ᠰᠢᠨᠬᠤᠸᠠ ᠬᠤᠷᠢᠶᠠᠨ ᠤ ᠪᠡᠭᠡᠵᠢᠩ ᠤᠨ 2 ᠰᠠᠷ᠎ᠠ ᠶᠢᠨ 9 ᠤ ᠴᠠᠬᠢᠯᠭᠠᠨ ᠮᠡᠳᠡᠭᠡ ᠤᠯᠤᠰ ᠤᠨ ᠲᠡᠷᠢᠬᠦᠯᠡᠭᠴᠢ | ᠰᠢ ᠶᠢᠨ ᠫᠢᠩ 9 ᠤ ᠡᠳᠤᠷ ᠡᠸ᠋ᠽᠢᠦᠫᠢᠶᠠ ᠶᠢᠨ ᠨᠠᠶᠢᠰᠯᠠᠯ ᠠᠳᠢᠰ ᠠᠪᠠᠪᠠ ᠳᠤ ᠶᠠᠪᠤᠭᠳᠠᠭᠰᠠᠠ ᠠᠹᠷᠢᠺᠠ ᠲᠢᠪ ᠤᠨ | ᠤᠯᠤᠰ ᠤᠳ ᠤᠨ ᠬᠤᠯᠪᠤᠭ᠎ᠠ ᠶᠢᠨ 33 ᠳ᠋ᠤᠭᠠᠷ ᠬᠤᠭᠤᠴᠠᠭᠠᠨ ᠤ ᠲᠦᠷᠦᠬᠦᠴᠤᠳ ᠤᠨ ᠬᠤᠷᠡᠯ ᠳᠤ ᠪᠠᠶᠠᠷ ᠤᠨ | ᠴᠠᠬᠢᠯᠭᠠᠨ ᠴᠢᠮᠡᠭᠡ ᠶᠠᠪᠤᠭᠤᠯᠵᠥ᠂ ᠠᠹᠷᠢᠺᠠ ᠲᠢᠪ ᠤᠨ ᠤᠯᠤᠰ ᠤᠳ ᠪᠤᠯᠤᠨ ᠠᠹᠷᠢᠺᠠ ᠲᠢᠪ ᠤᠨ ᠠᠷᠠᠳ | ᠲᠦᠮᠡᠨ ᠳᠤ ᠬᠠᠯᠠᠭᠤᠨ ᠪᠠᠶᠠᠷ ᠬᠦᠷᠬᠡᠵᠥ ᠪᠠᠶᠢᠬᠤ ᠪᠠᠨ ᠢᠯᠡᠳᠬᠡᠪᠡ᠃ | ᠰᠢ ᠶᠢᠨ ᠫᠢᠩ᠂ ᠨᠢᠳᠤᠨᠤᠨ ᠠᠴᠠ ᠨᠠᠭᠠᠰᠢ᠂ ᠠᠹᠷᠢᠺᠠ ᠲᠢᠪ ᠤᠨ ᠤᠯᠤᠰ ᠤᠳ ᠤᠨ ᠬᠤᠯᠪᠤᠭ᠎ᠠ ᠶᠢᠨ | ᠲᠠᠭᠠᠭᠤᠯᠭ᠎ᠠ ᠪᠠᠷ᠂ ᠠᠹᠷᠢᠺᠠ ᠲᠢᠪ ᠤᠨ ᠤᠯᠤᠰ ᠤᠳ ᠦᠪᠡᠷ ᠤᠨ ᠢᠶᠠᠨ ᠪᠠᠶᠢᠳᠠᠯ ᠳᠤ ᠨᠡᠶᠢᠴᠡᠭᠰᠡᠡ ᠬᠦᠭᠵᠢᠯᠳᠡ ᠶᠢᠨ | ᠵᠠᠮ ᠢ ᠢᠳᠡᠪᠬᠢᠳᠡᠢ ᠰᠦᠪᠡᠭᠴᠢᠯᠡᠵᠥ᠂ ᠠᠹᠷᠢᠺᠠ ᠲᠢᠪ ᠤᠨ ᠠᠷᠭ᠎ᠠ ᠪᠠᠷ ᠠᠹᠷᠢᠺᠠ ᠲᠢᠪ ᠤᠨ ᠠᠰᠠᠭᠤᠳᠠᠯ ᠢ | ᠰᠢᠢᠳᠪᠤᠷᠢᠯᠡᠬᠦ ᠶᠢ ᠪᠠᠷᠢᠮᠳᠠᠯᠠᠵᠥ᠂ ᠠᠹᠷᠢᠺᠠ ᠲᠢᠪ ᠤᠨ ᠡᠬᠡ ᠬᠠᠭᠤᠷᠠᠢ ᠶᠢᠨ ᠴᠢᠯᠥᠬᠡᠳᠤ ᠠᠷᠠᠯᠵᠢᠶᠠᠨ ᠤ ᠤᠷᠤᠨ ᠢ | ᠵᠢᠩᠬᠢᠨᠢ ᠪᠠᠷ ᠡᠬᠢᠯᠡᠬᠦᠯᠵᠥ᠂ ᠠᠹᠷᠢᠺᠠ ᠲᠢᠪ ᠤᠨ ᠬᠤᠯᠪᠤᠭᠠᠯᠠᠨ ᠦᠪᠡᠷ ᠢ ᠪᠠᠨ ᠬᠦᠴᠦᠷᠬᠡᠭᠵᠢᠬᠦᠯᠬᠦ ᠠᠯᠬᠤᠮ | ᠯᠠᠪᠳᠠᠭᠤᠨ ᠢᠶᠠᠷ ᠠᠬᠢᠵᠥ᠂ ᠲᠡᠯᠡᠬᠡᠢ ᠳᠠᠬᠢ ᠨᠦᠯᠥᠬᠡ ᠲᠠᠰᠤᠷᠠᠯᠳᠡ ᠦᠭᠡᠢ ᠲᠡᠭᠡᠭᠰᠢᠯᠡᠭᠰᠡᠡ ᠪᠠᠶᠢᠨ᠎ᠠ ᠬᠡᠵᠥ ᠵᠢᠭᠠᠵᠥ | ᠭᠠᠷᠭᠠᠪᠠ᠃ | ᠰᠢ ᠶᠢᠨ ᠫᠢᠩ᠂ ᠤᠳᠤᠬᠠᠨ ᠳᠤ᠂ ᠲᠤᠮᠳᠠᠳᠤ ᠠᠹᠷᠢᠺᠠ ᠶᠢᠨ ᠬᠠᠷᠢᠯᠴᠠᠭ᠎ᠠ ᠲᠡᠤᠬᠡ ᠶᠢᠨ ᠬᠠᠮᠤᠭ ᠤᠨ ᠰᠠᠶᠢᠨ | ᠬᠤᠭᠤᠴᠠᠭ᠎ᠠ ᠳᠤ ᠤᠷᠤᠭᠠᠳ ᠪᠠᠶᠢᠨ᠎ᠠ᠃ ᠲᠤᠮᠳᠠᠳᠤ ᠠᠹᠷᠢᠺᠠ ᠶᠢᠨ ᠬᠠᠮᠳᠤᠷᠠᠯᠴᠠᠭᠠᠨ ᠤ ᠶᠠᠷᠢᠶᠠᠨ ᠤ ᠲᠠᠪᠴᠠᠩ ᠤᠨ | ᠪᠡᠭᠡᠵᠢᠩ ᠳᠠᠬᠢ ᠲᠦᠷᠦᠬᠦᠴᠤᠳ ᠤᠨ ᠬᠤᠷᠡᠯ ᠲᠤᠮᠳᠠᠳᠤ ᠠᠹᠷᠢᠺᠠ ᠶᠢᠨ ᠨᠦᠬᠦᠷᠯᠡᠯ ᠢ ᠬᠦᠳᠦᠯᠥᠨ ᠲᠠᠭᠠᠭᠤᠯᠤᠭᠠᠳ | ᠰᠢᠨ᠎ᠡ ᠦᠷᠨᠢᠯᠳᠡ ᠭᠠᠷᠭᠠᠵᠥ᠂ ᠲᠦᠷᠦᠬᠦᠴᠤᠳ ᠤᠨ ᠬᠤᠷᠡᠯ ᠤᠨ ᠦᠷ᠎ᠡ ᠪᠦᠳᠦᠬᠡᠯ ᠤᠨ ᠨᠠᠶᠢᠳᠠᠪᠤᠷᠢᠵᠢᠭᠤᠯᠤᠯᠳᠠ ᠶᠢ | ᠠᠬᠢᠭᠤᠯᠤᠭᠠᠳ ᠡᠯ᠎ᠡ ᠬᠦᠷᠢᠶᠡᠨ ᠤ ᠪᠤᠳᠠᠳᠠᠢ ᠶᠢ ᠡᠷᠬᠢᠮᠯᠡᠭᠰᠡᠡ ᠬᠠᠮᠳᠤᠷᠠᠯᠴᠠᠭ᠎ᠠ ᠳᠤ ᠰᠢᠨ᠎ᠡ ᠬᠦᠳᠡᠯᠬᠡᠬᠦ ᠬᠦᠴᠦᠨ | ᠨᠡᠮᠡᠷᠢᠯᠡᠪᠡ᠃ ᠲᠡᠯᠡᠬᠡᠢ ᠶᠢᠨ ᠵᠠᠭᠤᠨ ᠵᠢᠯ ᠳᠤ ᠪᠠᠶᠢᠭ᠎ᠠ ᠦᠬᠡᠢ ᠶᠡᠭᠡ ᠬᠤᠪᠢᠰᠤᠯᠳᠠ ᠶᠢᠨ ᠡᠮᠤᠨ᠎ᠡ᠂ ᠨᠡᠩ ᠨᠢᠬᠳᠠ | ᠲᠤᠮᠳᠠᠳᠤ ᠠᠹᠷᠢᠺᠠ ᠶᠢᠨ ᠬᠤᠪᠢ ᠵᠠᠶᠠᠭᠠᠨ ᠤ ᠬᠠᠮᠳᠤ ᠶᠢᠨ ᠴᠤᠭᠴᠠ ᠶᠢ ᠬᠠᠮᠳᠤ ᠪᠠᠷ ᠪᠠᠶᠢᠭᠤᠯᠬᠤ ᠨᠢ ᠲᠤᠮᠳᠠᠳᠤ | ᠠᠹᠷᠢᠺᠠ ᠶᠢᠨ ᠠᠷᠠᠳ ᠲᠦᠮᠡᠨ ᠤ ᠬᠠᠮᠳᠤ ᠶᠢᠨ ᠠᠰᠢᠬ ᠲᠤᠰᠠ ᠲᠠᠢ ᠨᠡᠶᠢᠴᠡᠬᠦ ᠶᠤᠮ᠃ ᠲᠤᠮᠳᠠᠳᠤ ᠤᠯᠤᠰ ᠦᠨᠠᠨ | ᠪᠤᠳᠠᠳᠠᠢ ᠲᠤᠳᠤᠨᠤ ᠪᠠᠶᠢᠬᠤ ᠲᠦᠷᠦ ᠶᠢᠨ ᠪᠤᠳᠤᠯᠭ᠎ᠠ ᠶᠢᠨ ᠤᠢᠢᠯᠠᠭᠠᠬᠳᠠᠬᠤᠨ ᠪᠤᠯᠤᠨ ᠵᠦᠪ ᠤᠨᠤᠪᠴᠢᠳᠠᠢ ᠠᠰᠢᠭ | ᠵᠢᠷᠤᠮ ᠤᠨ ᠦᠵᠡᠯᠳᠡ ᠶᠢ ᠦᠷᠬᠦᠯᠵᠢᠯᠡᠨ ᠪᠠᠷᠢᠮᠳᠠᠯᠠᠵᠥ᠂ ᠪᠡᠭᠡᠵᠢᠩ ᠳᠠᠬᠢ ᠲᠦᠷᠦᠬᠦᠴᠤᠳ ᠤᠨ ᠬᠤᠷᠡᠯ ᠤᠨ ᠦᠷ᠎ᠡ | ᠪᠦᠳᠦᠬᠡᠯ ᠢ ᠨᠠᠶᠢᠳᠠᠪᠤᠷᠢᠵᠢᠭᠤᠯᠬᠤ ᠶᠢ ᠪᠦᠬᠦ ᠲᠡᠯ᠎ᠡ ᠪᠠᠷ ᠠᠬᠢᠭᠤᠯᠵᠥ᠂ ᠲᠤᠮᠳᠠᠳᠤ ᠠᠹᠷᠢᠺᠠ ᠶᠢᠨ ︽ᠨᠢᠬᠡ ᠪᠦᠰᠡ | ᠨᠢᠬᠡ ᠵᠠᠮ︾ ᠢ ᠬᠠᠮᠳᠤ ᠪᠠᠷ ᠪᠦᠳᠦᠬᠡᠨ ᠪᠠᠶᠢᠭᠤᠯᠬᠤ ᠶᠢ ᠠᠬᠢᠭᠤᠯᠵᠥ᠂ ᠠᠹᠷᠢᠺᠠ ᠲᠢᠪ ᠤᠨ ᠬᠦᠭᠵᠢᠯ ᠮᠠᠨᠳᠤᠯ ᠳᠤ | ᠨᠡᠩ ᠶᠡᠭᠡ ᠬᠤᠪᠢ ᠨᠡᠮᠡᠷᠢ ᠦᠵᠡᠬᠦᠯᠵᠥ᠂ ᠲᠤᠮᠳᠠᠳᠤ ᠠᠹᠷᠢᠺᠠ ᠶᠢᠨ ᠠᠷᠠᠳ ᠲᠦᠮᠡᠨ ᠳᠤ ᠨᠡᠩ ᠰᠠᠶᠢᠨ ᠪᠤᠶᠠᠨ | ᠦᠢᠯᠡᠳᠦᠨ᠎ᠡ ᠬᠡᠵᠥ ᠴᠢᠬᠤᠯᠠᠴᠢᠯᠠᠪᠠ᠃ | |