭᠡᠶᠢᠯᠡᠨ ᠣᠰᠠᠳᠬᠠᠬᠤ ᠵᠠᠷᠴᠢᠮ ᠶᠣᠰᠣᠭᠠᠷ ᠡᠪᠡᠳᠴᠢᠨ ᠲᠠᠮᠵᠢᠭᠤᠯᠬᠤ ᠠᠮᠢᠳᠠᠨ ᠰᠢᠪᠠᠵᠢ ᠶᠢ ᠪᠦᠬᠦ ᠲᠠᠯ᠎ᠠ ᠪᠠᠷ ᠰᠡᠷᠭᠡᠶᠢᠯᠡᠨ ᠤᠰᠠᠳᠬᠠᠵᠤ ᠬᠤᠯᠤᠭᠠᠨ᠎ᠠ᠂ ᠵᠤᠤᠮ᠎ᠠ᠂ ᠰᠢᠮᠠᠭᠤᠯ᠂ ᠢᠯᠠᠭ᠎ᠠ ᠵᠡᠷᠭᠡ ᠡᠪᠡᠳᠴᠢᠨ ᠲᠠᠮᠵᠢᠭᠤᠯᠬᠤ ᠠᠮᠢᠳᠠᠨ ᠰᠢᠪᠠᠵᠢ ᠶᠢᠨ ᠦᠷᠡᠵᠢᠬᠦ ᠣᠷᠴᠢᠨ ᠢ ᠠᠷᠢᠯᠭᠠᠨ ᠴᠡᠪᠡᠷᠯᠡᠬᠡᠳ ᠡᠪᠡᠳᠴᠢᠨ ᠲᠠᠮᠵᠢᠭᠤᠯᠬᠤ ᠠᠮᠢᠳᠠᠨ ᠰᠢᠪᠡᠵᠢ  ᠶᠢ ᠳᠤᠭ᠎ᠠ ᠬᠡᠮᠵᠢᠶ᠎ᠠ ᠶᠢ ᠴᠦᠬᠡᠳᠬᠡᠬᠦ ᠬᠡᠷᠡᠭᠳᠡᠢ᠃     ᠳᠦᠷᠪᠡ᠂ ᠠᠶᠤᠯ ᠲᠦᠭᠰᠢᠭᠦᠷᠢ ᠶᠢ ᠪᠠᠭᠤᠷᠠᠭᠤᠯᠬᠤ ︽ᠲᠠᠪᠤᠨ ᠪᠤᠯᠬᠤ ᠦᠭᠡᠢ︾ ᠪᠠᠶᠢᠬᠤ ᠶᠢ ᠪᠠᠲᠤᠯᠠᠬᠤ ᠬᠡᠷᠡᠭᠲᠠᠢ     ᠬᠥᠮᠦᠨ ᠣᠯᠠᠨ ᠭᠠᠵᠠᠷ ᠲᠤ ᠣᠴᠢᠵᠤ ᠪᠣᠯᠬᠤ ᠦᠭᠡᠢ᠂ ᠨᠠᠶᠢᠷ ᠴᠤᠭᠯᠠᠭᠠᠨ ᠳᠤ ᠣᠷᠣᠯᠴᠠᠵᠤ ᠪᠣᠯᠬᠤ ᠦᠭᠡᠢ᠂ ᠬᠡᠭᠡᠷ᠎ᠡ ᠶᠢᠨ ᠠᠮᠢᠲᠠᠨ ᠲᠠᠢ ᠣᠶᠢᠷᠠᠳᠴᠤ ᠪᠣᠯᠬᠤ ᠦᠭᠡᠢ᠂ ᠬᠡᠭᠡᠷ᠎ᠡ ᠶᠢᠨ ᠠᠮᠢᠲᠠᠨ ᠢ ᠢᠳᠡᠵᠦ ᠪᠤᠯᠬᠤ ᠦᠭᠡᠢ᠂ ᠪᠤᠯᠭᠤᠭᠠᠭᠰᠠᠨ ᠦᠭᠡᠢ ᠵᠢᠭᠦᠷᠲᠡᠨ ᠤ ᠮᠢᠬ᠎ᠠ ᠥᠨᠳᠡᠭᠡ ᠶᠢ ᠢᠳᠡᠵᠦ ᠪᠣᠯᠬᠤ ᠦᠭᠡᠢ ᠪᠠᠶᠢᠬᠤ ᠶᠢ ᠪᠠᠲᠤᠯᠠᠵᠤ ᠬᠠᠯᠳᠠᠪᠤᠷᠢᠯᠠᠭᠳᠠᠬᠤ ᠠᠶᠤᠯ ᠲᠦᠭᠰᠢᠭᠦᠷᠢ ᠶᠢ ᠬᠠᠮᠤᠭ ᠶᠡᠭᠡ ᠬᠡᠮᠵᠢᠶ᠎ᠡ ᠪᠠᠷ ᠪᠠᠭᠤᠷᠠᠭᠤᠯᠬᠤ ᠬᠡᠷᠡᠭᠲᠡᠶ᠃      ᠲᠠᠪᠤ᠂ ᠰᠡᠷᠭᠡᠶᠢᠯᠡᠯᠲᠡ ᠬᠠᠮᠠᠭᠠᠯᠠᠯᠲᠠ ᠪᠠᠨ ᠰᠠᠶᠢᠲᠤᠷ ᠬᠢᠵᠤ ᠡᠷᠡᠭᠦᠯ ᠮᠡᠨᠳᠦ ᠪᠠᠨ ᠪᠠᠲᠤᠯᠠᠬᠤ ᠬᠡᠷᠡᠭᠲᠡᠶ      ᠭᠠᠳᠠᠭᠰᠢ ᠭᠠᠷᠬᠤ ᠳᠤ ᠪᠠᠨ ᠠᠮᠠᠪᠴᠢ ᠵᠡᠭᠦᠵᠦ᠂ ᠭᠠᠷ ᠢᠶᠠᠨ ᠠᠷᠢᠭᠤᠨ ᠴᠡᠪᠡᠷ ᠪᠠᠶᠢᠯᠭᠠᠬᠤ ᠬᠡᠷᠡᠭᠲᠡᠶ᠃ ᠥᠷᠥᠭᠡ ᠭᠡᠷ ᠢᠶᠠᠨ ᠠᠷᠢᠭᠤᠨ ᠴᠡᠪᠡᠷ ᠪᠠᠶᠢᠯᠭᠠᠨ ᠦᠷᠬᠦᠯᠵᠢ ᠴᠣᠩᠬᠤ ᠪᠠᠨ ᠨᠡᠭᠡᠭᠡᠵᠤ ᠰᠠᠯᠬᠢ ᠨᠡᠪᠲᠡᠷᠡᠭᠦᠯᠤᠨ ᠲᠣᠭᠲᠠᠭᠰᠠᠨ ᠴᠠᠭ ᠲᠠᠢ ᠪᠠᠷ ᠠᠷᠢᠭᠤᠳᠬᠠᠬᠤ ᠬᠡᠷᠡᠭᠲᠠᠢ᠃ ᠢᠳᠡᠭᠡᠨ ᠤᠮᠳᠠ᠂ ᠰᠢᠮ᠎ᠡ ᠲᠡᠵᠢᠭᠡᠯ ᠢᠶᠠᠨ ᠲᠡᠩᠴᠡᠭᠦᠯᠵᠦ ᠳᠠᠮᠢᠷ ᠤᠨ ᠬᠥᠳᠡᠯᠭᠡᠭᠡᠨ ᠵᠣᠬᠢᠰᠳᠡᠢ ᠬᠢᠵᠦ ᠰᠠᠶᠢᠳᠣᠷ ᠠᠮᠠᠷᠠᠬᠤ ᠬᠡᠷᠡᠭᠲᠠᠢ᠃     ᠵᠢᠷᠭᠤᠭ᠎ᠠ᠂ ᠡᠷᠡᠭᠦᠯ ᠮᠡᠨᠳᠦ ᠶᠢᠨ ᠬᠥᠮᠦᠵᠢᠯ ᠢ ᠨᠡᠶᠢᠲᠡᠮᠵᠢᠬᠦᠯᠬᠦ ᠬᠡᠷᠡᠭᠲᠠᠢ     ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠲᠧᠯᠸᠢᠰ᠂ ᠷᠠᠳᠢᠣ᠋᠂ ᠢᠨᠲ᠋ᠧᠷ ᠰᠦᠯᠵᠢᠶ᠎ᠡ᠂ ᠸᠢᠴᠠᠲ᠂ ᠪᠢᠴᠢᠯ ᠪᠦᠷᠭᠡ ᠵᠡᠷᠭᠡ ᠵᠠᠭᠤᠴᠢᠯᠠᠭᠤᠷ ᠢ ᠠᠮᠢᠳᠤᠯᠢᠭ ᠢᠶᠠᠷ ᠬᠡᠷᠡᠭᠯᠡᠵᠦ ᠠᠳᠠᠯᠢ ᠪᠤᠰᠤ ᠬᠥᠮᠦᠰ ᠲᠤ ᠴᠢᠭᠯᠡᠬᠦᠯᠦᠨ ᠡᠪᠡᠳᠴᠢᠨ ᠰᠡᠷᠭᠡᠶᠢᠯᠡᠬᠦ ᠶᠡᠷᠦ ᠶᠢᠨ ᠮᠡᠳᠡᠯᠭᠡ ᠶᠢ ᠲᠦᠭᠡᠮᠡᠯᠵᠢᠬᠦᠯᠤᠨ ᠤᠬᠠᠭᠤᠯᠵᠦ ᠵᠢᠷᠤᠭ ᠦᠰᠦᠭ ᠢ ᠤᠶᠠᠯᠳᠤᠭᠤᠯᠤᠨ ᠳᠥᠭᠦᠮ ᠤᠶᠢᠯᠠᠭᠠᠮᠵᠢᠲᠠᠢ ᠢᠯᠡᠳᠬᠡᠭᠰᠡᠨ ᠠᠭᠤᠯᠭ᠎ᠠ ᠲᠠᠢ ᠪᠠᠶᠢᠵᠤ ᠣᠯᠠᠨ ᠲᠦᠮᠡᠨ ᠤ ᠤᠶᠢᠯᠠᠭᠠᠵᠤ ᠮᠡᠳᠡᠬᠦ ᠨᠣᠷᠮ᠎ᠠ ᠪᠠ ᠤᠯᠠᠮᠵᠢᠯᠠᠭᠳᠠᠨ ᠲᠠᠮᠵᠢᠭᠳᠠᠬᠤ ᠨᠣᠷᠮ᠎ᠠ ᠶᠢ ᠳᠡᠭᠡᠭᠰᠢᠯᠡᠭᠦᠯᠤᠨ ᠥᠷᠭᠡᠨ ᠣᠯᠠᠨ ᠠᠷᠠᠳ ᠲᠦᠮᠡᠨ ᠢ ᠬᠠᠪᠰᠤᠷᠤᠨ ᠬᠥᠲᠥᠯᠥᠨ ᠵᠢᠯᠣᠭᠤᠳᠴᠤ ᠪᠠᠶᠢᠭᠠᠳ ᠰᠢᠨᠵᠢᠯᠡᠬᠦ ᠤᠬᠠᠭᠠᠨᠴᠢ ᠰᠡᠷᠭᠡᠶᠢᠯᠡᠨ ᠡᠵᠡᠮᠳᠡᠬᠦ ᠦᠵᠡᠯᠲᠡ ᠲᠠᠢ ᠪᠣᠯᠭᠠᠵᠣ ᠡᠷᠡᠭᠦᠯ ᠴᠢᠭᠢᠷᠠᠭ ᠠᠮᠢᠳᠤᠷᠠᠯ ᠤᠨ ᠠᠷᠭ᠎ᠠ ᠮᠠᠶ᠋ᠢᠭ ᠢ ᠪᠣᠢ ᠪᠣᠯᠭᠠᠵᠣ ᠡᠪᠡᠳᠴᠢᠨ ᠰᠡᠷᠭᠡᠶᠢᠯᠡᠬᠦ ᠦᠵᠡᠯ ᠤᠬᠠᠮᠰᠠᠷ ᠪᠠ ᠴᠢᠳᠠᠪᠤᠷᠢ ᠶᠢ ᠨᠢ ᠳᠡᠭᠡᠭᠰᠢᠯᠡᠭᠦᠯᠬᠦ ᠬᠡᠷᠡᠭᠲᠡᠶ᠃      ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠳᠤ ᠬᠥᠮᠦᠨ ᠪᠦᠬᠦᠨ ᠣᠷᠣᠯᠴᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠥᠮᠦᠨ ᠪᠦᠬᠦᠨ ᠬᠠᠷᠢᠭᠤᠴᠠᠯᠭ᠎ᠠ ᠲᠠᠢ ᠪᠠᠶᠢᠵᠤ ᠡᠷᠡᠭᠦᠯ ᠰᠠᠷᠠᠭᠤᠯ ᠠᠮᠢᠳᠤᠷᠠᠯ ᠢ ᠬᠥᠮᠦᠨ ᠪᠦᠬᠦᠨ ᠬᠠᠮᠲᠤᠪᠠᠷ ᠡᠳ᠋ᠯᠡᠬᠦ ᠶᠤᠰᠤᠲᠠᠢ᠃ ᠪᠢᠳᠠ ᠬᠠᠮᠲᠤ ᠪᠠᠷ ᠴᠢᠷᠮᠠᠶᠢᠵᠤ ᠵᠣᠷᠢᠭ ᠨᠢᠭᠡᠳᠦᠨ ᠪᠦᠬᠦ ᠬᠦᠴᠦᠨ ᠢᠶᠠᠷ ᠢᠶᠠᠨ ᠲᠡᠮᠡᠴᠡᠵᠤ ᠪᠠᠶᠢᠭᠠᠳ ᠡᠷᠡᠭᠦᠯ ᠰᠠᠷᠠᠭᠤᠯ ᠣᠷᠴᠢᠨ ᠲᠣᠭᠤᠷᠢᠨ ᠢ ᠬᠠᠮᠲᠤ ᠪᠠᠷ ᠪᠠᠶᠢᠭᠤᠯᠵᠤ ᠰᠠᠶᠢᠨ ᠰᠠᠶᠢᠬᠠᠨ ᠠᠮᠢᠳᠣᠷᠠᠯ ᠢ ᠬᠠᠮᠲᠤ ᠪᠠᠷ ᠡᠳ᠋ᠯᠡᠵᠡᠭᠡᠶ᠎ᠡ᠃                 ᠦᠤᠰᠢᠨ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ             ᠠᠭᠤᠰᠬᠢᠨ ᠤ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ                            2020 ᠣᠨ ᠤ 2 ᠰᠠᠷ᠎ᠠ ᠶᠢᠨ 6 ᠤ ᠡᠳᠦᠷ    
 
ᠢᠷᠡᠯᠲᠡ᠄ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号