ᠮᠠᠨ ᠤ ᠬᠤᠰᠢᠭᠤ ᠨᠡᠶᠢᠬᠡᠮ ᠤᠨ ᠠᠮᠤᠷ ᠳᠣᠭᠳᠠᠭᠤᠨ ᠤ ᠬᠢᠷᠢ ᠳᠦᠪᠰᠢᠨ ᠢᠶᠠᠨ ᠳᠡᠭᠡᠭᠰᠢᠯᠡᠭᠦᠯᠵᠤ ᠪᠠᠶᠢᠨ᠎ᠠ
ᠨᠡᠶᠢᠲᠡᠯᠡᠭᠰᠡᠨ ᠴᠠᠭ᠄
2020-02-12
       ᠮᠠᠨ ᠤ ᠬᠤᠰᠢᠭᠤᠨ ᠤ ᠲᠤᠲᠤᠭᠠᠳᠤ ᠶᠢ ᠬᠠᠮᠠᠭᠠᠯᠠᠬᠤ ᠳᠣᠪᠴᠢᠶ᠎ᠠ᠂ ᠡᠯ᠎ᠡ ᠳᠣᠮᠢᠯᠠᠭᠰᠠᠨ ᠰᠠᠯᠪᠣᠷᠢ ᠬᠠᠷᠢᠭᠤᠴᠠᠨ ᠬᠠᠮᠢᠶᠠᠷᠴᠣ ᠪᠠᠶᠢᠭ᠎ᠠ ᠬᠠᠷᠢᠶ᠎ᠠ ᠳᠣᠭᠤᠷᠢᠭ ᠤᠨ ᠣᠨᠴᠠᠯᠢᠭ ᠲᠤ ᠪᠠᠨ ᠵᠤᠬᠢᠴᠠᠭᠤᠯᠤᠨ ᠠᠵᠢᠯ ᠢᠶᠠᠨ ᠪᠠᠶᠢᠷᠢᠯᠠᠭᠤᠯᠵᠣ ᠨᠡᠶᠢᠭᠡᠮ ᠨᠠᠶᠢᠳᠡ ᠤᠨ ᠠᠮᠤᠷ ᠳᠣᠭᠳᠠᠭᠤᠨ ᠢ ᠪᠠᠳᠣᠯᠠᠨ ᠤᠯᠠᠨ ᠳᠦᠮᠡᠨ ᠳᠤ ᠠᠮᠣᠷ ᠳᠦᠪᠰᠢᠨ ᠠᠵᠣ ᠠᠮᠢᠳᠣᠷᠠᠯ ᠡᠳ᠋ᠯᠡᠭᠦᠯᠵᠣ ᠪᠠᠶᠢᠨ᠎ᠠ᠃      ᠰᠢᠨ᠎ᠡ ᠵᠢᠯ ᠴᠠᠭᠠᠨ ᠰᠠᠷ᠎ᠠ ᠶᠢᠨ ᠬᠤᠭᠤᠴᠠᠭ᠎ᠠ ᠪᠣᠯ ᠠᠮᠣᠷ ᠢ ᠬᠠᠮᠠᠭᠠᠯᠠᠬᠤ ᠠᠵᠢᠯ ᠤᠨ ᠭᠤᠣᠯᠳᠠᠯᠭ᠎ᠠ ᠮᠦᠷᠳᠡᠭᠡᠨ ᠵᠠᠩᠭᠢᠯᠠᠭ᠎ᠠ ᠶᠢᠨ ᠴᠠᠭ ᠪᠣᠯᠣᠨ᠎ᠠ᠃ ᠤᠶᠢᠷ᠎ᠠ ᠶᠢᠨ ᠡᠳᠦᠷ᠂ ᠮᠠᠨ ᠤ ᠬᠤᠰᠢᠭᠤᠨ ᠤ ᠲᠤᠲᠤᠭᠠᠲᠤ ᠶᠢ ᠬᠠᠮᠠᠭᠠᠯᠠᠬᠤ ᠲᠤᠪᠴᠢᠶᠠᠨ ᠤ ᠭᠠᠯᠠᠭᠤᠲᠤ ᠬᠤᠶᠠᠳᠤᠭᠠᠷ ᠲᠣᠮᠢᠯᠠᠭᠰᠠᠨ ᠰᠠᠯᠪᠤᠷᠢ ᠶᠢᠨ ᠴᠠᠭᠳᠠᠭ᠎ᠠ ᠨᠠᠷ ᠬᠠᠮᠢᠶᠠᠷᠴᠣ ᠪᠠᠶᠢᠭ᠎ᠠ ᠬᠠᠷᠢᠶ᠎ᠠ ᠳᠣᠭᠤᠷᠢᠭ ᠤᠨ ᠬᠤᠸᠠᠷ ᠫᠤᠤᠵᠢᠩ ᠢᠳᠡᠭᠡᠨ ᠤᠮᠳᠠᠭᠠᠨ ᠤ ᠲᠡᠯᠭᠡᠭᠦᠷ᠂ ᠪᠠᠭᠤᠳᠠᠯ ᠵᠡᠷᠭᠡ ᠭᠠᠵᠠᠷ  ᠢᠶᠠᠷ ᠬᠦᠨᠵᠡᠭᠡᠶᠢᠷᠡᠨ ᠭᠠᠯ ᠤᠨᠲᠠᠷᠠᠭᠠᠬᠤ ᠪᠠᠭᠠᠵᠢ ᠳᠦᠬᠦᠭᠡᠷᠦᠮᠵᠢ᠂ ᠴᠠᠬᠢᠯᠭᠠᠨ ᠬᠡᠷᠡᠭᠰᠡᠯ ᠤᠨ ᠠᠶᠣᠯᠬᠦᠢ ᠬᠡᠷᠡᠭᠯᠡᠯᠲᠡ ᠂ ᠰᠢᠲᠠᠮᠠᠬᠠᠢ ᠬᠡᠢ ᠶᠢᠨ ᠬᠤᠭᠤᠯᠠᠶ ᠲᠤᠤᠷ ᠤᠨ ᠠᠮᠤᠷ ᠲᠦᠪᠰᠢᠨ᠂ ᠵᠣᠴᠢᠳ ᠤᠨ ᠪᠠᠭᠤᠳᠠᠯ ᠤᠨ ᠭᠠᠯ ᠤᠨᠲᠠᠷᠠᠭᠠᠬᠤ ᠲᠦᠬᠦᠭᠡᠷᠦᠮᠵᠢ ᠵᠡᠷᠭᠡ ᠣᠯᠠᠨ ᠲᠠᠯ᠎ᠠ ᠶᠢᠨ ᠠᠮᠤᠷ ᠲᠦᠪᠰᠢᠨ ᠢ ᠪᠠᠶᠢᠴᠠᠭᠠᠬᠤ ᠶᠢᠨ ᠳᠠᠭᠠᠣ ᠳᠤ ᠡᠯ᠎ᠡ ᠵᠣᠶᠢᠯ ᠤᠨ ᠤᠬᠠᠭᠤᠯᠭ᠎ᠠ ᠶᠢᠨ ᠠᠵᠢᠯᠯᠠᠭ᠎ᠠ ᠦᠷᠨᠢᠬᠦᠯᠪᠡ᠃        ᠭᠠᠯᠠᠭᠤᠲᠤ ᠬᠤᠶᠠᠳᠤᠭᠠᠷ ᠲᠤᠮᠢᠯᠠᠭᠰᠠᠨ ᠰᠠᠯᠪᠤᠷᠢ ᠶᠢᠨ ᠴᠠᠭᠳᠠᠭ᠎ᠠ ᠪᠠᠳᠠᠷᠠᠬᠤ᠄ ︽ᠮᠠᠨ ᠤ ᠲᠤᠮᠢᠯᠠᠭᠰᠠᠨ ᠰᠠᠯᠪᠤᠷᠢ ᠨᠡᠶᠢᠬᠡᠮ ᠤᠨ ᠠᠮᠤᠷ ᠲᠦᠪᠰᠢᠨ ᠢ ᠡᠪᠳᠡᠭᠰᠡᠨ ᠠᠵᠢᠯᠯᠠᠭ᠎ᠠ ᠳᠤ ᠴᠤᠬᠢᠯᠲᠠ ᠦᠭᠬᠦ᠂ ᠴᠠᠬᠢᠯᠭᠠᠨ ᠬᠤᠯᠪᠤᠭᠠᠨ  ᠤ ᠮᠡᠬᠡᠯᠡᠯ ᠢ ᠰᠡᠷᠭᠡᠶᠢᠯᠡᠬᠦ ᠵᠡᠷᠭᠡ ᠤᠯᠠᠨ ᠲᠠᠯ᠎ᠠ ᠶᠢᠨ ᠠᠵᠢᠯ ᠢ ᠴᠢᠩᠭ᠎ᠠ ᠠᠳᠬᠤᠵᠤ ᠮᠠᠨ ᠤ ᠦᠥᠰᠢᠨ ᠠᠷᠠᠳ ᠲᠦᠮᠡᠨ ᠤ ᠠᠮᠤᠷ ᠲᠤᠭᠲᠠᠭᠤᠨ ᠪᠠᠶᠢᠳᠠᠯ ᠢ ᠪᠠᠲᠤᠯᠠᠬᠤ ᠶᠢᠨ ᠲᠠᠭᠠᠥ ᠦᠷᠬᠦᠯᠵᠢ ᠦᠪᠡᠷᠳᠡᠭᠡᠨ ᠰᠤᠷᠤᠯᠴᠠᠬᠤ ᠪᠤᠶᠤ ᠬᠠᠷ᠎ᠠ ᠪᠦᠯᠦᠭᠲᠡᠨ ᠬᠠᠷᠬᠢᠰ ᠭᠦᠴᠦᠨ ᠢ ᠠᠷᠢᠯᠭᠠᠬᠤ ᠤᠬᠠᠭᠤᠯᠭ᠎ᠠ ᠶᠢᠨ ᠮᠠᠲ᠋ᠧᠷᠢᠶᠠᠯ ᠢ ᠬᠦᠮᠦᠰ ᠲᠤ ᠲᠠᠷᠬᠠᠭᠠᠵᠤ ᠪᠠᠶᠢᠨ᠎ᠠ᠃ 2020 ᠤᠨ ᠳᠤ ᠬᠠᠷᠢᠶ᠎ᠠ ᠲᠤᠭᠤᠷᠢᠭ ᠤᠨ ᠠᠵᠢᠯ ᠢ ᠨᠡᠩ ᠨᠠᠶᠢᠳᠠᠪᠤᠷᠢᠲᠠᠢ ᠬᠢᠬᠦ ᠶᠢᠨ ᠲᠦᠯᠦᠬᠡ ᠪᠢᠳᠠ ᠠᠷᠠᠳ ᠤᠯᠠᠨ ᠲᠠᠢ ᠦᠷᠭᠦᠯᠵᠢ ᠬᠠᠷᠢᠯᠴᠠᠵᠤ ᠲᠡᠳᠡᠨ ᠤ ᠰᠠᠨᠠᠯ ᠢ ᠬᠤᠷᠢᠶᠠᠵᠤ ᠲᠡᠭᠡᠳᠤ ᠱᠠᠲᠤᠨ ᠤ ᠵᠤᠷᠢᠭ ᠰᠠᠨᠠᠭ᠎ᠠ ᠶᠢ ᠠᠷᠠᠳ ᠤᠯᠠᠨ ᠳᠤ ᠤᠯᠠᠮᠵᠢᠯᠠᠵᠤ ᠨᠡᠩ ᠲᠤᠭᠲᠠᠭᠤᠨ ᠡᠩᠬᠡ ᠲᠠᠶᠢᠪᠤᠩ ᠤᠷᠴᠢᠨ ᠲᠤᠭᠤᠷᠢᠨ ᠢ ᠪᠠᠶᠢᠭᠤᠯᠬᠤ ᠪᠠᠷ ᠴᠠᠭ ᠢᠮᠠᠭᠲᠠ ᠴᠢᠷᠮᠠᠶᠢᠵᠤ ᠪᠠᠶᠢᠨ᠎ᠠ︾ ᠭᠡᠪᠡ᠃      2019 ᠤᠨ ᠳᠤ ᠭᠠᠯᠠᠭᠤᠲᠤ ᠬᠤᠶᠠᠳᠤᠭᠠᠷ ᠲᠤᠮᠢᠯᠠᠭᠰᠠᠨ ᠰᠠᠯᠪᠤᠷᠢ ᠨᠢ ᠬᠠᠮᠢᠶᠠᠷᠴᠣ ᠪᠠᠶᠢᠭ᠎ᠠ ᠬᠠᠷᠢᠶ᠎ᠠ ᠲᠤᠭᠤᠷᠢᠭ ᠤᠨ ᠭᠡᠪᠴᠢᠶᠡᠨ ᠳᠤ ᠪᠠᠨ ᠨᠡᠶᠢᠬᠡᠮ ᠤᠨ ᠠᠮᠤᠷ ᠲᠦᠪᠰᠢᠨ ᠢ ᠡᠪᠳᠡᠭᠰᠡᠨ ᠠᠵᠢᠯᠯᠠᠭ᠎ᠠ 450 ᠬᠤᠪᠢ᠂  ᠡᠷᠡᠭᠦᠦ ᠶᠢᠨ ᠬᠡᠷᠡᠭ 2 ᠢ ᠢᠯᠡᠷᠡᠬᠦᠯᠵᠤ ᠬᠠᠷ᠎ᠠ ᠪᠦᠯᠦᠭᠲᠡᠨ ᠬᠠᠷᠭᠢᠰ ᠭᠦᠴᠦᠨ ᠢ ᠢᠯᠡᠴᠢᠯᠡᠭᠰᠡᠨ 29 ᠬᠡᠷᠡᠭ ᠢ ᠰᠢᠢᠳᠪᠦᠷᠢᠯᠡᠨ ᠨᠡᠶᠢᠬᠡᠮ ᠤᠨ ᠠᠮᠤᠷ ᠲᠦᠪᠰᠢᠨ ᠢ ᠡᠪᠳᠡᠭᠰᠡᠨ ᠠᠵᠢᠯᠯᠠᠭ᠎ᠠ ᠶᠢ 6 ᠤᠳᠠᠭ᠎ᠠ ᠰᠢᠢᠳᠪᠦᠷᠢᠯᠡᠭᠰᠡᠨ ᠪᠠᠶᠢᠨ᠎ᠠ᠃ ᠡᠭᠦᠨ ᠤ ᠲᠠᠭᠠᠥ 2000 ᠭᠠᠷᠤᠢ ᠡᠷᠦᠬᠡ ᠳᠤ ᠴᠠᠬᠢᠯᠭᠠᠨ ᠬᠤᠯᠪᠤᠭᠠᠨ ᠤ ᠮᠡᠬᠡᠯᠡᠯ ᠢ ᠰᠡᠷᠭᠡᠶᠢᠯᠡᠬᠦ ᠤᠬᠠᠭᠤᠯᠭ᠎ᠠ ᠬᠢᠵᠦ ᠲᠤᠰᠬᠠᠢ ᠭᠡᠴᠢᠶᠡᠯ ᠬᠦᠮᠦᠵᠢᠯ ᠢ 8 ᠤᠳᠠᠭ᠎ᠠ᠂ ᠠᠶᠦᠯ ᠢ ᠰᠡᠷᠭᠡᠶᠢᠯᠡᠬᠦ ᠤᠬᠠᠭᠤᠯᠭ᠎ᠠ ᠶᠢ 31 ᠤᠳᠠᠭ᠎ᠠ ᠬᠢᠭᠰᠡᠨ ᠪᠠᠶᠢᠨ᠎ᠠ᠃      ᠭᠠᠯᠠᠭᠤᠲᠤ ᠬᠤᠶᠠᠳᠤᠭᠠᠷ ᠳᠣᠮᠢᠯᠠᠭᠰᠠᠨ ᠰᠠᠯᠪᠣᠷᠢ ᠲᠠᠢ ᠠᠳᠠᠯᠢ ᠪᠠᠷ ᠠᠮᠤᠷ ᠢ ᠬᠠᠮᠠᠭᠠᠯᠠᠬᠤ ᠶᠡᠭᠡ ᠠᠩᠭᠢ᠂ ᠴᠠᠭᠳᠠᠨ ᠰᠡᠷᠭᠡᠶᠢᠯᠡᠬᠦ ᠤᠨᠴᠠ ᠴᠠᠭᠳᠠᠭ᠎ᠠ ᠶᠢᠨ ᠶᠡᠭᠡ ᠠᠩᠬᠢ ᠵᠡᠷᠭᠡ ᠰᠠᠯᠠᠭ᠎ᠠ ᠮᠦᠴᠢᠷ ᠨᠢ ᠴᠤ ᠴᠠᠭ ᠢᠮᠡᠭ᠌ᠲᠠ ᠣᠯᠠᠨ ᠲᠦᠮᠡᠨ ᠤ ᠡᠯ᠎ᠡ ᠲᠠᠯ᠎ᠠ ᠶᠢᠨ ᠠᠮᠤᠷ ᠲᠦᠪᠰᠢᠨ ᠢ ᠪᠠᠳᠣᠯᠠᠵᠣ ᠪᠠᠶᠢᠨ᠎ᠠ᠃  
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号