2 ᠰᠠᠷ᠎ᠠ ᠶᠢᠨ 7 ᠤ ᠡᠳᠦᠷ᠂ ᠬᠤᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠤ ᠬᠤᠯᠪᠣᠭᠠᠯᠠᠨ | ᠳᠠᠭᠠᠭᠠᠴᠢᠯᠠᠬᠤ ᠠᠵᠢᠯ ᠢ ᠬᠢᠨᠠᠨ ᠵᠢᠯᠣᠭᠤᠳᠬᠤ ᠳᠣᠭᠤᠶᠢᠯᠠᠩ ᠤᠨ ᠬᠢᠨ ᠮᠠᠨ ᠤ ᠬᠤᠰᠢᠭᠤᠨ ᠤ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠵᠤ ᠪᠠᠶᠢᠭ᠎ᠠ ᠠᠵᠢᠯ ᠢ ᠬᠢᠨᠠᠨ ᠵᠢᠯᠣᠭᠤᠳᠴᠦ ᠬᠤᠰᠢᠭᠤ ᠨᠠᠮ ᠤᠨ ᠬᠤᠷᠢᠶᠠᠨ ᠤ ᠳᠡᠳ᠋ | ᠱᠦᠵᠢ ᠬᠤᠰᠢᠭᠤ ᠳᠠᠷᠤᠭ᠎ᠠ ᠵᠣᠣ ᠹᠧᠢ ᠯᠣ᠋᠂ ᠬᠤᠰᠢᠭᠤ ᠲᠡᠳ᠋ ᠲᠠᠷᠤᠭ᠎ᠠ ᠯᠢᠦ ᠵᠧᠩ᠂ ᠬᠤᠰᠢᠭᠤ ᠲᠡᠳ᠋ ᠲᠠᠷᠤᠭ᠎ᠠ | ᠬᠤᠰᠢᠭᠤ ᠲᠤᠳᠤᠭᠠᠳᠤ ᠶᠢ ᠬᠠᠮᠠᠭᠠᠯᠠᠬᠤ ᠲᠤᠪᠴᠢᠶᠠᠨ ᠤ ᠲᠠᠷᠤᠭ᠎ᠠ ᠭᠤᠣ ᠬᠣ᠋ ᠵᠢᠴᠢ ᠬᠠᠮᠢᠶ᠎ᠠ ᠪᠦᠬᠦᠢ ᠰᠠᠯᠠᠭ᠎ᠠ | ᠮᠦᠴᠢᠷ ᠤᠨ ᠬᠠᠷᠢᠭᠤᠴᠠᠯᠭᠠᠳᠠᠨ ᠪᠠᠶᠢᠴᠠᠭᠠᠯᠳᠠ ᠳᠤ ᠣᠷᠣᠯᠴᠠᠪᠠ᠃ | | | | | | | ᠬᠢᠨᠠᠨ ᠵᠢᠯᠣᠭᠤᠳᠬᠤ ᠳᠣᠭᠤᠶᠢᠯᠠᠩ ᠤᠨ ᠬᠢᠨ ᠶᠠᠩ ᠭᠤᠸᠠᠩ ᠵᠢᠶᠠ ᠶᠤᠸᠠᠨ᠂ ᠪᠠᠢ ᠹᠥ᠋ ᠶᠤᠸᠠᠨ᠂ ᠢ ᠡᠾᠧ | ᠂ ᠷᠧᠨ ᠡᠾᠧ ᠵᠡᠷᠭᠡ ᠰᠠᠭᠤᠭᠠᠯᠢ ᠠᠷᠠᠳ ᠤᠨ ᠳᠣᠭᠤᠷᠢᠭ᠂ ᠵᠣᠣ ᠶᠠᠩ ᠨᠡᠶᠢᠬᠡᠮ ᠳᠣᠭᠤᠷᠢᠭ ᠤᠨ ᠪᠠᠶᠢᠰᠢᠩ ᠬᠡᠷᠲᠦ | ᠳᠣᠭᠤᠷᠢᠭ᠂ ᠳᠣᠭᠤᠶᠢᠯᠠᠩ ᠨᠡᠶᠢᠬᠡᠮ ᠳᠣᠭᠤᠷᠢᠭ ᠤᠨ ᠪᠠᠶᠢᠰᠢᠩ ᠬᠡᠷᠲᠦ ᠳᠣᠭᠤᠷᠢᠭ ᠲᠤ ᠬᠦᠷᠴᠦ ᠡᠯ᠎ᠡ | ᠬᠤᠯᠪᠣᠭᠠᠯᠠᠨ ᠳᠠᠭᠠᠭᠠᠴᠢᠯᠠᠵᠦ ᠪᠠᠶᠢᠭ᠎ᠠ ᠪᠠᠶᠢᠭᠤᠯᠭ᠎ᠠ᠂ ᠨᠡᠶᠢᠬᠡᠮ ᠳᠣᠭᠤᠷᠢᠭ ᠵᠢᠴᠢ ᠠᠳᠠᠯ ᠠᠬᠤᠢ ᠶᠢᠨ ᠺᠣᠮᠫᠠᠨᠢ ᠶᠢᠨ | ᠵᠢᠵᠢᠬᠦᠷᠯᠡᠨ ᠠᠵᠢᠯᠯᠠᠵᠦ ᠪᠠᠶᠢᠭ᠎ᠠ ᠪᠠᠶᠢᠳᠠᠯ᠂ ᠣᠷᠣᠵᠦ ᠭᠠᠷᠬᠤ ᠬᠦᠮᠦᠰ ᠢ ᠪᠠᠶᠢᠴᠠᠭᠠᠵᠦ ᠳᠠᠩᠰᠠᠯᠠᠵᠦ ᠪᠠᠶᠢᠭ᠎ᠠ | ᠪᠠᠶᠢᠳᠠᠯ᠂ ᠰᠢᠯᠵᠢᠮᠡᠯ ᠬᠦᠮᠦᠰ ᠵᠢᠴᠢ ᠪᠣᠴᠠᠵᠦ ᠢᠷᠡᠵᠦ ᠪᠠᠶᠢᠭ᠎ᠠ ᠬᠦᠮᠦᠰ ᠢ ᠬᠠᠮᠢᠶᠠᠷᠣᠨ ᠡᠵᠡᠮᠳᠡᠵᠦ ᠪᠠᠶᠢᠭ᠎ᠠ | ᠪᠠᠶᠢᠳᠠᠯ᠂ ᠬᠡᠷ ᠲᠡᠭᠡᠨ ᠳᠣᠰᠠᠭᠠᠷᠯᠠᠭᠳᠠᠵᠦ ᠪᠠᠶᠢᠭ᠎ᠠ ᠬᠦᠮᠦᠰ ᠤᠨ ᠪᠠᠶᠢᠳᠠᠯ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠣᠬᠠᠭᠤᠯᠭ᠎ᠠ ᠶᠢᠨ ᠡᠯ᠎ᠡ ᠠᠷᠭ᠎ᠠ ᠪᠠᠷᠢᠯ ᠢ ᠪᠣᠳᠠᠳᠠᠶᠢᠵᠢᠭᠤᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠭᠰᠠᠨ | ᠪᠠᠶᠢᠨ᠎ᠠ᠃ | ᠬᠢᠨᠠᠨ ᠵᠢᠯᠣᠭᠤᠳᠬᠤ ᠳᠣᠭᠤᠶᠢᠯᠠᠩ ᠱᠠᠭᠠᠷᠳᠠᠬᠤ ᠳᠠᠭᠠᠨ᠂ ᠡᠯ᠎ᠡ ᠨᠡᠶᠢᠬᠡᠮ ᠳᠣᠭᠤᠷᠢᠭ ᠵᠢᠴᠢ ᠬᠤᠯᠪᠣᠭᠠᠯᠠᠨ | ᠳᠠᠭᠠᠭᠠᠴᠢᠯᠠᠵᠦ ᠪᠠᠶᠢᠭ᠎ᠠ ᠪᠠᠶᠢᠭᠤᠯᠭ᠎ᠠ ᠶᠢᠨ ᠬᠢᠨ ᠣᠳᠣᠬᠠᠨ ᠤ ᠬᠦᠨᠲᠣ ᠨᠣᠴᠢᠳᠠᠢ ᠬᠢᠵᠢᠭ ᠤᠨ ᠪᠠᠶᠢᠳᠠᠯ ᠢ | ᠬᠦᠢᠴᠡᠳ ᠳᠠᠨᠢᠵᠦ ᠠᠵᠢᠯ ᠤᠨ ᠳᠣᠯᠭᠠᠮ᠎ᠠ ᠰᠡᠳᠬᠢᠯᠬᠡ ᠪᠠ ᠬᠠᠷᠢᠭᠤᠴᠠᠯᠭᠠᠲᠣ ᠰᠡᠳᠬᠢᠯᠬᠡ ᠪᠠᠨ ᠨᠡᠮᠡᠭᠳᠡᠭᠦᠯᠤᠨ | ᠦᠵᠡᠯᠳᠡ ᠳᠠᠨᠢᠯᠳᠠ ᠪᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠡᠭᠡᠷ᠎ᠡ ᠪᠣᠳᠠᠳᠠᠶᠢᠵᠢᠭᠤᠯᠵᠦ ᠠᠵᠢᠯᠲᠠᠨ ᠤ | ᠰᠢᠯᠵᠢᠯᠲᠡ᠂ ᠪᠠᠶᠢᠭᠤᠯᠭ᠎ᠠ ᠨᠢᠭᠡᠴᠢ ᠪᠣᠯᠤᠨ ᠠᠵᠤ ᠠᠬᠤᠶᠢᠯᠠᠯ ᠤᠨ ᠠᠵᠢᠯᠲᠠᠨ ᠤ ᠠᠵᠢᠯ ᠤᠨ ᠪᠠᠶᠢᠷᠢ ᠳᠤ ᠪᠠᠨ | ᠪᠤᠴᠠᠬᠰᠠᠨ ᠠᠴᠠ ᠪᠣᠯᠵᠤ ᠬᠢᠵᠢᠭ ᠤᠨ ᠪᠠᠶᠢᠳᠠᠯ ᠤᠷᠤᠵᠤ ᠢᠷᠡᠭᠦ ᠶᠢ ᠰᠠᠷᠭᠡᠶᠢᠯᠠᠭᠦ ᠳᠡᠭᠡᠷ᠎ᠡ ᠢᠯᠡᠷᠡᠭᠦᠯᠬᠦ ᠬᠡᠷᠡᠭᠲᠡᠶ᠃ | ᠭᠥᠮᠤᠰ ᠤᠨ ᠡᠯ᠎ᠠ ᠲᠥᠷᠤᠯ ᠤᠨ ᠪᠠᠶᠢᠴᠠᠭᠠᠯᠲᠠ ᠶᠢᠨ ᠮᠡᠳᠡᠭᠡ ᠵᠠᠩᠭᠢ ᠶᠢ ᠡᠮᠬᠢᠯᠡᠨ ᠬᠤᠷᠢᠶᠠᠩᠭᠤᠶᠢᠯᠠᠵᠤ ᠨᠢᠭᠡ | ᠬᠥᠮᠦᠨ ᠳᠤ ᠨᠢᠭᠡ ᠳᠠᠩᠰᠠ ᠡᠪᠬᠡᠮᠡᠯ ᠭᠠᠷᠭᠠᠨ ᠨᠡᠶᠢᠭᠡᠮ ᠤᠨ ᠲᠠᠯ᠎ᠠ ᠶᠢᠨ ᠬᠠᠮᠢᠶᠠᠷᠤᠨ ᠡᠵᠡᠮᠳᠡᠬᠦ ᠡᠷᠴᠢᠮ ᠢ | ᠴᠢᠩᠭᠠᠷᠠᠭᠤᠯᠵᠤ ᠨᠠᠷᠢᠨ ᠪᠠᠶᠢᠴᠠᠭᠠᠵᠤ ᠳᠤᠲᠠᠭᠤ ᠶᠢ ᠨᠥᠬᠦᠪᠥᠷᠢᠯᠠᠭᠦ ᠬᠡᠷᠡᠭᠲᠡᠢ᠃ ᠣᠯᠠᠨ ᠲᠦᠮᠡᠨ ᠢ ᠥᠷᠭᠡᠨ ᠢᠶᠠᠷ | ᠲᠠᠶᠢᠴᠢᠯᠠᠨ ᠵᠤᠭᠢᠶᠠᠨ ᠪᠠᠶᠢᠭᠤᠯᠵᠤ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠡᠵᠡᠮᠳᠡᠵᠦ ᠬᠤᠯᠪᠣᠭᠠᠯᠠᠨ | ᠰᠡᠷᠭᠡᠶᠢᠯᠡᠵᠦ ᠬᠤᠯᠪᠣᠭᠠᠯᠠᠨ ᠡᠵᠡᠮᠳᠡᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠶᠢᠨ ᠤ ᠢᠯᠠᠯᠲᠠ ᠶᠢ | ᠣᠯᠬᠤ ᠳᠤ ᠬᠤᠪᠢ ᠨᠠᠮᠠᠷᠢ ᠪᠠᠨ ᠡᠷᠭᠦᠬᠦ ᠬᠡᠷᠡᠭᠲᠡᠶ ᠭᠡᠵᠡᠢ᠃ | | | | | | | ᠵᠣᠣ ᠹᠧᠢ ᠯᠣ᠋ ᠵᠢᠭᠠᠬᠤ ᠳᠠᠭᠠᠨ᠂ ᠣᠷᠴᠢᠮ ᠤᠨ ᠡᠳᠦᠷ ᠤᠳ ᠲᠤ ᠦᠷᠭᠡᠨ ᠣᠯᠠᠨ ᠺᠠᠳ᠋ᠷ ᠠᠵᠢᠯᠳᠠᠳ | ᠡᠮᠤᠨ᠎ᠠ ᠹᠷᠣᠨᠲ ᠲᠤ ᠬᠦᠨᠵᠡᠬᠡᠶᠢᠷᠡᠵᠦ ᠵᠢᠵᠢᠬᠦᠷᠯᠡᠨ ᠠᠵᠢᠯᠯᠠᠬᠤ᠂ ᠳᠣᠭᠤᠷᠢᠨ ᠪᠠᠶᠢᠴᠠᠭᠠᠬᠤ ᠪᠠ ᠣᠬᠠᠭᠤᠯᠭ᠎ᠠ ᠬᠢᠬᠦ | ᠶᠢ ᠬᠦᠨᠵᠡᠬᠡᠢ ᠪᠠᠳᠣᠳᠠᠢ ᠬᠢᠵᠦ ᠪᠣᠳᠠᠳᠣ ᠠᠵᠢᠯᠯᠠᠭ᠎ᠠ ᠪᠠᠷ ᠢᠶᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠤ | ᠳᠡᠯᠳᠡ ᠬᠡᠮ ᠢ ᠳᠠᠰᠣᠯᠵᠦ ᠠᠷᠠᠳ ᠣᠯᠠᠨ ᠤ ᠪᠡᠶ᠎ᠡ ᠶᠢᠨ ᠡᠷᠡᠬᠦᠯ ᠴᠢᠬᠢᠷᠠᠭ ᠪᠠ ᠠᠮᠢ ᠨᠠᠰᠣᠨ ᠤ ᠠᠮᠣᠷ ᠳᠦᠪᠰᠢᠨ ᠢ | ᠪᠠᠳᠣᠯᠠᠵᠦ ᠪᠠᠶᠢᠨ᠎ᠠ ᠬᠡᠪᠡ᠃ ᠵᠣᠣ ᠹᠧᠢ ᠯᠣ᠋ ᠠᠴᠠ ᠦᠷᠭᠡᠨ ᠣᠯᠠᠨ ᠺᠠᠳ᠋ᠷ ᠠᠵᠢᠯᠳᠠᠳ ᠦᠷᠬᠦᠯᠵᠢᠯᠡᠨ ᠡᠬᠦᠷᠭᠡ | ᠬᠠᠷᠢᠭᠤᠴᠠᠯᠭ᠎ᠠ ᠪᠠᠨ ᠵᠣᠷᠢᠭᠳᠠᠢ ᠡᠬᠦᠷᠬᠡᠯᠡᠵᠦ ᠬᠠᠮᠢᠶ᠎ᠠ ᠪᠦᠬᠦᠢ ᠠᠵᠢᠯ ᠢ ᠪᠠᠳᠣᠳᠠᠢ ᠰᠠᠶᠢᠨ ᠬᠢᠬᠦ ᠶᠢ | ᠵᠣᠷᠢᠭᠵᠢᠭᠤᠯᠬᠤ ᠶᠢᠨ ᠬᠠᠮᠲᠣ ᠳᠣᠰ ᠪᠡᠶ᠎ᠡ ᠶᠢᠨ ᠢᠶᠠᠨ ᠠᠮᠣᠷ ᠳᠦᠪᠰᠢᠨ ᠢ ᠠᠩᠬᠠᠷᠴᠦ ᠬᠠᠮᠠᠭᠠᠯᠠᠯᠳᠠ ᠶᠢᠨ ᠠᠵᠢᠯ ᠢ | ᠰᠠᠶᠢᠨ ᠬᠢᠰᠦᠬᠡᠢ ᠬᠡᠰᠡᠨ ᠪᠡᠶᠢᠨ᠎ᠠ᠃ | ᠵᠣᠣ ᠹᠧᠢ ᠯᠣ᠋ ᠱᠠᠭᠠᠷᠳᠠᠬᠤ ᠳᠠᠭᠠᠨ᠂ ᠡᠯ᠎ᠡ ᠰᠠᠯᠠᠭ᠎ᠠ ᠮᠦᠴᠢᠷ᠂ ᠨᠡᠶᠢᠬᠡᠮ ᠳᠣᠭᠤᠷᠢᠭ᠂ ᠠᠳᠠᠯ ᠠᠬᠤᠢ ᠶᠢᠨ | ᠺᠣᠮᠫᠠᠨᠢ ᠡᠬᠦᠷᠭᠡ ᠬᠠᠷᠢᠭᠤᠴᠠᠯᠭ᠎ᠠ ᠪᠠᠨ ᠡᠷᠡᠰ ᠴᠢᠩᠭ᠎ᠠ ᠪᠡᠶᠡᠯᠡᠬᠦᠯᠵᠦ ᠭᠤᠣᠯᠳᠠᠯᠭ᠎ᠠ ᠲᠠᠢ ᠬᠦᠮᠦᠰ ᠢ ᠪᠠᠶᠢᠴᠠᠭᠠᠨ | ᠡᠵᠡᠮᠳᠡᠬᠦ ᠰᠠᠭᠤᠷᠢᠨ ᠳᠡᠭᠡᠷ᠎ᠡ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠪᠠᠷᠢᠯ ᠢ ᠰᠠᠶᠢᠳᠣᠷ | ᠲᠤᠭᠤᠰᠢᠯᠠᠭᠤᠯᠵᠤ ᠭᠠᠳᠠᠨᠠᠬᠢ ᠶᠢᠨ ᠬᠦᠮᠦᠰ ᠢ ᠳᠠᠩᠰᠠᠯᠠᠨ ᠳᠡᠮᠳᠡᠭᠯᠡᠬᠦ ᠬᠠᠮᠢᠶᠠᠷᠣᠯᠳᠠ ᠶᠢ ᠴᠢᠩᠭᠠᠳᠬᠠᠨ ᠰᠢᠨ᠎ᠡ ᠪᠠᠷ | ᠢᠷᠡᠭᠰᠡᠨ ᠬᠦᠮᠦᠰ ᠤᠨ ᠪᠠᠶᠢᠳᠠᠯ ᠢ ᠴᠠᠭ ᠳᠣᠬᠠᠢ ᠳᠤᠨᠢ ᠤᠶᠢᠯᠠᠭᠠᠵᠤ ᠪᠦᠬᠦᠶᠢᠯᠡ ᠣᠷᠣᠵᠦ ᠭᠠᠷᠣᠭᠰᠠᠨ ᠬᠦᠮᠦᠰ᠂ | ᠳᠡᠷᠭᠡ ᠮᠠᠰᠢᠨ ᠢ ᠴᠦᠮ ᠳᠡᠮᠳᠡᠭᠯᠡᠭᠰᠡᠨ ᠪᠠᠶᠢᠬᠤ ᠶᠢ ᠪᠠᠲᠤᠯᠠᠨ ᠠᠷᠠᠳ ᠣᠯᠠᠨ ᠤ ᠪᠡᠶ᠎ᠡ ᠮᠠᠬᠠᠪᠤᠳ ᠤᠨ ᠡᠷᠡᠬᠦᠯ | ᠴᠢᠬᠢᠷᠠᠭ ᠪᠠ ᠠᠮᠢ ᠨᠠᠰᠣᠨ ᠤ ᠠᠮᠣᠷ ᠳᠦᠪᠰᠢᠨ ᠢ ᠬᠠᠮᠠᠭᠠᠯᠠᠬᠤ ᠬᠡᠷᠡᠭᠲᠡᠢ ᠬᠡᠪᠡ᠃ | ᠵᠣᠣ ᠹᠸᠢ ᠯᠦ ᠴᠢᠬᠤᠯᠠᠴᠢᠯᠠᠭᠰᠠᠨ ᠨᠢ᠂ ᠭᠢᠨᠠᠨ ᠵᠢᠯᠣᠭᠤᠳᠬᠤ ᠳᠤᠭᠤᠶᠢᠯᠠᠩ ᠤᠨ ᠵᠢᠭᠠᠵᠤ ᠭᠠᠷᠭᠠᠭᠰᠠᠨ | ᠠᠰᠠᠭᠤᠳᠠᠯ ᠢ ᠴᠠᠭ ᠲᠠᠷᠤᠢ ᠳᠤ ᠨᠢ ᠥᠭᠡᠷᠡᠴᠢᠯᠡᠬᠦ ᠬᠡᠷᠡᠭᠲᠡᠶ᠃ ᠣᠶᠢᠷ᠎ᠠ ᠶᠢᠨ ᠬᠤᠭᠤᠴᠠᠭ᠎ᠠ ᠪᠤᠯ ᠠᠵᠤ ᠠᠬᠤᠶᠢᠯᠠᠯ | ᠤᠨ ᠠᠵᠢᠯ ᠢᠶᠠᠨ ᠰᠡᠷᠭᠦᠭᠡᠵᠦ ᠠᠵᠢᠯᠳᠠᠨ ᠤ ᠠᠵᠢᠯ ᠤᠨ ᠪᠠᠶᠢᠷᠢ ᠳᠠᠭᠠᠨ ᠪᠤᠴᠠᠬᠤ ᠣᠷᠭᠢᠯ ᠤᠨ ᠬᠤᠭᠤᠴᠠᠭᠠᠨ ᠳᠤ | ᠪᠠᠶᠢᠵᠤ ᠲᠣᠤᠷᠵᠢᠭᠤᠯᠤᠭᠰᠠᠨ ᠬᠠᠮᠢᠶᠠᠷᠤᠯᠲᠠ ᠪᠠᠨ ᠴᠢᠩᠭᠠᠳᠬᠠᠵᠤ ᠲᠠᠷᠠᠭᠠᠯᠠᠨ ᠪᠠᠶᠢᠴᠠᠭᠠᠬᠤ ᠠᠵᠢᠯ ᠢ ᠤᠯᠠᠮ ᠨᠢᠭᠡ | ᠠᠯᠬᠤᠮ ᠭᠦᠨᠵᠡᠭᠡᠶᠢᠷᠡᠭᠦᠯᠬᠦ ᠶᠢᠨ ᠬᠠᠮᠲᠤ ᠲᠣᠮᠣ ᠲᠤᠭ᠎ᠠ ᠪᠠᠷᠢᠮᠳᠠ᠂ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ | ᠭᠦᠶᠴᠡᠳ ᠠᠰᠢᠭᠯᠠᠨ ᠲᠤᠭ᠎ᠠ ᠪᠠᠷᠢᠮᠲᠠ ᠶᠢ ᠬᠢᠨᠠᠨ ᠬᠠᠷᠢᠴᠠᠭᠤᠯᠵᠣ ᠳᠡᠭᠡᠭᠰᠢ ᠮᠡᠳᠡᠭᠦᠯᠦᠭᠰᠡᠨ ᠲᠤᠭ᠎ᠠ ᠪᠠᠷᠢᠮᠲᠠ ᠶᠢᠨ | ᠨᠠᠷᠢᠯᠢᠭ ᠣᠨᠣᠪᠴᠢ ᠲᠠᠢ ᠪᠠᠶᠢᠬᠤ ᠶᠢ ᠪᠠᠲᠤᠯᠠᠬᠤ ᠬᠡᠷᠡᠭᠲᠡᠶ᠃ ᠱᠠᠭᠠᠷᠳᠠᠨ ᠪᠠᠶᠢᠴᠠᠭᠠᠯᠳᠠ ᠪᠠᠨ ᠴᠢᠩᠭᠠᠳᠬᠠᠨ ᠡᠳᠦᠷ | ᠤᠨ ᠮᠡᠳᠡᠭᠦᠯᠦᠯᠲᠡ ᠶᠢᠨ ᠲᠦᠷᠢᠮ ᠢ ᠴᠢᠩᠭ᠎ᠠ ᠬᠡᠷᠡᠭᠵᠢᠬᠦᠯᠵᠤ ᠲᠠᠷᠠᠭᠠᠯᠠᠨ ᠪᠠᠶᠢᠴᠠᠭᠠᠬᠤ ᠡᠷᠴᠢᠮ ᠢᠶᠠᠨ | ᠴᠢᠩᠭᠠᠷᠠᠭᠤᠯᠤᠨ ᠰᠡᠷᠭᠡᠶᠢᠯᠡᠨ ᠡᠵᠡᠮᠳᠡᠬᠦ ᠠᠵᠢᠯ ᠢ ᠪᠣᠳᠠᠲᠠᠶ᠂ ᠨᠠᠷᠢᠯᠢᠭ᠂ ᠴᠢᠩᠭ᠎ᠠ ᠠᠳᠬᠤᠨ ᠡᠷᠲᠡ ᠢᠯᠡᠷᠡᠭᠦᠯᠬᠦ᠂ | ᠡᠷᠲᠡ ᠮᠡᠳᠡᠭᠦᠯᠬᠦ᠂ ᠡᠷᠲᠡ ᠣᠨᠣᠰᠢᠯᠠᠬᠤ᠂ ᠡᠷᠲᠡ ᠲᠤᠰᠠᠭᠠᠷᠯᠠᠬᠤ᠂ ᠡᠷᠲᠡ ᠡᠮᠨᠡᠭᠦᠯᠬᠦ ᠶᠢ ᠪᠠᠲᠤᠯᠠᠬᠤ ᠭᠡᠷᠡᠭᠳᠠᠢ | ᠭᠡᠵᠡᠢ᠃ | ᠬᠢᠨᠠᠨ ᠵᠢᠯᠣᠭᠤᠳᠬᠤ ᠳᠣᠭᠤᠶᠢᠯᠠᠩ ᠤᠨ ᠬᠢᠨ ᠭᠠᠯᠠᠭᠤᠲᠣ ᠪᠠᠯᠭᠠᠰᠣᠨ ᠤ ᠬᠤᠢ ᠹᠧᠩ ᠯᠢᠦᠢ ᠶᠤᠸᠠᠨ | ᠳᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠬᠡᠬᠦᠷ ᠲᠤ ᠬᠦᠷᠴᠦ ᠢᠳᠡᠰᠢᠨ ᠨᠣᠭᠤᠭ᠎ᠠ ᠶᠢᠨ ᠬᠠᠩᠭᠠᠯᠭ᠎ᠠ᠂ ᠨᠦᠬᠡᠴᠡ | ᠵᠢᠴᠢ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠪᠠᠷᠢᠯ ᠢ ᠲᠤᠭᠤᠰᠢᠯᠠᠭᠤᠯᠵᠤ ᠪᠠᠶᠢᠭ᠎ᠠ ᠪᠠᠶᠢᠳᠠᠯ ᠢ ᠨᠠᠷᠢᠨ | ᠣᠶᠢᠯᠠᠭᠠᠭᠰᠠᠨ ᠪᠠᠶᠢᠨ᠎ᠠ᠃ ᠬᠢᠨᠠᠨ ᠵᠢᠯᠣᠭᠤᠳᠬᠤ ᠳᠣᠭᠤᠶᠢᠯᠠᠩ ᠤᠨ ᠬᠢᠨ ᠮᠠᠨ ᠤ ᠬᠤᠰᠢᠭᠤᠨ ᠤ ᠵᠠᠬ᠎ᠠ ᠳᠡᠯᠭᠡᠭᠦᠷ | ᠶᠢᠨ ᠬᠢᠨᠠᠯᠲᠠ ᠬᠠᠮᠢᠶᠠᠷᠣᠯᠳᠠ ᠶᠢᠨ ᠳᠣᠪᠴᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠠᠷᠭ᠎ᠠ ᠪᠠᠷᠢᠯ | ᠢ ᠬᠦᠢᠴᠡᠳ ᠦᠨᠡᠯᠡᠬᠦ ᠶᠢᠨ ᠬᠠᠮᠲᠣ ᠬᠠᠩᠭᠠᠯᠭ᠎ᠠ ᠬᠦᠢᠴᠡᠳ ᠦᠨ᠎ᠡ ᠳᠣᠭᠳᠠᠭᠤᠨ ᠪᠠᠶᠢᠬᠤ ᠶᠢ ᠵᠣᠬᠢᠴᠠᠭᠤᠯᠵᠦ | ᠠᠷᠠᠳ ᠣᠯᠠᠨ ᠤ ᠡᠳᠦᠷ ᠳᠣᠳᠣᠮ ᠤᠨ ᠬᠡᠷᠡᠭᠴᠡᠭᠡ ᠶᠢ ᠬᠠᠩᠭᠠᠬᠤ ᠶᠢ ᠪᠠᠳᠣᠯᠠᠬᠤ ᠶᠢ ᠱᠠᠭᠠᠷᠳᠠᠵᠠᠢ᠃ | | | |