ᠰᠢ ᠶᠢᠨ ᠫᠢᠩ᠄ ᠬᠠᠤᠯᠢ ᠶᠤᠰᠤᠭᠠᠷ ᠰᠡᠷᠬᠡᠶᠢᠯᠡᠨ ᠡᠵᠡᠮᠳᠡᠬᠦ ᠬᠠᠤᠯᠢ ᠶᠤᠰᠤᠭᠠᠷ ᠵᠠᠰᠠᠬᠤ ᠴᠢᠳᠠᠪᠤᠷᠢ ᠪᠠᠨ ᠪᠦᠬᠦ ᠲᠡᠯ᠎ᠡ ᠪᠠᠷ ᠲᠡᠭᠡᠭᠰᠢᠯᠡᠬᠦᠯᠵᠥ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠳᠤ ᠴᠢᠩᠭ᠎ᠠ ᠬᠦᠴᠦᠳᠠᠢ ᠬᠠᠤᠯᠢᠵᠢᠯ ᠤᠨ ᠪᠠᠲᠣᠯᠠᠭ᠎ᠠ ᠬᠠᠩᠭᠠᠬᠤ ᠬᠡᠷᠡᠭᠲᠡᠢ
ᠨᠡᠶᠢᠲᠡᠯᠡᠭᠰᠡᠨ ᠴᠠᠭ᠄
2020-02-11
     ᠨᠠᠮ ᠤᠨ ᠲᠦᠪ ᠬᠤᠷᠢᠶᠡᠨ ᠤ ᠶᠡᠷᠤᠩᠬᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠡᠨ ᠤ ᠲᠡᠷᠢᠬᠦᠯᠡᠭᠴᠢ᠂ ᠲᠦᠪ ᠤᠨ ᠪᠦᠬᠦ ᠲᠡᠯ᠎ᠡ ᠪᠠᠷ ᠬᠠᠤᠯᠢ ᠪᠠᠷ ᠤᠯᠤᠰ ᠢᠶᠠᠨ ᠵᠠᠰᠠᠬᠤ ᠵᠦᠪᠯᠡᠯ ᠤᠨ ᠡᠷᠬᠢᠯᠡᠭᠴᠢ ᠰᠢ ᠶᠢᠨ ᠫᠢᠩ 2 ᠰᠠᠷ᠎ᠠ ᠶᠢᠨ 5 ᠤ ᠦᠳᠡ ᠶᠢᠨ ᠬᠤᠶᠢᠨ᠎ᠡ ᠲᠦᠪ ᠤᠨ ᠪᠦᠬᠦ ᠲᠡᠯ᠎ᠡ ᠪᠠᠷ ᠬᠠᠤᠯᠢ ᠪᠠᠷ ᠤᠯᠤᠰ ᠢᠶᠠᠨ ᠵᠠᠰᠠᠬᠤ ᠵᠦᠪᠯᠡᠯ ᠤᠨ ᠭᠤᠷᠪᠠᠳᠤᠭᠠᠷ ᠤᠳᠠᠭ᠎ᠠ ᠶᠢᠨ ᠬᠤᠷᠡᠯ ᠢ ᠡᠷᠬᠢᠯᠡᠨ ᠬᠤᠷᠡᠯᠳᠤᠭᠤᠯᠤᠬᠰᠠᠠ ᠪᠦᠬᠡᠳ ᠴᠢᠬᠤᠯᠠ ᠶᠠᠷᠢᠶ᠎ᠠ ᠲᠠᠯᠪᠢᠪᠠ᠃ ᠲᠡᠷᠡ᠂ ᠨᠠᠮ ᠤᠨ ᠲᠦᠪ ᠬᠤᠷᠢᠶᠡᠨ ᠤ ᠲᠦᠪᠯᠡᠷᠡᠩᠬᠦᠢ ᠨᠢᠬᠡᠳᠤᠯᠳᠡᠢ ᠤᠳᠤᠷᠢᠳᠤᠯᠭ᠎ᠠ ᠲᠤᠤᠷ᠎ᠡ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠤᠯᠤᠨ ᠪᠡᠶ᠎ᠡ ᠮᠠᠬᠠᠪᠤᠳ ᠤᠨ ᠡᠷᠡᠬᠦᠯ ᠮᠡᠨᠳᠦ ᠶᠢ ᠢᠮᠠᠬᠳᠠ ᠲᠡᠷᠢᠬᠦᠨ ᠳᠤ ᠲᠠᠯᠪᠢᠵᠥ᠂ ᠬᠠᠤᠯᠢ ᠲᠤᠭᠳᠠᠭᠠᠬᠤ᠂ ᠬᠠᠤᠯᠢ ᠬᠡᠷᠡᠭᠵᠢᠬᠦᠯᠬᠦ᠂ ᠬᠠᠤᠯᠢ ᠪᠠᠷᠢᠬᠤ᠂ ᠬᠠᠤᠯᠢ ᠶᠢ ᠰᠠᠬᠢᠬᠤ ᠡᠯ᠎ᠡ ᠭᠤᠭᠴᠤᠭ᠎ᠠ ᠠᠴᠠ ᠬᠦᠴᠦᠯᠡᠵᠥ᠂ ᠬᠠᠤᠯᠢ ᠶᠤᠰᠤᠭᠠᠷ ᠰᠡᠷᠬᠡᠶᠢᠯᠡᠨ ᠡᠵᠡᠮᠳᠡᠬᠦ᠂ ᠬᠠᠤᠯᠢ ᠶᠤᠰᠤᠭᠠᠷ ᠵᠠᠰᠠᠬᠤ ᠴᠢᠳᠠᠪᠤᠷᠢ ᠪᠠᠨ ᠪᠦᠬᠦ ᠲᠡᠯ᠎ᠡ ᠪᠠᠷ ᠲᠡᠭᠡᠭᠰᠢᠯᠡᠬᠦᠯᠵᠥ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠳᠤ ᠴᠢᠩᠭ᠎ᠠ ᠬᠦᠴᠦᠳᠠᠢ ᠬᠠᠤᠯᠢᠵᠢᠯ ᠤᠨ ᠪᠠᠳᠤᠯᠠᠭ᠎ᠠ ᠬᠠᠩᠭᠠᠬᠤ ᠬᠡᠷᠡᠭᠳᠡᠢ ᠬᠡᠵᠥ ᠴᠢᠬᠤᠯᠠᠴᠢᠯᠠᠪᠠ᠃      ᠨᠠᠮ ᠤᠨ ᠲᠦᠪ ᠬᠤᠷᠢᠶᠡᠨ ᠤ ᠤᠯᠤᠰ ᠲᠦᠷᠦ ᠶᠢᠨ ᠲᠤᠪᠴᠢᠶᠠᠨ ᠤ ᠪᠠᠶᠢᠩᠭᠤ ᠶᠢᠨ ᠬᠡᠰᠢᠬᠦᠨ᠂ ᠲᠦᠪ ᠤᠨ ᠪᠦᠬᠦ ᠲᠡᠯ᠎ᠡ ᠪᠠᠷ ᠬᠠᠤᠯᠢ ᠪᠠᠷ ᠤᠯᠤᠰ ᠢᠶᠠᠨ ᠵᠠᠰᠠᠬᠤ ᠵᠦᠪᠯᠡᠯ ᠤᠨ ᠲᠡᠳ᠋ ᠡᠷᠬᠢᠯᠡᠭᠴᠢ ᠯᠢ ᠺᠧ ᠴᠢᠶᠠᠩ᠂ ᠯᠢ ᠵᠠᠨ ᠱᠦ᠂ ᠸᠠᠩ ᠬᠤ᠋ ᠨᠢᠩ ᠬᠤᠷᠡᠯ ᠳᠤ ᠤᠷᠤᠯᠴᠠᠵᠠᠢ᠃      ᠬᠤᠷᠡᠯ ᠠᠴᠠ ︽ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠤᠷᠢᠯᠠᠬᠰᠠᠠ ᠠᠭᠤᠰᠬᠢᠨ ᠤ ᠦᠷᠪᠢᠰᠦᠯ ᠤᠨ ᠬᠢᠵᠢᠭ ᠤᠨ ᠪᠠᠶᠢᠳᠠᠯ ᠢ ᠬᠠᠤᠯᠢ ᠶᠤᠰᠤᠭᠠᠷ ᠰᠡᠷᠬᠡᠶᠢᠯᠡᠨ ᠡᠵᠡᠮᠳᠡᠵᠥ᠂ ᠠᠷᠠᠳ ᠤᠯᠠᠨ ᠤ ᠠᠮᠢ ᠨᠠᠰᠤ ᠡᠷᠡᠬᠦᠯ ᠮᠡᠨᠳᠦ ᠠᠮᠤᠷ ᠲᠦᠪᠰᠢᠨ ᠢ ᠦᠨᠡᠨ ᠬᠦ ᠪᠠᠳᠤᠯᠠᠬᠤ ᠲᠤᠬᠠᠢ ᠲᠦᠪ ᠤᠨ ᠪᠦᠬᠦ ᠲᠡᠯ᠎ᠡ ᠪᠠᠷ ᠬᠠᠤᠯᠢ ᠪᠠᠷ ᠤᠯᠤᠰ ᠢᠶᠠᠨ ᠵᠠᠰᠠᠬᠤ ᠵᠦᠪᠯᠡᠯ ᠤᠨ ᠰᠠᠨᠠᠯ︾᠂ ︽ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠲᠦᠷᠢᠮ ᠤᠨ ᠶᠡᠷᠤᠩᠬᠡᠶᠢᠯᠡᠭᠰᠡᠡ ᠢᠵᠢ ᠲᠦᠭᠦᠷᠵᠢᠬᠦᠯᠬᠦ ᠦᠬᠡᠷᠡᠴᠢᠯᠡᠯᠳᠡ ᠶᠢ ᠬᠦᠨᠵᠡᠭᠡᠶᠢᠷᠡᠬᠦᠯᠬᠦ ᠲᠤᠬᠠᠢ ᠰᠠᠨᠠᠯ︾᠂ ︽ᠬᠠᠤᠯᠢᠵᠢᠯ ᠤᠨ ᠬᠦᠳᠡᠭᠡ ᠲᠤᠰᠬᠤᠨ ᠤ ᠪᠦᠳᠦᠬᠡᠨ ᠪᠠᠶᠢᠭᠤᠯᠤᠯᠳᠠ ᠶᠢ ᠴᠢᠩᠭᠠᠳᠬᠠᠬᠤ ᠲᠤᠬᠠᠢ ᠰᠠᠨᠠᠯ︾᠂ ︽ᠵᠠᠰᠠᠭ ᠵᠠᠬᠢᠷᠭᠠᠨ ᠤ ᠲᠠᠬᠢᠨ ᠵᠦᠪᠯᠡᠬᠦ ᠪᠠᠶᠢᠭᠤᠯᠤᠮᠵᠢ ᠶᠢᠨ ᠦᠬᠡᠷᠡᠴᠢᠯᠡᠯᠳᠡ ᠶᠢᠨ ᠲᠦᠰᠦᠯ︾ ᠪᠤᠯᠤᠨ ᠱᠠᠩᠬᠠᠢ ᠬᠤᠳᠠ ᠶᠢᠨ ᠬᠠᠤᠯᠢᠵᠢᠬᠰᠠᠠ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠤᠨ ᠪᠠᠶᠢᠭᠤᠯᠤᠯᠳᠠ ᠶᠢ ᠠᠬᠢᠭᠤᠯᠤᠬᠰᠠᠠ ᠪᠠᠶᠢᠳᠠᠯ ᠤᠨ ᠲᠤᠬᠠᠢ ᠮᠡᠳᠡᠬᠦᠯᠥᠯᠳᠡ᠂ ᠶᠡᠷᠤᠩᠬᠡᠶᠢᠯᠡᠭᠰᠡᠡ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠪᠠᠶᠢᠭᠤᠯᠤᠮᠵᠢ ᠶᠢᠨ ᠦᠬᠡᠷᠡᠴᠢᠯᠡᠯᠳᠡ ᠶᠢᠨ ᠪᠠᠶᠢᠳᠠᠯ ᠤᠨ ᠲᠤᠬᠠᠢ ᠮᠡᠳᠡᠬᠦᠯᠥᠯᠳᠡ ᠶᠢ ᠰᠤᠨᠤᠰᠪᠠ᠃      ᠰᠢ ᠶᠢᠨ ᠫᠢᠩ ᠶᠠᠷᠢᠶᠠᠨ ᠳᠠᠭᠠᠨ᠂ ᠤᠳᠤᠬᠠᠨ ᠳᠤ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠶᠠᠭ ᠵᠠᠩᠬᠢᠯᠠᠭ᠎ᠠ ᠶᠢᠨ ᠬᠤᠭᠤᠴᠠᠭᠠᠨ ᠳᠤ ᠤᠷᠤᠰᠢᠵᠥ ᠪᠠᠶᠢᠨ᠎ᠠ᠂ ᠬᠠᠤᠯᠢ ᠶᠤᠰᠤᠭᠠᠷ ᠰᠢᠨᠵᠢᠯᠡᠬᠦ ᠤᠬᠠᠭᠠᠨᠴᠢ ᠪᠠᠷ ᠡᠮᠬᠢ ᠲᠢᠭᠯᠢᠮ ᠲᠠᠢ ᠪᠠᠷ ᠰᠡᠷᠬᠡᠶᠢᠯᠡᠨ ᠡᠵᠡᠮᠳᠡᠬᠦ ᠨᠢ ᠲᠦᠢᠯ ᠤᠨ ᠴᠢᠬᠤᠯᠠ ᠶᠤᠮ᠃ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠬᠡᠳᠤᠢ ᠬᠦᠴᠢᠷᠳᠡᠯᠳᠡᠢ ᠪᠤᠯᠬᠤ ᠲᠤᠳᠤᠮ ᠬᠠᠤᠯᠢ ᠶᠤᠰᠤᠭᠠᠷ ᠰᠡᠷᠬᠡᠶᠢᠯᠡᠨ ᠡᠵᠡᠮᠳᠡᠬᠦ ᠶᠢ ᠲᠡᠳᠤᠢ ᠪᠠᠷᠢᠮᠳᠠᠯᠠᠵᠥ᠂ ᠬᠠᠤᠯᠢᠵᠢᠯ ᠤᠨ ᠵᠠᠮ ᠢᠶᠠᠷ ᠡᠯ᠎ᠡ ᠵᠦᠢᠯ ᠤᠨ ᠰᠡᠷᠬᠡᠶᠢᠯᠡᠨ ᠡᠵᠡᠮᠳᠡᠬᠦ ᠠᠵᠢᠯ ᠢ ᠨᠢᠬᠡᠳᠤᠯᠳᠡᠢ ᠲᠦᠯᠥᠪᠵᠢᠬᠦᠯᠥᠨ ᠠᠬᠢᠭᠤᠯᠵᠥ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠤᠨ ᠤᠷᠤᠬᠰᠢᠳᠠᠢ ᠶᠠᠪᠤᠭᠲᠠᠬᠤ ᠶᠢ ᠪᠠᠳᠤᠯᠠᠬᠤ ᠬᠡᠷᠡᠭᠳᠡᠢ ᠬᠡᠵᠥ ᠴᠢᠬᠤᠯᠠᠴᠢᠯᠠᠪᠠ᠃      ᠰᠢ ᠶᠢᠨ ᠫᠢᠩ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠬᠠᠮᠢᠶ᠎ᠠ ᠪᠦᠬᠦᠢ ᠬᠠᠤᠯᠢ ᠲᠤᠭᠳᠠᠭᠠᠯᠳᠠ ᠶᠢ ᠲᠡᠬᠦᠯᠳᠡᠷᠵᠢᠬᠦᠯᠵᠥ᠂ ᠢᠵᠢ ᠪᠦᠷᠢᠳᠦᠭᠰᠡᠡ ᠲᠦᠷᠢᠮ ᠤᠨ ᠪᠠᠶᠢᠭᠤᠯᠤᠯᠳᠠ ᠶᠢ ᠴᠢᠩᠭᠠᠳᠬᠠᠵᠥ᠂ ᠰᠢᠢᠳᠬᠡᠨ ᠲᠤᠷᠭᠠᠬᠤ ᠲᠡᠰ ᠲᠠᠷᠠᠭᠠᠯᠠᠯ ᠢ ᠲᠡᠬᠦᠯᠳᠡᠷᠵᠢᠬᠦᠯᠵᠥ᠂ ᠤᠯᠠᠨ ᠨᠡᠶᠢᠳᠡ ᠶᠢᠨ ᠠᠮᠤᠷ ᠲᠦᠪᠰᠢᠨ ᠤ ᠪᠠᠳᠤᠯᠠᠭ᠎ᠠ ᠶᠢ ᠴᠢᠩᠭᠠᠷᠠᠭᠤᠯᠵᠥ ᠂ ᠰᠢᠰᠲ᠋ᠧᠮ ᠨᠢ ᠪᠦᠷᠢᠨ ᠲᠦᠬᠦᠷ᠂ ᠰᠢᠨᠵᠢᠯᠡᠬᠦ ᠤᠬᠠᠭᠠᠨᠴᠢ ᠵᠢᠷᠤᠮᠵᠢᠯ ᠲᠠᠢ᠂ ᠠᠵᠢᠯᠯᠠᠭᠠᠨ ᠨᠢ ᠪᠦᠳᠦᠮᠵᠢᠳᠡᠢ ᠪᠤᠯᠬᠤ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠬᠠᠤᠯᠢ ᠴᠠᠭᠠᠵᠠ ᠶᠢᠨ ᠰᠢᠰᠲ᠋ᠧᠮ ᠢ ᠪᠠᠶᠢᠭᠤᠯᠬᠤ ᠬᠡᠷᠡᠭᠳᠡᠢ᠃ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠤᠷᠢᠯᠡᠬᠦ ᠬᠠᠤᠯᠢ ᠴᠠᠭᠠᠵᠠ ᠬᠠᠤᠯᠢ ᠲᠦᠷᠢᠮ ᠢ ᠴᠢᠩᠭ᠎ᠠ ᠬᠡᠷᠡᠭᠵᠢᠬᠦᠯᠵᠥ᠂ ᠠᠶᠤᠯ ᠲᠦᠭᠰᠢᠬᠦᠷᠢ ᠶᠢ ᠦᠨᠡᠯᠡᠨ ᠵᠢᠱᠢᠬᠦ ᠶᠢ ᠴᠢᠩᠭᠠᠳᠬᠠᠵᠥ᠂ ᠬᠠᠤᠯᠢ ᠶᠤᠰᠤᠭᠠᠷ ᠪᠤᠯᠭᠤᠮᠵᠢᠳᠠᠢ ᠪᠠᠷ ᠰᠢᠢᠳᠪᠤᠷᠢᠳᠤ ᠪᠤᠳᠤᠯᠭ᠎ᠠ ᠲᠤᠭᠳᠠᠭᠠᠵᠥ᠂ ᠰᠡᠷᠬᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠠᠤᠯᠢ ᠶᠤᠰᠤᠭᠠᠷ ᠴᠢᠩᠭ᠎ᠠ ᠬᠡᠷᠡᠭᠵᠢᠬᠦᠯᠵᠥ᠂ ᠬᠢᠵᠢᠭ ᠤᠨ ᠪᠠᠶᠢᠳᠠᠯ ᠤᠨ ᠲᠠᠷᠬᠠᠨ ᠲᠡᠯᠬᠡᠷᠡᠬᠦ ᠶᠢ ᠡᠷᠡᠰ ᠰᠡᠷᠬᠡᠶᠢᠯᠡᠨ ᠬᠤᠷᠢᠬᠯᠠᠬᠤ ᠬᠡᠷᠡᠭᠳᠡᠢ᠃ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠢ ᠬᠤᠬᠢᠷᠠᠭᠤᠯᠬᠤ ᠠᠵᠢᠯᠯᠠᠭ᠎ᠠ ᠳᠤ ᠬᠠᠤᠯᠢ ᠬᠡᠷᠡᠭᠵᠢᠬᠦᠯᠬᠦ ᠬᠠᠤᠯᠢ ᠪᠠᠷᠢᠬᠤ ᠡᠷᠴᠢᠮ ᠢᠶᠠᠨ ᠴᠢᠩᠭᠠᠷᠠᠭᠤᠯᠵᠥ᠂ ᠬᠠᠯᠳᠠᠪᠤᠷᠢᠳᠤ ᠡᠪᠡᠳᠴᠢᠨ ᠢ ᠰᠡᠷᠬᠡᠶᠢᠯᠡᠨ ᠡᠮᠨᠡᠬᠦ ᠬᠠᠤᠯᠢ ᠵᠢᠴᠢ ᠲᠡᠬᠦᠨ ᠤ ᠬᠡᠷᠡᠭᠵᠢᠬᠦᠯᠬᠦ ᠲᠦᠷᠢᠮ᠂ ᠬᠡᠬᠡᠷ᠎ᠡ ᠶᠢᠨ ᠠᠮᠢᠳᠠᠨ ᠢ ᠬᠠᠮᠠᠭᠠᠯᠠᠬᠤ ᠬᠠᠤᠯᠢ᠂ ᠠᠮᠢᠳᠠᠨ ᠤ ᠬᠢᠵᠢᠭ ᠢ ᠰᠡᠷᠬᠡᠶᠢᠯᠡᠬᠦ ᠬᠠᠤᠯᠢ᠂ ᠬᠡᠨᠡᠳᠳᠡ ᠡᠬᠦᠰᠦᠭᠰᠡᠡ ᠤᠯᠠᠨ ᠨᠡᠶᠢᠳᠡ ᠶᠢᠨ ᠡᠷᠡᠬᠦᠯ ᠬᠠᠮᠠᠭᠠᠯᠠᠯ ᠤᠨ ᠬᠡᠷᠡᠭ ᠢ ᠪᠠᠴᠢᠮ ᠠᠷᠭᠠᠴᠠᠭᠠᠬᠤ ᠲᠦᠷᠢᠮ ᠵᠡᠷᠬᠡ ᠬᠠᠤᠯᠢ ᠴᠠᠭᠠᠵᠠ ᠬᠠᠤᠯᠢ ᠲᠦᠷᠢᠮ ᠢ ᠴᠢᠩᠭ᠎ᠠ ᠬᠡᠷᠡᠭᠵᠢᠬᠦᠯᠵᠥ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠤᠷᠢᠯᠡᠬᠦ ᠠᠷᠭ᠎ᠠ ᠬᠡᠮᠵᠢᠶ᠎ᠡ ᠶᠢ ᠬᠠᠤᠯᠢ ᠶᠤᠰᠤᠭᠠᠷ ᠬᠡᠷᠡᠭᠵᠢᠬᠦᠯᠬᠦ ᠬᠡᠷᠡᠭᠳᠡᠢ᠃ ᠠᠮᠤᠷ ᠢ ᠬᠠᠮᠠᠭᠠᠯᠠᠬᠤ ᠬᠠᠮᠢᠶᠠᠷᠤᠯᠳᠠ᠂ ᠵᠠᠬ᠎ᠠ ᠳᠡᠯᠭᠡᠬᠦᠷ ᠤᠨ ᠬᠢᠨᠠᠯᠳᠠ ᠬᠠᠮᠢᠶᠠᠷᠤᠯᠳᠠ ᠵᠡᠷᠭᠡ ᠬᠠᠤᠯᠢ ᠭᠡᠷᠡᠭᠵᠢᠬᠦᠯᠬᠦ ᠠᠵᠢᠯ ᠢ ᠴᠢᠩᠭᠠᠳᠬᠠᠵᠦ᠂ ᠡᠮᠴᠢᠯᠡᠭᠡᠨ ᠤ ᠠᠵᠢᠯᠳᠠᠨ ᠢ ᠬᠦᠴᠦᠷᠭᠡᠭᠯᠡᠯ ᠢᠶᠠᠷ ᠰᠢᠷᠬᠠᠳᠤᠭᠤᠯᠬᠤ ᠬᠠᠤᠯᠢ ᠶᠢ ᠵᠦᠷᠢᠴᠡᠭᠰᠡᠨ ᠠᠵᠢᠯᠯᠠᠭ᠎ᠠ ᠳᠠᠬᠢ ᠴᠤᠬᠢᠯᠳᠠ ᠦᠭᠬᠦ ᠡᠷᠴᠢᠮ ᠢᠶᠠᠨ ᠨᠡᠮᠡᠭᠳᠡᠬᠦᠯᠵᠦ᠂ ᠡᠯ᠎ᠠ ᠲᠦᠷᠦᠯ ᠤᠨ ᠬᠢᠵᠢᠭ ᠢ ᠰᠡᠷᠭᠡᠶᠢᠯᠡᠬᠦ ᠭᠡᠷᠡᠭᠯᠡᠭᠡᠨ ᠤ ᠵᠦᠢᠯ ᠪᠠ ᠠᠷᠠᠳ ᠤᠨ ᠠᠮᠢᠳᠤᠷᠠᠯ ᠤᠨ ᠲᠠᠸᠠᠷ ᠤᠨ ᠦᠨ᠎ᠠ ᠶᠢ ᠦᠷᠢᠰᠦᠯᠳᠦᠨ ᠦᠰᠭᠡᠬᠦ ᠵᠡᠷᠬᠡ ᠬᠠᠤᠯᠢ ᠶᠢ ᠵᠦᠷᠢᠴᠡᠭᠰᠡᠨ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠤᠷᠢᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠡᠰᠡᠷᠬᠦᠴᠡᠨ ᠬᠠᠷᠰᠢᠯᠠᠬᠤ᠂ ᠡᠮᠴᠢᠯᠡᠭᠡᠨ ᠤ ᠠᠵᠢᠯᠳᠠᠨ ᠢ ᠬᠦᠴᠦᠷᠭᠡᠭᠯᠡᠯ ᠢᠶᠠᠷ ᠰᠢᠷᠬᠠᠳᠤᠭᠤᠯᠬᠤ᠂ ᠬᠠᠭᠤᠷᠮᠠᠬ ᠮᠠᠭᠤ ᠡᠳ᠋ ᠪᠠᠷᠠᠭ᠎ᠠ ᠦᠢᠯᠡᠳᠪᠤᠷᠢᠯᠡᠨ ᠪᠤᠷᠤᠯᠠᠭᠤᠯᠬᠤ᠂ ᠬᠤᠳᠠᠯ ᠬᠠᠭᠤᠷᠮᠠᠬ ᠴᠤᠤᠷᠬᠠᠯ ᠲᠠᠯᠪᠢᠬᠤ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠢ ᠡᠪᠳᠡᠭᠰᠡᠨ ᠬᠠᠤᠯᠢ ᠶᠢ ᠵᠦᠷᠢᠴᠡᠭᠰᠡᠨ ᠶᠠᠯᠠᠳᠤ ᠠᠵᠢᠯᠯᠠᠭ᠎ᠠ ᠳᠤ ᠬᠠᠤᠯᠢ ᠶᠤᠰᠤᠭᠠᠷ ᠴᠢᠩᠭ᠎ᠠ ᠴᠤᠬᠢᠯᠳᠠ ᠦᠭᠴᠦ᠂ ᠨᠡᠶᠢᠭᠡᠮ ᠤᠨ ᠠᠮᠤᠷ ᠲᠤᠭᠳᠠᠭᠤᠨ ᠡᠮᠬᠢ ᠲᠢᠭᠯᠢᠮ ᠢ ᠪᠠᠳᠤᠯᠠᠬᠤ ᠭᠡᠷᠡᠭᠲᠡᠢ᠃ ᠬᠠᠨᠳᠢᠪᠯᠠᠬᠤ᠂ ᠬᠠᠨᠳᠢᠪ ᠬᠦᠷᠳᠡᠬᠦ ᠠᠵᠢᠯᠯᠠᠭ᠎ᠠ ᠶᠢ ᠬᠠᠤᠯᠢ ᠶᠤᠰᠤᠭᠠᠷ ᠵᠢᠷᠤᠮᠵᠢᠭᠤᠯᠵᠦ᠂ ᠬᠦᠷᠳᠡᠭᠰᠡᠨ ᠡᠳ᠋ ᠪᠤᠳᠠᠰ ᠪᠦᠬᠦᠨ ᠢ ᠴᠠᠭ ᠲᠤᠬᠠᠢ ᠳᠤᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠭᠡᠷᠡᠭᠯᠡᠬᠦ ᠭᠡᠷᠡᠭᠲᠡᠢ᠃ ᠬᠢᠵᠢᠭ ᠤᠨ ᠪᠠᠶᠢᠳᠠᠯ ᠢ ᠮᠡᠳᠡᠬᠦᠯᠬᠦ ᠪᠠ ᠨᠡᠶᠢᠳᠡᠯᠡᠬᠦ ᠠᠵᠢᠯ ᠢ ᠬᠠᠤᠯᠢ ᠶᠤᠰᠤᠭᠠᠷ ᠰᠠᠶᠢᠳᠤᠷ ᠬᠢᠵᠦ᠂ ᠬᠠᠤᠯᠢ ᠳᠤ ᠲᠤᠭᠳᠠᠭᠠᠬᠰᠠᠨ ᠠᠭᠤᠯᠭ᠎ᠠ᠂ ᠲᠡᠰ ᠳᠠᠷᠠᠭᠠᠯᠠᠯ᠂ ᠠᠷᠭ᠎ᠠ ᠭᠡᠯᠪᠡᠷᠢ ᠂ ᠴᠠᠭ ᠤᠨ ᠬᠢᠵᠠᠭᠠᠷ ᠢᠶᠠᠷ ᠴᠠᠭ ᠲᠤᠬᠠᠢ ᠳᠤᠨᠢ ᠤᠨᠤᠪᠴᠢᠳᠠᠢ ᠪᠠᠷ ᠬᠢᠵᠢᠭ ᠤᠨ ᠪᠠᠶᠢᠳᠠᠯ ᠤᠨ ᠮᠡᠳᠡᠭᠡ ᠵᠠᠩᠬᠢ ᠶᠢ ᠮᠡᠳᠡᠬᠦᠯᠬᠦ ᠭᠡᠷᠡᠭᠲᠡᠢ᠃ ᠬᠤᠯᠪᠤᠭᠳᠠᠯ ᠪᠦᠬᠦᠢ ᠭᠡᠷᠡᠭ ᠢ ᠪᠠᠶᠢᠴᠠᠭᠠᠨ ᠰᠢᠢᠳᠪᠤᠷᠢᠯᠡᠬᠦ ᠠᠵᠢᠯ ᠳᠠᠬᠢ ᠵᠢᠯᠤᠭᠤᠳᠤᠯᠭ᠎ᠠ ᠪᠠᠨ ᠴᠢᠩᠭᠠᠳᠬᠠᠵᠦ᠂ ᠴᠠᠭ ᠲᠤᠬᠠᠢ ᠳᠤᠨᠢ ᠰᠢᠢᠳᠪᠤᠷᠢᠯᠡᠵᠦ᠂ ᠵᠦᠷᠢᠴᠡᠯ ᠵᠠᠭᠤᠷᠠᠭᠠᠨ ᠢ ᠵᠤᠬᠰᠤᠭᠠᠬᠤ ᠭᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠤᠯᠢᠵᠢᠯ ᠤᠨ ᠤᠬᠠᠭᠤᠯᠭ᠎ᠠ ᠪᠠ ᠬᠠᠤᠯᠢ ᠴᠠᠭᠠᠵᠠ ᠶᠢᠨ ᠦᠢᠯᠡᠴᠢᠯᠡᠭᠡ ᠶᠢ ᠴᠢᠩᠭᠠᠳᠬᠠᠵᠦ᠂ ᠦᠨᠳᠦᠰᠦᠨ ᠱᠠᠳᠤ ᠶᠢ ᠵᠤᠬᠢᠶᠠᠨ ᠪᠠᠶᠢᠭᠤᠯᠵᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠤᠯᠢ ᠶᠢ ᠲᠦᠭᠡᠮᠡᠯᠵᠢᠬᠦᠯᠬᠦ ᠤᠬᠠᠭᠤᠯᠭ᠎ᠠ ᠶᠢ ᠦᠷᠨᠢᠬᠦᠯᠵᠦ᠂ ᠦᠷᠭᠡᠨ ᠤᠯᠠᠨ ᠠᠷᠠᠳ ᠲᠦᠮᠡᠨ ᠤ ᠬᠠᠤᠯᠢᠵᠢᠯ ᠤᠨ ᠤᠬᠠᠮᠰᠠᠷ ᠢᠶᠠᠨ ᠳᠡᠭᠡᠭᠰᠢᠯᠡᠬᠦᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠠᠤᠯᠢ ᠶᠤᠰᠤᠭᠠᠷ ᠳᠡᠮᠵᠢᠨ ᠬᠠᠮᠵᠢᠯᠴᠠᠬᠤ ᠶᠢ ᠬᠦᠳᠦᠯᠦᠨ ᠵᠢᠯᠤᠭᠤᠳᠬᠤ ᠭᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠤᠯᠢ ᠴᠠᠭᠠᠵᠠ ᠶᠢᠨ ᠦᠢᠯᠡᠴᠢᠯᠡᠭᠡ ᠶᠢ ᠴᠢᠩᠭᠠᠳᠬᠠᠵᠦ᠂ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠵᠦᠷᠢᠴᠡᠯ ᠵᠠᠭᠤᠷᠠᠭᠠᠨ ᠢ ᠰᠢᠢᠳᠪᠤᠷᠢᠯᠡᠨ ᠨᠠᠮᠳᠠᠭᠠᠬᠤ ᠠᠵᠢᠯ ᠢ ᠴᠢᠩᠭᠠᠳᠬᠠᠵᠦ᠂ ᠬᠦᠴᠢᠷᠳᠡᠯᠳᠠᠢ ᠤᠯᠠᠨ ᠲᠦᠮᠡᠨ ᠳᠤ ᠪᠦᠳᠦᠮᠵᠢᠳᠠᠢ ᠬᠠᠤᠯᠢ ᠴᠠᠭᠠᠵᠠ ᠶᠢᠨ ᠲᠤᠰᠠᠯᠠᠮᠵᠢ ᠬᠠᠩᠭᠠᠬᠤ ᠭᠡᠷᠡᠭᠲᠡᠢ ᠭᠡᠵᠦ ᠵᠢᠭᠠᠵᠦ ᠭᠠᠷᠭᠠᠪᠠ᠃      ᠰᠢ ᠶᠢᠨ ᠫᠢᠩ᠂ ᠡᠯ᠎ᠠ ᠱᠠᠳᠤᠨ ᠤ ᠨᠠᠮ ᠤᠨ ᠬᠤᠷᠢᠶ᠎ᠠ ᠪᠠ ᠵᠠᠰᠠᠭ ᠤᠨ ᠤᠷᠳᠤᠨ ᠪᠦᠬᠦ ᠲᠠᠯ᠎ᠠ ᠪᠠᠷ ᠬᠠᠤᠯᠢ ᠶᠤᠰᠤᠭᠠᠷ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠵᠦ᠂ ᠬᠠᠤᠯᠢᠵᠢᠯ ᠤᠨ ᠰᠡᠳᠬᠢᠬᠦᠢ ᠪᠠ ᠬᠠᠤᠯᠢᠵᠢᠯ ᠤᠨ ᠠᠷᠭ᠎ᠠ ᠭᠡᠯᠪᠡᠷᠢ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢᠶᠠᠨ ᠦᠷᠨᠢᠬᠦᠯᠵᠦ᠂ ᠬᠦᠨᠳᠦ ᠶᠡᠭᠡ ᠭᠡᠨᠡᠳᠳᠡ ᠡᠬᠦᠰᠦᠭᠰᠡᠨ ᠭᠡᠷᠡᠭ ᠢ ᠰᠢᠢᠳᠪᠤᠷᠢᠯᠡᠬᠦ ᠳᠤᠮᠳᠠ ᠬᠠᠤᠯᠢᠵᠢᠯ ᠤᠨ ᠵᠠᠰᠠᠭ ᠤᠨ ᠤᠷᠳᠤᠨ ᠤ ᠪᠠᠶᠢᠭᠤᠯᠤᠯᠳᠠ ᠶᠢ ᠠᠬᠢᠭᠤᠯᠤᠨ᠂ ᠬᠠᠤᠯᠢ ᠪᠠᠷ ᠲᠦᠷᠦ ᠪᠠᠷᠢᠬᠤ᠂ ᠬᠠᠤᠯᠢ ᠪᠠᠷ ᠵᠠᠰᠠᠭ ᠶᠠᠪᠤᠭᠤᠯᠬᠤ ᠲᠦᠪᠰᠢᠨ ᠢᠶᠠᠨ ᠳᠡᠭᠡᠭᠰᠢᠯᠡᠬᠦᠯᠬᠦ ᠭᠡᠷᠡᠭᠲᠡᠢ᠃ ᠡᠯ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠢᠨ ᠬᠠᠷᠢᠭᠤᠴᠠᠯᠭ᠎ᠠ ᠪᠤᠯᠤᠨ ᠠᠵᠢᠯ ᠤᠨ ᠬᠤᠪᠢᠶᠠᠷᠢᠯᠠᠯ ᠢᠶᠠᠨ ᠳᠤᠳᠤᠷᠬᠠᠢᠢᠯᠠᠵᠦ᠂ ᠢᠳᠡᠪᠬᠢᠳᠠᠢ ᠰᠠᠨᠠᠭᠠᠴᠢᠯᠠᠭ᠎ᠠ ᠠᠴᠠ ᠪᠠᠨ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠵᠦ᠂ ᠡᠬᠦᠷᠭᠡ ᠶᠢᠨ ᠨᠠᠶᠢᠳᠠᠪᠤᠷᠢᠵᠢᠭᠤᠯᠤᠯᠳᠠ ᠶᠢ ᠰᠠᠶᠢᠳᠤᠷ ᠠᠳᠬᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠠᠤᠯᠢᠵᠢᠯ ᠤᠨ ᠲᠦᠪᠰᠢᠨ ᠢ ᠳᠡᠭᠡᠭᠰᠢᠯᠡᠬᠦᠯᠵᠦ᠂ ᠠᠷᠠᠳ ᠤᠯᠠᠨ ᠤ ᠠᠮᠢ ᠨᠠᠰᠤ ᠡᠷᠡᠬᠦᠯ ᠮᠡᠨᠳᠦ ᠠᠮᠤᠷ ᠲᠦᠪᠰᠢᠨ ᠢ ᠦᠨᠡᠨ ᠬᠦ ᠪᠠᠳᠤᠯᠠᠬᠤ ᠭᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠲᠦᠷᠢᠮ ᠤᠨ ᠶᠡᠷᠦᠩᠬᠡᠶᠢᠯᠡᠭᠰᠡᠡ ᠢᠵᠢ ᠲᠦᠬᠦᠷᠵᠢᠬᠦᠯᠬᠦ ᠦᠭᠡᠷᠡᠴᠢᠯᠡᠯᠳᠠ ᠪᠤᠯ ᠬᠠᠤᠯᠢ ᠴᠠᠭᠠᠵᠠ ᠶᠢᠨ ᠪᠠᠶᠢᠭᠤᠯᠤᠮᠵᠢ ᠶᠢᠨ ᠦᠭᠡᠷᠡᠴᠢᠯᠡᠯᠳᠠ ᠶᠢᠨ ᠴᠢᠬᠤᠯᠠ ᠠᠭᠤᠯᠭ᠎ᠠ ᠮᠦᠨ᠂ ᠬᠠᠤᠯᠢ ᠴᠠᠭᠠᠵᠠ ᠶᠢᠨ ᠲᠦᠪ ᠭᠤᠤᠯᠴᠢ ᠦᠨᠳᠦᠷ ᠪᠦᠳᠦᠮᠵᠢᠲᠡᠢ ᠡᠷᠭᠡ ᠰᠦᠷ ᠲᠠᠢ ᠪᠠᠶᠢᠬᠤ ᠯᠤᠭ᠎ᠠ ᠬᠤᠯᠪᠤᠭᠳᠠᠨ᠎ᠠ᠃ ᠦᠭᠡᠷᠡᠴᠢᠯᠡᠯᠳᠠ ᠶᠢᠨ ᠡᠬᠦᠷᠭᠡ ᠶᠢ ᠪᠤᠳᠠᠳᠠᠢ ᠨᠠᠶᠢᠳᠠᠪᠤᠷᠢᠵᠢᠭᠤᠯᠤᠨ ᠦᠷ᠎ᠠ ᠪᠦᠳᠦᠮᠵᠢ ᠭᠠᠷᠭᠠᠬᠤ ᠠᠵᠢᠯ ᠢ ᠰᠠᠶᠢᠳᠤᠷ ᠠᠳᠬᠤᠵᠦ᠂ ︽ᠪᠠᠶᠢᠴᠠᠭᠠᠨ ᠰᠢᠬᠦᠭᠴᠢ ᠠᠴᠠ ᠲᠠᠰᠤᠯᠠᠯᠳᠠ ᠬᠢᠵᠦ᠂ ᠲᠠᠰᠤᠯᠠᠯᠳᠠ ᠬᠢᠭᠴᠢ ᠠᠴᠠ ᠬᠠᠷᠢᠭᠤᠴᠠᠬᠤ︾ ᠶᠢ ᠦᠨᠡᠨ ᠬᠦ ᠪᠡᠶᠡᠯᠡᠬᠦᠯᠵᠦ᠂ ᠬᠠᠤᠯᠢ ᠴᠠᠭᠠᠵᠠ ᠶᠢᠨ ᠨᠡᠶᠢᠳᠡ ᠶᠢᠨ ᠢᠳᠡᠭᠡᠬᠦᠯᠬᠦ ᠬᠦᠴᠦᠨ ᠢ ᠳᠡᠭᠡᠭᠰᠢᠯᠡᠬᠦᠯᠦᠨ᠂ ᠬᠠᠤᠯᠢ ᠴᠠᠭᠠᠵᠠ ᠶᠢᠨ ᠭᠡᠷᠡᠭ ᠪᠦᠷᠢ ᠶᠢᠨ ᠳᠤᠮᠳᠠ ᠠᠴᠠ ᠠᠷᠠᠳ ᠤᠯᠠᠨ ᠳᠤ ᠡᠷᠬᠡ ᠲᠡᠭᠰᠢ ᠲᠦᠪ ᠭᠤᠤᠯᠴᠢ ᠶᠢ ᠮᠡᠳᠡᠷᠡᠬᠦᠯᠬᠦ ᠪᠠᠷ ᠴᠢᠷᠮᠠᠶᠢᠬᠤ ᠭᠡᠷᠡᠭᠲᠡᠢ᠃ ᠬᠠᠤᠯᠢᠵᠢᠯ ᠤᠨ ᠬᠦᠳᠡᠭᠡ ᠲᠤᠰᠬᠤᠨ ᠤ ᠪᠠᠶᠢᠭᠤᠯᠤᠯᠳᠠ ᠶᠢ ᠴᠢᠩᠭᠠᠳᠬᠠᠬᠤ ᠪᠤᠯ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠡᠷᠡᠭᠵᠢᠬᠦᠯᠬᠦ᠂ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢ ᠠᠬᠢᠭᠤᠯᠬᠤ ᠶᠢᠨ ᠰᠠᠭᠤᠷᠢ ᠴᠢᠨᠠᠷᠳᠠᠢ ᠠᠵᠢᠯ ᠮᠦᠨ᠃ ᠬᠦᠳᠡᠭᠡ ᠲᠤᠰᠬᠤᠨ ᠤ ᠦᠷᠭᠡᠨ ᠤᠯᠠᠨ ᠺᠠᠳ᠋ᠷ ᠤᠯᠠᠨ ᠲᠦᠮᠡᠨ ᠢ ᠬᠦᠮᠦᠵᠢᠬᠦᠯᠦᠨ ᠬᠦᠳᠦᠯᠦᠨ ᠵᠢᠯᠤᠭᠤᠳᠴᠦ ᠪᠠᠶᠢᠭᠠᠳ ᠬᠠᠤᠯᠢ ᠶᠤᠰᠤᠭᠠᠷ ᠠᠵᠢᠯ ᠶᠠᠪᠤᠲᠠᠯ ᠬᠢᠵᠤ᠂ ᠬᠡᠷᠡᠭ ᠶᠠᠪᠤᠳᠠᠯ ᠲᠤᠬᠢᠶᠠᠯᠳᠤᠪᠠᠯ ᠬᠠᠤᠯᠢ ᠴᠠᠭᠠᠵᠠ ᠠᠴᠠ ᠯᠠᠪᠯᠠᠯᠲᠠ ᠡᠷᠢᠬᠦ᠂ ᠠᠰᠠᠭᠤᠳᠠᠯ ᠢ ᠰᠢᠢᠳᠪᠤᠷᠢᠯᠡᠬᠦ ᠳᠡᠭᠡᠨ ᠬᠠᠤᠯᠢ ᠶᠢ ᠭᠡᠷᠡᠭᠯᠡᠬᠦ᠂ ᠵᠦᠷᠢᠴᠡᠯ ᠵᠢᠭᠤᠷᠠᠭᠠᠨ ᠢ ᠰᠢᠢᠳᠪᠦᠷᠢᠯᠡᠬᠦ ᠳᠡᠭᠡᠨ ᠬᠠᠤᠯᠢ ᠳᠤ ᠲᠦᠰᠢᠭᠯᠡᠬᠦ ᠪᠤᠯᠭᠠᠵᠤ᠂ ᠬᠠᠤᠯᠢᠵᠢᠯ ᠤᠨ ᠬᠦᠳᠡᠭᠡ ᠲᠤᠰᠬᠤᠨ ᠤ ᠪᠠᠶᠢᠭᠤᠯᠤᠯᠳᠠ ᠶᠢ ᠢᠳᠡᠪᠬᠢᠳᠠᠢ ᠠᠬᠢᠭᠤᠯᠬᠤ ᠭᠡᠷᠡᠭᠲᠡᠢ᠃ ᠵᠠᠰᠠᠬ ᠵᠠᠬᠢᠷᠭᠠᠨ ᠤ ᠲᠠᠬᠢᠨ ᠵᠦᠪᠯᠡᠬᠦ ᠪᠠᠶᠢᠭᠤᠯᠤᠮᠵᠢ ᠶᠢᠨ ᠦᠭᠡᠷᠡᠴᠢᠯᠡᠯᠳᠠ ᠶᠢᠨ ᠲᠦᠰᠤᠯ ᠢ ᠨᠠᠶᠢᠳᠠᠪᠤᠷᠢᠵᠢᠭᠤᠯᠵᠤ᠂ ᠵᠠᠰᠠᠬ ᠵᠠᠬᠢᠷᠭᠠᠨ ᠤ ᠲᠠᠬᠢᠨ ᠵᠦᠪᠯᠡᠬᠦ ᠡᠬᠢ ᠪᠠᠶᠠᠯᠢᠬ ᠤᠨ ᠲᠤᠬᠢᠷᠠᠭᠤᠯᠤᠯᠳᠠ ᠶᠢ ᠰᠢᠯᠢᠳᠡᠭᠵᠢᠬᠦᠯᠵᠤ᠂ ᠬᠤᠯᠪᠤᠬᠳᠠᠯ ᠪᠦᠬᠦᠢ ᠬᠠᠤᠯᠢ ᠴᠠᠭᠠᠵᠠ ᠬᠠᠤᠯᠢ ᠲᠦᠷᠢᠮ ᠳᠤ ᠵᠠᠰᠠᠪᠤᠷᠢ ᠤᠷᠤᠭᠤᠯᠬᠤ ᠠᠵᠢᠯ ᠢ ᠠᠬᠢᠭᠤᠯᠵᠤ᠂ ᠵᠠᠰᠠᠬ ᠵᠠᠬᠢᠷᠭᠠᠨ ᠤ ᠲᠠᠬᠢᠨ ᠵᠦᠪᠯᠡᠬᠦ ᠠᠵᠢᠯ ᠤᠨ ᠲᠦᠪ ᠭᠤᠤᠯᠴᠢ ᠦᠨᠳᠤᠷ ᠦᠷ᠎ᠠ ᠪᠦᠳᠤᠮᠵᠢᠲᠡᠢ᠂ ᠠᠷᠠᠳ ᠲᠤ ᠲᠦᠬᠦᠮ ᠦᠵᠡᠬᠦᠯᠬᠦ ᠠᠷᠠᠳ ᠤᠨ ᠲᠦᠯᠤᠬᠡ ᠪᠠᠶᠢᠬᠤ ᠲᠦᠷᠢᠮ ᠤᠨ ᠲᠠᠪᠠᠭᠤᠯᠢᠬ ᠪᠠ ᠵᠠᠰᠠᠬ ᠵᠠᠬᠢᠷᠭᠠᠨ ᠤ ᠮᠠᠷᠭᠤᠭᠠᠨ ᠢ ᠵᠦᠭᠰᠢᠷᠡᠬᠦᠯᠬᠦ ᠭᠤᠤᠯ ᠠᠷᠭ᠎ᠠ ᠵᠠᠮ ᠤᠨ ᠤᠢᠢᠯᠡᠳᠤᠯ ᠢ ᠪᠠᠳᠠᠷᠠᠭᠤᠯᠬᠤ ᠭᠡᠷᠡᠭᠳᠠᠢ ᠬᠡᠵᠤ ᠵᠢᠭᠠᠵᠤ ᠭᠠᠷᠭᠠᠪᠠ᠃      ᠬᠤᠷᠠᠯ ᠠᠴᠠ᠂ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢ ᠪᠠᠷᠢᠮᠳᠠᠯᠠᠬᠤ ᠪᠤᠯ ᠳᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠤᠯᠤᠰ ᠤᠨ ᠪᠠᠶᠢᠭᠤᠯᠤᠯ ᠪᠤᠯᠤᠨ ᠤᠯᠤᠰ ᠤᠨ ᠵᠠᠰᠠᠯᠳᠠ ᠶᠢᠨ ᠰᠢᠰᠲ᠋ᠧᠮ ᠤᠨ ᠢᠯᠡᠳᠳᠡ ᠲᠠᠪᠠᠭᠤᠯᠢᠬ ᠪᠤᠯᠤᠨ᠎ᠠ᠃ ᠳᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠤᠢᠢᠯᠡᠳᠤᠯᠬᠡ ᠶᠢ ᠤᠷᠤᠬᠰᠢ ᠨᠢᠬᠡ ᠠᠯᠬᠤᠮ ᠠᠬᠢᠭᠤᠯᠬᠤ ᠪᠦᠷᠢ᠂ ᠬᠠᠤᠯᠢᠵᠢᠯ ᠤᠨ ᠪᠠᠶᠢᠭᠤᠯᠤᠯᠳᠠ ᠴᠤ ᠨᠢᠬᠡ ᠠᠯᠬᠤᠮ ᠲᠠᠭᠠᠨ ᠤᠷᠤᠬᠰᠢᠯᠠᠬᠤ ᠭᠡᠷᠡᠭᠳᠠᠢ᠃ ᠮᠠᠨ ᠤ ᠤᠯᠤᠰ ᠤᠨ ᠨᠡᠶᠢᠬᠡᠮ ᠵᠢᠷᠤᠮ ᠤᠨ ᠬᠠᠤᠯᠢᠵᠢᠯ ᠳᠤ ᠮᠠᠨ ᠤ ᠨᠠᠮ ᠤᠨ ᠲᠦᠷᠦ ᠶᠢ ᠵᠠᠰᠠᠵᠤ ᠵᠠᠰᠠᠬ ᠢ ᠡᠷᠬᠢᠯᠡᠬᠦ ᠤᠨᠤᠯ ᠤᠨ ᠦᠷ᠎ᠠ ᠪᠦᠳᠤᠬᠡᠯ ᠪᠤᠯᠤᠨ ᠤᠢᠢᠯᠡᠳᠤᠯᠬᠡ ᠶᠢᠨ ᠲᠤᠷᠰᠢᠯᠭ᠎ᠠ ᠨᠢᠬᠳᠠᠷᠠᠵᠤ᠂ ᠲᠦᠷᠢᠮ ᠢᠶᠠᠷ ᠵᠠᠰᠠᠬᠤ ᠶᠢᠨ ᠬᠠᠮᠤᠬ ᠤᠨ ᠦᠨᠳᠤᠰᠤᠨ ᠬᠠᠮᠤᠬ ᠤᠨ ᠲᠤᠭᠳᠠᠭᠤᠨ ᠬᠠᠮᠤᠬ ᠤᠨ ᠨᠠᠶᠢᠳᠠᠪᠤᠷᠢᠳᠠᠢ ᠪᠠᠳᠤᠯᠠᠭ᠎ᠠ ᠪᠤᠯᠤᠨ᠎ᠠ᠃ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢ ᠠᠬᠢᠭᠤᠯᠬᠤ ᠳᠤ᠂ ᠤᠯᠤᠰ ᠤᠨ ᠵᠠᠰᠠᠯᠳᠠ ᠶᠢᠨ ᠰᠢᠰᠲ᠋ᠧᠮ ᠪᠤᠯᠤᠨ ᠵᠠᠰᠠᠯᠳᠠ ᠶᠢᠨ ᠴᠢᠳᠠᠪᠤᠷᠢ ᠶᠢᠨ ᠤᠳᠤᠬᠢᠴᠢᠯᠠᠯᠳᠠ ᠳᠠᠬᠢ ᠬᠠᠤᠯᠢᠵᠢᠯ ᠤᠨ ᠢᠳᠡᠪᠬᠢ ᠤᠢᠢᠯᠡᠳᠤᠯ ᠢ ᠪᠠᠳᠠᠷᠠᠭᠤᠯᠵᠤ᠂ ᠨᠠᠮ ᠤᠨ ᠬᠠᠤᠯᠢ ᠪᠠᠷ ᠤᠯᠤᠰ ᠢᠶᠠᠨ ᠵᠠᠰᠠᠬᠤ᠂ ᠬᠠᠤᠯᠢ ᠪᠠᠷ ᠲᠦᠷᠤ ᠪᠠᠷᠢᠬᠤ ᠴᠢᠳᠠᠪᠤᠷᠢ ᠶᠢ ᠲᠡᠭᠡᠭᠰᠢᠯᠡᠬᠦᠯᠵᠤ᠂ ᠬᠠᠤᠯᠢᠵᠢᠯ ᠢᠶᠠᠷ ᠠᠷᠠᠳ ᠲᠦᠮᠡᠨ ᠤ ᠡᠵᠡᠨ ᠰᠠᠭᠤᠵᠤ ᠡᠷᠬᠡ ᠮᠡᠳᠡᠬᠦ ᠶᠢ ᠪᠠᠳᠤᠯᠠᠵᠤ᠂ ᠳᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠬᠠᠤᠯᠢᠵᠢᠯ ᠤᠨ ᠰᠢᠰᠲ᠋ᠧᠮ ᠢ ᠪᠠᠷᠢᠮᠳᠠᠯᠠᠨ ᠲᠡᠬᠦᠯᠳᠡᠷᠵᠢᠬᠦᠯᠵᠤ᠂ ᠦᠬᠡᠷᠡᠴᠢᠯᠠᠯᠳᠠ ᠬᠦᠭᠵᠢᠯᠳᠠ ᠲᠤᠬᠳᠠᠭᠤᠨ ᠳᠠᠬᠢ ᠬᠠᠤᠯᠢᠵᠢᠯ ᠤᠨ ᠬᠦᠳᠤᠯᠤᠨ ᠲᠠᠭᠠᠭᠤᠯᠬᠤ᠂ ᠵᠢᠷᠤᠮᠵᠢᠭᠤᠯᠬᠤ᠂ ᠪᠠᠳᠤᠯᠠᠬᠤ ᠤᠢᠢᠯᠡᠳᠤᠯ ᠢ ᠨᠡᠩ ᠰᠠᠶᠢᠨ ᠪᠠᠳᠠᠷᠠᠭᠤᠯᠵᠤ᠂ ᠦᠨᠳᠤᠷ ᠬᠡᠪ ᠪᠤᠯᠪᠠᠰᠤᠷᠠᠯ ᠲᠠᠢ ᠬᠠᠤᠯᠢᠵᠢᠯ ᠤᠨ ᠠᠵᠢᠯ ᠤᠨ ᠡᠩᠨᠡᠭᠡ ᠶᠢ ᠪᠠᠶᠢᠭᠤᠯᠵᠤ᠂ ᠤᠯᠤᠰ ᠤᠨ ᠵᠠᠰᠠᠯᠳᠠ ᠶᠢᠨ ᠲᠦᠷᠢᠮᠵᠢᠯ᠂ ᠲᠠᠷᠠᠭᠠᠯᠠᠯᠵᠢᠯ᠂ ᠵᠢᠷᠤᠮᠵᠢᠯ᠂ ᠬᠠᠤᠯᠢᠵᠢᠯ ᠢ ᠠᠯᠬᠤᠮ ᠠᠯᠬᠤᠮ ᠢᠶᠠᠷ ᠪᠡᠶᠡᠯᠡᠬᠦᠯᠬᠦ ᠭᠡᠷᠡᠭᠳᠠᠢ᠃ ᠦᠵᠤ ᠲᠦᠯᠤᠪᠯᠡᠭᠡ ᠪᠤᠯᠤᠨ ᠬᠠᠤᠯᠢᠵᠢᠯ ᠤᠨ ᠤᠢᠢᠯᠡᠳᠤᠯᠬᠡ ᠶᠢ ᠤᠶᠠᠯᠳᠤᠭᠤᠯᠬᠤ ᠶᠢ ᠪᠠᠷᠢᠮᠳᠠᠯᠠᠵᠤ᠂ ᠦᠨᠳᠤᠰᠤᠨ ᠬᠠᠤᠯᠢ ᠶᠢ ᠪᠦᠬᠦ ᠲᠠᠯ᠎ᠠ ᠪᠠᠷ ᠭᠡᠷᠡᠭᠵᠢᠬᠦᠯᠬᠦ ᠶᠢ ᠪᠠᠳᠤᠯᠠᠬᠤ ᠪᠠᠶᠢᠭᠤᠯᠤᠮᠵᠢ ᠲᠤᠭᠳᠠᠴᠠ ᠶᠢ ᠪᠦᠷᠢᠨᠰᠢᠬᠦᠯᠵᠦ᠂ ᠬᠠᠤᠯᠢ ᠴᠠᠭᠠᠵᠠ ᠶᠢ ᠭᠡᠷᠡᠭᠵᠢᠬᠦᠯᠬᠦ ᠳᠤ ᠬᠢᠨᠠᠯᠳᠠ ᠲᠠᠯᠪᠢᠬᠤ ᠶᠢ ᠴᠢᠩᠭᠠᠳᠬᠠᠵᠤ᠂ ᠨᠡᠶᠢᠬᠡᠮ ᠤᠨ ᠡᠷᠬᠡ ᠲᠡᠭᠰᠢ ᠲᠦᠪ ᠭᠤᠤᠯᠴᠢ ᠬᠠᠤᠯᠢᠵᠢᠯ ᠤᠨ ᠪᠠᠳᠤᠯᠠᠭ᠎ᠠ ᠶᠢᠨ ᠲᠦᠷᠢᠮ ᠢ ᠲᠡᠬᠦᠯᠳᠡᠷᠵᠢᠬᠦᠯᠵᠤ᠂ ᠬᠠᠤᠯᠢᠵᠢᠯ ᠢᠶᠠᠷ ᠵᠠᠰᠠᠯᠳᠠ ᠶᠢᠨ ᠰᠢᠰᠲ᠋ᠧᠮ ᠪᠤᠯᠤᠨ ᠵᠠᠰᠠᠯᠳᠠ ᠶᠢᠨ ᠴᠢᠳᠠᠪᠤᠷᠢ ᠶᠢᠨ ᠤᠳᠤᠬᠢᠴᠢᠯᠠᠯᠳᠠ ᠶᠢ ᠠᠬᠢᠭᠤᠯᠬᠤ ᠦᠢᠯᠡᠳᠦᠯ ᠴᠢᠲᠠᠮᠵᠢ ᠶᠢ ᠲᠡᠭᠡᠭᠰᠢᠯᠡᠬᠦᠯᠬᠦ ᠭᠡᠷᠡᠭᠳᠠᠢ᠃ ᠡᠯ᠎ᠠ ᠱᠠᠳᠤᠨ ᠤ ᠤᠳᠤᠷᠢᠳᠬᠤ ᠺᠠᠳ᠋ᠷ ᠬᠠᠤᠯᠢᠵᠢᠯ ᠤᠨ ᠤᠬᠠᠮᠰᠠᠷ ᠢᠶᠠᠨ ᠴᠢᠩᠭᠠᠳᠬᠠᠵᠤ᠂ ᠲᠦᠷᠦᠬᠦᠯᠡᠨ ᠬᠠᠤᠯᠢ ᠶᠢ ᠬᠦᠨᠳᠤᠳᠬᠡᠵᠤ ᠬᠠᠤᠯᠢ ᠶᠢ ᠰᠤᠷᠴᠤ ᠬᠠᠤᠯᠢ ᠰᠠᠬᠢᠵᠤ ᠬᠠᠤᠯᠢ ᠶᠢ ᠭᠡᠷᠡᠭᠯᠠᠵᠤ᠂ ᠲᠦᠷᠢᠮ ᠢ ᠭᠡᠷᠡᠭᠵᠢᠬᠦᠯᠬᠦ ᠦᠯᠢᠬᠡᠷ ᠳᠠᠭᠤᠷᠢᠶᠠᠯ ᠪᠤᠯᠬᠤ ᠭᠡᠷᠡᠭᠳᠠᠢ᠃ ᠪᠦᠬᠦ ᠠᠷᠠᠳ ᠲᠤ ᠬᠠᠤᠯᠢ ᠶᠢ ᠲᠦᠬᠡᠮᠡᠯᠵᠢᠬᠦᠯᠬᠦ ᠠᠵᠢᠯ ᠤᠨ ᠡᠷᠴᠢᠮ ᠢ ᠴᠢᠩᠭᠠᠷᠠᠭᠤᠯᠵᠤ᠂ ᠨᠡᠶᠢᠬᠡᠮ ᠵᠢᠷᠤᠮ ᠤᠨ ᠬᠠᠤᠯᠢᠵᠢᠯ ᠤᠨ ᠵᠤᠷᠢᠬ ᠰᠠᠨᠠᠭ᠎ᠠ ᠶᠢ ᠪᠠᠳᠠᠷᠠᠭᠤᠯᠵᠤ᠂ ᠪᠦᠬᠦ ᠠᠷᠠᠳ ᠤᠨ ᠬᠠᠤᠯᠢᠵᠢᠯ ᠤᠨ ᠦᠵᠡᠯᠳᠠ ᠶᠢ ᠲᠡᠭᠡᠭᠰᠢᠯᠡᠬᠦᠯᠵᠤ᠂ ᠤᠯᠠᠨ ᠨᠡᠶᠢᠳᠠ ᠶᠢᠨ ᠬᠠᠤᠯᠢ ᠴᠠᠭᠠᠵᠠ ᠶᠢᠨ ᠤᠢᠢᠯᠡᠴᠢᠯᠡᠬᠡᠨ ᠤ ᠰᠢᠰᠲ᠋ᠧᠮ ᠢ ᠲᠡᠬᠦᠯᠳᠡᠷᠵᠢᠬᠦᠯᠵᠤ᠂ ᠬᠠᠤᠯᠢ ᠪᠠᠷ ᠤᠯᠤᠰ ᠢᠶᠠᠨ ᠵᠠᠰᠠᠬᠤ ᠨᠡᠶᠢᠬᠡᠮ ᠤᠨ ᠰᠠᠭᠤᠷᠢ ᠶᠢ ᠪᠠᠳᠤᠳᠬᠠᠬᠤ ᠭᠡᠷᠡᠭᠳᠠᠢ᠃ ᠬᠠᠤᠯᠢ ᠪᠠᠷ ᠤᠯᠤᠰ ᠢᠶᠠᠨ ᠵᠠᠰᠠᠬᠤ ᠪᠠ ᠶᠤᠰᠦ ᠰᠤᠷᠲᠠᠬᠤᠨ ᠢᠶᠠᠷ ᠤᠯᠤᠰ ᠢᠶᠠᠨ ᠵᠠᠰᠠᠬᠤ ᠶᠢ ᠤᠶᠠᠯᠳᠤᠭᠤᠯᠬᠤ ᠶᠢ ᠪᠠᠷᠢᠮᠳᠠᠯᠠᠵᠤ᠂ ᠨᠡᠶᠢᠬᠡᠮ ᠵᠢᠷᠤᠮ ᠤᠨ ᠭᠤᠤᠯᠯᠠᠬᠴᠢ ᠦᠷᠳᠡᠭ ᠤᠨ ᠦᠵᠡᠯᠳᠡ ᠶᠢ ᠬᠠᠤᠯᠢᠵᠢᠯ ᠤᠨ ᠪᠠᠶᠢᠭᠤᠯᠤᠯᠳᠠ ᠳᠤ ᠠᠭᠤᠰᠤᠯᠴᠠᠭᠤᠯᠵᠤ᠂ ᠶᠡᠭᠡ ᠰᠠᠶᠢᠨ ᠨᠡᠶᠢᠬᠡᠮ ᠤᠨ ᠬᠡᠪ ᠰᠤᠷᠳᠠᠯ ᠪᠤᠯᠤᠨ ᠨᠡᠶᠢᠬᠡᠮ ᠤᠨ ᠡᠮᠬᠢ ᠲᠢᠭᠯᠢᠮ ᠢ ᠴᠢᠷᠮᠠᠶᠢᠨ ᠪᠦᠷᠢᠯᠳᠤᠬᠦᠯᠬᠦ ᠭᠡᠷᠡᠭᠳᠠᠢ᠃ ᠤᠯᠠᠨ ᠤᠯᠤᠰ ᠤᠨ ᠬᠠᠤᠯᠢᠵᠢᠯ ᠤᠨ ᠬᠦᠷᠢᠶᠠᠨ ᠤ ᠬᠠᠮᠳᠤᠷᠠᠯᠴᠠᠭ᠎ᠠ ᠶᠢ ᠴᠢᠩᠭᠠᠳᠬᠠᠵᠤ᠂ ᠮᠠᠨ ᠤ ᠤᠯᠤᠰ ᠤᠨ ᠬᠠᠤᠯᠢ ᠶᠢᠨ ᠬᠦᠷᠢᠶ᠎ᠠ ᠴᠠᠷᠠᠭ᠎ᠠ ᠠᠴᠠ ᠭᠠᠳᠠᠨ᠎ᠠ ᠭᠡᠷᠡᠭᠯᠡᠬᠦ ᠳᠤ ᠲᠤᠬᠢᠷᠠᠬᠤ ᠬᠠᠤᠯᠢ ᠴᠠᠭᠠᠵᠠ ᠶᠢᠨ ᠰᠢᠰᠲ᠋ᠧᠮ ᠤᠨ ᠪᠠᠶᠢᠭᠤᠯᠤᠯᠳᠠ ᠶᠢ ᠲᠦᠷᠬᠡᠳᠬᠡᠵᠤ᠂ ᠤᠯᠠᠨ ᠤᠯᠤᠰ ᠤᠨ ᠬᠠᠤᠯᠢ ᠶᠢᠨ ᠰᠤᠳᠤᠯᠭᠠᠨ ᠪᠤᠯᠤᠨ ᠭᠡᠷᠡᠭᠯᠡᠭᠡ ᠶᠢ ᠴᠢᠩᠭᠠᠳᠬᠠᠵᠤ᠂ ᠭᠠᠳᠠᠭᠠᠳᠦ ᠳᠤ ᠬᠤᠯᠪᠤᠭᠳᠠᠬᠤ ᠠᠵᠢᠯ ᠤᠨ ᠬᠠᠤᠯᠢᠵᠢᠯ ᠤᠨ ᠲᠦᠪᠰᠢᠨ ᠢ ᠲᠡᠭᠡᠭᠰᠢᠯᠡᠬᠦᠯᠬᠦ ᠭᠡᠷᠡᠭᠳᠠᠢ ᠬᠡᠵᠤ ᠴᠢᠬᠤᠯᠠᠴᠢᠯᠠᠪᠠ᠃      ᠲᠦᠪ ᠤᠨ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠵᠦᠪᠯᠡᠯ ᠤᠨ ᠬᠡᠰᠢᠬᠦᠳ ᠬᠤᠷᠠᠯ ᠳᠤ ᠤᠷᠤᠯᠴᠠᠵᠤ᠂ ᠲᠦᠪ ᠤᠨ ᠪᠠ ᠲᠦᠷᠤ ᠶᠢᠨ ᠪᠠᠶᠢᠭᠤᠯᠭ᠎ᠠ ᠶᠢᠨ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠨᠦᠬᠦᠳ ᠬᠤᠷᠠᠯ ᠳᠤ ᠰᠤᠯᠠ ᠤᠷᠤᠯᠴᠠᠪᠠ᠃    
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号