ᠰᠢᠨ᠎ᠡ ᠲᠢᠳᠢᠮᠯᠢᠭ ᠠᠭᠤᠰᠬᠢᠨ ᠦᠷᠪᠢᠰᠣᠯ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠡᠬᠢᠯᠡᠭᠰᠡᠨ ᠠᠴᠠ | ᠨᠠᠰᠢ ᠮᠠᠨ ᠤ ᠬᠤᠰᠢᠭᠤᠨ ᠤ ᠡᠯ᠎ᠡ ᠪᠠᠶᠢᠭᠤᠯᠭ᠎ᠠ ᠨᠢᠭᠡᠴᠢ᠂ ᠰᠠᠭᠤᠭᠠᠯᠢ ᠠᠷᠡᠳ ᠤᠨ ᠲᠤᠭᠤᠷᠢᠭ ᠤᠨ | ᠬᠠᠷᠢᠭᠤᠴᠠᠯᠭᠠᠳᠠᠨ ᠵᠢᠴᠢ ᠰᠠᠶᠢᠨ ᠲᠤᠷᠡᠴᠤᠳ ᠬᠠᠮᠳᠣᠪᠡᠷ ᠦᠪᠡᠷ ᠦᠪᠡᠷ ᠤᠨ ᠡᠭᠦᠷᠭᠡ ᠬᠠᠷᠢᠭᠤᠴᠠᠯᠭ᠎ᠠ ᠪᠠᠨ | ᠬᠦᠢᠴᠡᠳᠭᠡᠵᠣ ᠣᠯᠠᠨ ᠵᠣᠶᠢᠯ ᠤᠨ ᠳᠣᠬᠢᠳᠡᠢ ᠠᠷᠭ᠎ᠠ ᠪᠠᠷ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠪᠠᠷ | ᠰᠢᠭᠤᠷᠬᠠᠶᠢᠯᠠᠨ ᠠᠵᠢᠯᠯᠠᠵᠣ ᠪᠠᠶᠢᠨ᠎ᠡ᠃ ᠤᠶᠢᠷ᠎ᠠ ᠶᠢᠨ ᠡᠳᠦᠷ᠂ ᠮᠠᠨ ᠤ ᠬᠤᠰᠢᠭᠤᠨ ᠤ ᠵᠠᠯᠠᠭᠤ ᠰᠠᠶᠢᠨ ᠲᠤᠷᠠᠴᠤᠤᠯ | ᠪᠦᠬᠡ᠂ ᠬᠤᠷᠸ᠎ᠠ ᠬᠤᠶᠠᠭᠤᠯᠠ ᠤᠷᠤᠢ ᠶᠢᠨ ᠴᠠᠭ ᠢ ᠠᠰᠢᠭᠯᠠᠵᠤ ᠰᠠᠶᠢᠨ ᠲᠤᠷ᠎ᠡ ᠠᠴᠠ ᠪᠠᠨ ᠮᠠᠨ ᠤ ᠬᠤᠰᠢᠭᠤᠨ ᠤ | ᠭᠡᠰᠡᠭ ᠰᠠᠭᠤᠭᠠᠯᠢ ᠠᠷᠡᠳ ᠤᠨ ᠲᠤᠭᠤᠷᠢᠭ ᠲᠤ ᠠᠷᠢᠭᠤᠳᠬᠠᠯ ᠤᠨ ᠰᠢᠩᠭᠡᠨ ᠰᠦᠷᠴᠢᠵᠤ ᠬᠢᠵᠢᠭ ᠡᠪᠡᠳᠴᠢᠨ ᠢ | ᠰᠡᠷᠭᠡᠶᠢᠯᠡᠨ ᠡᠵᠡᠮᠳᠡᠬᠦ ᠠᠵᠢᠯ ᠳᠤ ᠢᠳᠡᠪᠬᠢᠯᠡᠨ ᠤᠷᠤᠯᠴᠠᠵᠤ ᠪᠠᠶᠢᠨ᠎ᠠ᠃ | ᠪᠥᠬᠡ᠄ ︽ᠬᠢᠵᠢᠭ ᠡᠪᠡᠳᠴᠢᠨ ᠲᠡᠯᠭᠡᠷᠡᠭᠰᠡᠨ ᠡᠨᠡ ᠬᠤᠭᠤᠴᠠᠭᠠᠨ ᠳᠤ ᠬᠦᠮᠦᠰ ᠪᠦᠷ ᠰᠠᠶᠢᠨ ᠲᠤᠷ᠎ᠡ ᠠᠴᠠ | ᠰᠠᠭᠤᠭᠠᠯᠢ ᠠᠷᠠᠳ ᠤᠨ ᠲᠤᠭᠤᠷᠢᠭ ᠤᠨ ᠡᠭᠦᠳᠡᠨ ᠳᠤ ᠪᠤᠶᠤ ᠪᠠᠶᠢᠴᠠᠭᠠᠬᠤ ᠴᠡᠭ ᠲᠤ ᠲᠠᠩᠰᠠᠯᠠᠨ ᠲᠡᠮᠳᠡᠭᠯᠡᠬᠦ ᠠᠵᠢᠯ | ᠬᠢᠭᠡᠳ ᠶᠠᠭᠠᠷᠴᠦ ᠪᠠᠶᠢᠨ᠎ᠠ᠃ ᠪᠢᠳᠠ ᠦᠪᠡᠷ ᠤᠨ ᠴᠢᠳᠠᠯ ᠤᠨ ᠬᠢᠷᠢ ᠪᠠᠷ ᠮᠠᠨ ᠤ ᠬᠤᠰᠢᠭᠤᠨ ᠤ ᠭᠡᠰᠡᠭ ᠰᠠᠭᠤᠭᠠᠯᠢ | ᠠᠷᠡᠳ ᠤᠨ ᠲᠤᠭᠤᠷᠢᠭ ᠲᠤ ᠵᠢᠯᠤᠭᠤᠴᠢ ᠦᠭᠡᠢ ᠨᠢᠰᠭᠡᠯ ᠢᠶᠠᠷ ᠠᠷᠢᠭᠤᠳᠬᠠᠯ ᠤᠨ ᠰᠢᠩᠭᠡᠨ ᠰᠦᠷᠴᠢᠵᠤ ᠰᠡᠷᠭᠡᠶᠢᠯᠡᠨ | ᠡᠵᠡᠮᠳᠡᠬᠦ ᠠᠵᠢᠯ ᠳᠤ ᠬᠤᠪᠢ ᠨᠡᠮᠡᠷᠢ ᠪᠠᠨ ᠡᠷᠬᠦᠶ᠎ᠡ ᠭᠡᠵᠦ ᠪᠤᠳᠤᠵᠤ ᠪᠠᠶᠢᠨ᠎ᠠ︾ ᠭᠡᠪᠡ᠃ | ᠤᠶᠢᠯᠠᠭᠠᠭᠰᠠᠨ ᠢᠶᠠᠷ᠂ ᠪᠥᠭᠡ᠂ ᠬᠤᠷᠸ᠎ᠠ ᠬᠤᠶᠠᠭᠤᠯᠠ ᠡᠨ᠋ᠨ ᠤᠳᠠᠭ᠎ᠠ ᠭᠤᠷᠪᠠᠨ ᠡᠳᠤᠷ ᠤᠨ ᠬᠤᠭᠤᠴᠠᠭ᠎ᠠ ᠢ | ᠭᠡᠷᠡᠭᠯᠡᠵᠦ ᠭᠠᠯᠠᠭᠤᠳᠣ ᠪᠠᠯᠭᠠᠰᠣᠨ ᠤ ᠪᠠᠷᠠᠭᠤᠨ ᠵᠠᠬ᠎ᠠ ᠳᠠᠬᠢ ᠨᠠᠨᠳᠢᠨ᠂ ᠢ ᠾᠧ᠂ ᠷᠧᠨ ᠽᠧ ᠵᠡᠷᠭᠡ ᠭᠤᠷᠪᠡᠨ | ᠰᠠᠭᠤᠭᠠᠯᠢ ᠠᠷᠡᠳ ᠤᠨ ᠲᠤᠭᠤᠷᠢᠭ ᠢ ᠠᠩᠬ᠎ᠠ ᠠᠯᠬᠤᠮ ᠪᠥᠭᠦᠨ ᠢ ᠠᠷᠢᠭᠤᠳᠬᠠᠵᠤ ᠪᠠᠷᠠᠬᠤ ᠪᠠᠷ ᠲᠦᠯᠥᠪᠯᠡᠵᠦ | ᠪᠠᠶᠢᠨ᠎ᠠ᠃ |