ᠮᠠᠨ ᠤ ᠬᠤᠰᠢᠭᠤ ᠣᠯᠠᠨ ᠲᠠᠯ᠎ᠠ ᠶᠢᠨ ᠪᠣᠳᠠᠳᠡᠢ ᠠᠷᠭ᠎ᠠ ᠪᠠᠷ ᠬᠢᠵᠢᠭ ᠤᠨ ᠪᠠᠶᠢᠳᠠᠯ ᠢ ᠰᠡᠷᠬᠡᠶᠢᠯᠡᠡ ᠡᠵᠡᠮᠳᠡᠬᠦ ᠠᠵᠢᠯ ᠢᠶᠠᠨ ᠴᠢᠩᠭᠠᠳᠬᠠᠵᠤ ᠪᠠᠶᠢᠨ᠎ᠠ
ᠨᠡᠶᠢᠲᠡᠯᠡᠭᠰᠡᠨ ᠴᠠᠭ᠄
2020-02-12
     ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠤ ᠪᠠᠶᠢᠭ᠎ᠠ ᠵᠠᠩᠭᠢᠯᠠᠭ᠎ᠠ ᠶᠢᠨ ᠮᠦᠴᠡ ᠳᠤ᠂ ᠮᠠᠨ ᠤ ᠬᠤᠰᠢᠭᠤ ᠰᠠᠭᠤᠭᠠᠯᠢ ᠠᠷᠠᠳ ᠤᠨ ᠳᠣᠭᠤᠷᠢᠭ ᠲᠤ ᠨᠠᠷᠢᠯᠢᠭ ᠬᠤᠯᠪᠤᠭᠠᠯᠠᠭᠰᠠᠨ ᠣᠶᠢᠯᠡᠴᠢᠯᠡᠬᠦ ᠠᠷᠭ᠎ᠠ ᠪᠣᠳᠣᠯᠭ᠎ᠠ ᠶᠢ ᠬᠡᠷᠡᠭᠵᠢᠭᠦᠯᠦᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠢᠶᠠᠨ ᠡᠷᠴᠢᠮᠵᠢᠭᠦᠯᠵᠣ ᠪᠠᠶᠢᠨ᠎ᠠ᠃        ᠮᠠᠨ ᠤ ᠬᠤᠰᠢᠭᠤᠨ ᠤ ᠡᠯ᠎ᠡ ᠭᠠᠵᠠᠷ ᠤᠨ ᠬᠢᠨ ᠡᠯ᠎ᠡ ᠰᠠᠭᠤᠭᠠᠯᠢ ᠠᠷᠡᠳ ᠤᠨ ᠳᠣᠭᠤᠷᠢᠭ ᠢ ᠪᠢᠳᠡᠭᠦᠮᠵᠢᠯᠠᠬᠦ ᠠᠷᠭ᠎ᠠ ᠪᠣᠳᠣᠯᠭ᠎ᠠ ᠶᠢ ᠬᠡᠷᠡᠭᠵᠢᠬᠦᠯᠦᠭᠰᠡᠨ ᠠᠴᠠ ᠨᠠᠰᠢ ᠭᠠᠯᠠᠭᠤᠲᠤ ᠪᠠᠯᠭᠠᠰᠤᠨ ᠤ ︽ᠭᠤᠤᠯᠳᠠᠯᠭᠠᠲᠤ︾ ᠰᠠᠭᠤᠭᠠᠯᠢ ᠠᠷᠠᠳ ᠤᠨ ᠲᠣᠭᠤᠷᠢᠭ ᠤᠨ ᠭᠡᠰᠡᠭ ᠨᠠᠮ ᠤᠨ ᠭᠡᠰᠢᠭᠦᠳ ᠰᠠᠶᠢᠨ ᠳᠤᠷ᠎ᠠ ᠠᠴᠠ ᠪᠠᠨ ᠵᠣᠬᠢᠶᠠᠨ ᠪᠠᠶᠢᠭᠤᠯᠤᠯᠴᠠᠨ ᠡᠳᠦᠷ ᠪᠦᠷᠢ ᠶᠢᠨ ᠦᠳᠡ ᠶᠢᠨ ᠡᠮᠦᠨᠡᠬᠢ 10᠄ 30 ᠴᠠᠭ ᠠᠴᠠ ᠡᠬᠢᠯᠡᠨ ᠡᠷᠦᠬᠡ ᠪᠦᠷᠢ ᠳᠤ ᠢᠳᠡᠰᠢᠨ ᠨᠣᠭᠤᠭ᠎ᠠ ᠂ ᠲᠤᠲᠤᠷᠭ᠎ᠠ ᠵᠡᠷᠭᠡ ᠠᠮᠢᠳᠤᠷᠠᠯ ᠤᠨ ᠴᠢᠬᠤᠯᠠ ᠬᠡᠷᠡᠭᠰᠡᠯ ᠢ ᠡᠭᠦᠳᠡᠨ ᠳᠤ ᠨᠢ ᠬᠦᠷᠭᠡᠵᠤ ᠰᠠᠭᠤᠭᠠᠯᠢ ᠠᠷᠠᠳ ᠤᠨ ᠭᠠᠳᠠᠭᠰᠢ ᠲᠤᠲᠤᠭᠰᠢ ᠶᠠᠪᠣᠵᠣ ᠬᠢᠵᠢᠭ ᠬᠠᠯᠳᠠᠪᠣᠷᠢᠯᠠᠬᠤ ᠠᠴᠠ ᠬᠤᠷᠢᠭᠯᠠᠵᠤ ᠴᠢᠳᠠᠭᠰᠠᠨ ᠪᠠᠶᠢᠨ᠎ᠠ᠃      ᠭᠠᠯᠠᠭᠤᠲᠤ ᠪᠠᠯᠭᠠᠰᠤᠨ ᠤ ︽ᠭᠤᠣᠯᠳᠠᠯᠭᠠᠳᠣ︾ ᠰᠠᠭᠤᠭᠠᠯᠢ ᠠᠷᠠᠳ ᠤᠨ ᠳᠣᠭᠤᠷᠢᠭ ᠨᠢ 190 ᠭᠠᠷᠤᠶ ᠡᠷᠦᠬᠡ ᠲᠠᠢ᠂ ᠦᠲᠡᠯᠦᠬᠡ ᠨᠠᠰᠤᠨ ᠤ ᠬᠥᠮᠦᠰ ᠣᠯᠠᠩᠬᠢ ᠳᠤᠭ᠎ᠠ ᠶᠢ ᠡᠵᠠᠯᠠᠵᠣ ᠪᠠᠶᠢᠭ᠎ᠠ ᠳᠣᠭᠤᠷᠢᠭ ᠪᠣᠯᠬᠤᠷ ᠠᠰᠠᠷ  ᠠᠴᠠ ᠪᠠᠭᠤᠬᠤ ᠳᠤ ᠳᠥᠭᠦᠮ ᠦᠭᠡᠢ ᠮᠦᠷᠳᠡᠭᠡᠨ ᠬᠦᠮᠦᠨ ᠤᠯᠠᠨᠲᠠᠢ ᠭᠠᠵᠠᠷ ᠣᠴᠢᠭᠤᠯᠬᠤ ᠦᠬᠡᠢ ᠶᠢᠨ ᠳᠦᠯᠣᠭᠡ ᠪᠢᠲᠡᠭᠦᠮᠵᠢᠯᠡᠭᠰᠡᠨ ᠬᠡᠯᠪᠡᠷᠢ ᠶᠢᠨ ᠨᠢᠭᠡᠳᠦᠯᠲᠡᠶ ᠬᠠᠮᠢᠶᠠᠷᠤᠯᠲᠠ ᠶᠢ ᠬᠡᠷᠡᠭᠵᠢᠭᠦᠯᠵᠦ ᠠᠮᠢᠳᠤᠷᠠᠯ ᠤᠨ ᠡᠳ᠋ ᠪᠣᠳᠠᠰ ᠢ ᠨᠢᠭᠡᠳᠦᠯᠲᠡᠶ ᠬᠤᠪᠢᠶᠠᠷᠢᠯᠠᠵᠤ ᠰᠠᠭᠤᠭᠠᠯᠢ ᠡᠷᠦᠬᠡ ᠶᠢᠨ ᠭᠠᠳᠠᠨᠠᠬᠢ ᠬᠠᠯᠳᠠᠪᠤᠷᠢᠯᠠᠯ ᠳᠤ ᠤᠴᠠᠷᠠᠬᠤ ᠲᠦᠭᠰᠢᠭᠦᠷᠢ ᠶᠢ ᠪᠠᠭᠠᠰᠬᠠᠭᠰᠠᠨ ᠪᠠᠶᠢᠨ᠎ᠠ᠃      ᠮᠠᠨ ᠤ ᠬᠤᠰᠢᠭᠤᠨ ᠳᠤ ᠨᠡᠶᠢᠲᠡ 93 ᠰᠠᠭᠤᠭᠠᠯᠢ ᠠᠷᠠᠳ ᠤᠨ ᠲᠤᠭᠤᠷᠢᠭ ᠲᠠᠢ ᠪᠠᠶᠢᠵᠤ᠂ ᠡᠬᠦᠨ ᠳᠤ ᠬᠤᠰᠢᠭᠤᠨ ᠲᠥᠪ ᠪᠣᠯᠬᠤ ᠭᠠᠯᠠᠭᠤᠳᠣ ᠪᠠᠯᠭᠠᠰᠣᠨ ᠳᠤ10 ᠭᠠᠷᠣᠢ ᠳᠦᠪᠯᠡᠷᠡᠭᠰᠡᠨ ᠪᠠᠶᠢᠰᠢᠩ ᠭᠡᠷᠲᠣ ᠳᠣᠭᠤᠷᠢᠭ ᠪᠠᠶᠢᠳᠠᠭ᠃ ᠡᠨᠡ ᠬᠦ  ᠪᠠᠶᠢᠰᠢᠩ ᠭᠡᠷᠲᠣ ᠳᠣᠭᠤᠷᠢᠭ ᠢ ᠳᠣᠶᠢᠯᠪᠣᠷᠢᠳᠡᠢ ᠬᠠᠮᠢᠶᠠᠷᠬᠤ ᠶᠢᠨ ᠳᠦᠯᠣᠭᠡ ᠡᠯ᠎ᠡ ᠪᠠᠶᠢᠭᠤᠯᠭ᠎ᠠ ᠨᠢᠭᠡᠴᠢ᠂ ᠰᠠᠯᠠᠭ᠎ᠠ ᠮᠦᠴᠢᠷ ᠤᠨ ᠬᠢᠨ ᠳᠠᠭᠠᠭᠠᠴᠢᠯᠠᠨ ᠬᠠᠷᠢᠭᠤᠴᠠᠵᠣ ᠪᠠᠶᠢᠭ᠎ᠠ ᠬᠠᠷᠢᠶ᠎ᠠ ᠳᠣᠭᠤᠷᠢᠭ ᠲᠤ ᠪᠠᠨ ᠬᠡᠷᠡᠰᠭᠡ ᠪᠣᠰᠬᠠᠨ ᠲᠣᠣᠷ ᠲᠡᠲᠠᠵᠤ ᠨᠢᠭᠡᠳᠣᠯᠳᠡᠢ ᠭᠠᠷᠬᠤ ᠡᠬᠦᠳᠡ ᠳᠣᠬᠢᠷᠠᠭᠤᠯᠣᠨ ᠳᠠᠭᠠᠭᠠᠴᠢᠯᠠᠨ ᠬᠠᠷᠢᠭᠤᠴᠠᠵᠣ ᠪᠠᠶᠢᠭ᠎ᠠ ᠪᠠᠶᠢᠭᠤᠯᠭ᠎ᠠ ᠠᠴᠠ 24 ᠴᠠᠭ ᠢᠶᠠᠷ ᠵᠢᠵᠢᠭᠦᠷᠯᠡᠵᠣ ᠭᠠᠷᠴᠣ ᠣᠷᠣᠬᠤ ᠲᠡᠷᠭᠡ ᠮᠠᠰᠢᠨ᠂ ᠬᠦᠮᠣᠰ ᠢ ᠬᠢᠵᠠᠭᠠᠷᠯᠠᠨ ᠬᠢᠵᠢᠭ ᠡᠪᠡᠳᠴᠢᠨ ᠤ ᠬᠠᠯᠳᠠᠪᠣᠷᠢᠯᠠᠬᠤ ᠶᠢ ᠦᠨᠳᠣᠰᠣᠨ ᠠᠴᠠ ᠪᠠᠨ ᠰᠡᠷᠬᠡᠶᠢᠯᠡᠨ ᠡᠵᠡᠮᠳᠡᠵᠤ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号