ᠮᠠᠨ ᠤ ᠬᠤᠰᠢᠭᠤ ︽ᠭᠤᠷᠪᠠᠨ ᠱᠠᠳᠣᠨ ᠤ ᠱᠦᠵᠢ︾ ᠬᠠᠮᠲᠣ ᠪᠠᠷ ᠬᠦᠴᠦᠯᠡᠵᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠠᠭᠦ ᠪᠠ ᠠᠵᠣ ᠠᠬᠤᠢ ᠨᠡᠶᠢᠬᠡᠮ ᠤᠨ ᠬᠦᠭᠵᠢᠯᠳᠡ ᠶᠢ ᠠᠭᠢᠭᠤᠯᠬᠤ ᠶᠢ ᠨᠢᠬᠡᠳᠦᠯᠳᠡᠢ ᠳᠦᠯᠦᠪᠵᠢᠬᠦᠯᠦᠨ ᠰᠠᠶᠢᠳᠣᠷ ᠠᠳᠬᠤᠵᠦ ᠪᠣᠢ
ᠨᠡᠶᠢᠲᠡᠯᠡᠭᠰᠡᠨ ᠴᠠᠭ᠄
2020-02-12
     ᠣᠳᠣᠬᠠᠨ ᠳᠤ ᠪᠤᠯ ᠶᠠᠭ ᠰᠢᠨ᠎ᠡ ᠳᠢᠳᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠵᠠᠩᠬᠢᠯᠠᠭ᠎ᠠ  ᠶᠢᠨ ᠴᠠᠭ ᠬᠤᠭᠤᠴᠠᠭ᠎ᠠ ᠪᠠᠶᠢᠵᠤ ᠮᠦᠨᠴᠦ ᠪᠦᠬᠦ ᠵᠢᠯ ᠤᠨ ᠡᠯ᠎ᠡ ᠳᠦᠷᠦᠯ ᠤᠨ ᠭᠤᠣᠯᠳᠠᠯᠭᠠᠲᠣ ᠡᠬᠦᠷᠭᠡ ᠶᠢ ᠡᠭᠢᠯᠠᠭᠦᠯᠭᠦ ᠴᠢᠬᠤᠯᠠ ᠬᠤᠭᠤᠴᠠᠭ᠎ᠠ ᠪᠤᠯᠤᠨ᠎ᠠ᠃ ᠤᠶᠢᠷ᠎ᠠ ᠶᠢᠨ ᠡᠳᠦᠷ ᠮᠠᠨ ᠤ ᠬᠤᠰᠢᠭᠤ ︽ᠭᠤᠷᠪᠠᠨ ᠱᠠᠳᠣᠨ ᠤ ᠱᠦᠵᠢ︾ ᠬᠠᠮᠳᠣ ᠪᠠᠷ ᠬᠦᠴᠦᠯᠡᠵᠦ ᠰᠢ ᠶᠢᠨ ᠫᠢᠩ ᠶᠡᠷᠦᠩᠬᠡᠢ ᠱᠦᠵᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠠᠭᠦ ᠴᠢᠬᠤᠯᠠ ᠵᠢᠭᠠᠪᠣᠷᠢ ᠪᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠣᠷᠣᠯᠴᠠᠨ ᠲᠤᠭᠤᠰᠢᠯᠠᠭᠤᠯᠵᠤ ᠡᠮᠤᠨ᠎ᠠ ᠹᠷᠤᠨᠲ ᠲᠤ ᠴᠣᠯᠭᠤᠷᠠᠨ ᠨᠢᠬᠡ ᠳᠠᠯ᠎ᠠ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠰᠠᠶᠢᠳᠣᠷ ᠠᠳᠬᠤᠵᠦ ᠨᠦᠬᠦᠬᠡ ᠳᠠᠯ᠎ᠠ ᠪᠠᠷ ᠠᠵᠢᠯ ᠦᠢᠯᠡᠳᠪᠦᠷᠢᠯᠡᠯ ᠢᠶᠠᠨ ᠰᠠᠷᠭᠦᠭᠡᠭᠦ ᠶᠢ ᠪᠠᠷᠢᠮᠳᠠᠯᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠠᠶᠢᠨ ᠪᠠ ᠠᠵᠣ ᠠᠬᠤᠢ ᠨᠡᠶᠢᠬᠡᠮ ᠤᠨ ᠬᠦᠭᠵᠢᠯᠳᠡ ᠶᠢᠨ ᠶᠡᠷᠦᠩᠬᠡᠢ ᠴᠣᠭᠴᠠ ᠶᠢᠨ ᠳᠠᠶᠢᠨ ᠢ ᠡᠷᠡᠰ ᠳᠡᠮᠡᠴᠡᠨ ᠢᠯᠠᠬᠤ ᠪᠠᠷ ᠭᠥᠴᠤᠯᠠᠵᠤ ᠪᠠᠶᠢᠨ᠎ᠠ᠃      ︽ᠭᠤᠷᠪᠠᠨ ᠱᠠᠳᠣᠨ ᠤ ᠱᠦᠵᠢ︾ ᠶᠢᠨ ᠣᠨᠣᠯ ᠤᠨ ᠰᠣᠷᠣᠯᠴᠠᠯᠭ᠎ᠠ᠂ ᠬᠦᠭᠵᠢᠯᠳᠡ ᠶᠢᠨ ᠰᠦᠪᠡᠭᠴᠢᠯᠡᠯ᠂ ᠬᠦᠴᠢᠷ ᠠᠰᠠᠭᠤᠳᠠᠯ ᠢ ᠰᠢᠢᠳᠪᠦᠷᠢᠯᠡᠬᠦ ᠠᠵᠢᠯ ᠤᠨ ᠳᠣᠭᠳᠠᠯᠴᠠᠭ᠎ᠠ ᠶᠢ ᠪᠠᠶᠢᠭᠤᠯᠬᠤ ᠨᠢ ᠮᠠᠨ ᠤ ᠬᠤᠰᠢᠭᠤ ᠰᠢ ᠶᠢᠨ ᠫᠢᠩ ᠤᠨ ᠰᠢᠨ᠎ᠡ ᠴᠠᠭ ᠦᠶ᠎ᠡ ᠳᠠᠬᠢ ᠳᠣᠮᠳᠠᠳᠣ ᠣᠯᠣᠰ ᠤᠨ ᠤᠨᠴᠠᠯᠢᠭ ᠲᠠᠢ ᠨᠡᠶᠢᠬᠡᠮ ᠵᠢᠷᠣᠮ ᠤᠨ ᠦᠵᠡᠯ ᠰᠠᠨᠠᠭ᠎ᠠ ᠪᠠ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠣᠷᠢᠵᠢᠭᠤᠯᠬᠤ  ᠶᠢᠨ ᠴᠢᠬᠤᠯᠠ ᠠᠷᠭ᠎ᠠ ᠪᠠᠷᠢᠯ ᠪᠠᠶᠢᠵᠦ ᠮᠦᠨᠴᠦ ᠰᠢ ᠶᠢᠨ ᠫᠢᠩ ᠶᠡᠷᠦᠩᠬᠡᠢ ᠱᠦᠵᠢ ᠶᠢᠨ ᠦᠪᠦᠷ ᠮᠣᠩᠭᠤᠯ ᠳᠤ ᠪᠠᠶᠢᠴᠠᠭᠠᠨ ᠰᠣᠳᠣᠯᠣᠯᠲᠠ ᠬᠢᠬᠦ ᠦᠶ᠎ᠡ ᠶᠢᠨ ᠴᠢᠬᠤᠯᠠ ᠶᠠᠷᠢᠶ᠎ᠠ᠂ ᠴᠢᠬᠤᠯᠠ ᠵᠢᠭᠠᠪᠣᠷᠢ ᠶᠢᠨ ᠵᠣᠷᠢᠭ ᠰᠠᠨᠠᠭ᠎ᠠ ᠪᠠ ᠳᠦᠪ᠂ ᠦᠪᠡᠷᠳᠡᠭᠡᠨ ᠵᠠᠰᠠᠬᠤ ᠣᠷᠣᠨ᠂ ᠬᠤᠳᠠ ᠶᠢᠨ ᠡᠯ᠎ᠡ ᠳᠦᠷᠦᠯ ᠤᠨ ᠰᠢᠢᠳᠪᠦᠷᠢᠲᠤ ᠪᠣᠳᠣᠯᠭ᠎ᠠ ᠶᠢ ᠳᠣᠬᠠᠢ  ᠶᠢᠨ ᠭᠠᠵᠠᠷ ᠣᠷᠣᠨ ᠳᠤ ᠵᠢᠩᠬᠢᠨᠢ ᠪᠠᠷ ᠨᠠᠶᠢᠳᠠᠪᠣᠷᠢᠵᠢᠭᠤᠯᠬᠤ ᠶᠢ ᠠᠳᠬᠤᠬᠤ ᠶᠢᠨ ᠭᠤᠣᠯ ᠠᠷᠭ᠎ᠠ ᠪᠣᠯᠣᠨ᠎ᠠ᠃ ᠨᠢᠳᠣᠨᠣᠨ ᠠᠴᠠ ᠨᠠᠰᠢ ᠡᠨᠡᠬᠦ ᠠᠵᠢᠯ ᠤᠨ ᠳᠣᠭᠳᠠᠯᠴᠠᠭ᠎ᠠ ᠨᠢ ᠭᠤᠷᠪᠠᠨ ᠶᠡᠭᠡ ᠪᠣᠭᠤᠮᠳᠠ ᠰᠢᠪᠳᠣᠯᠬᠤ ᠳᠠᠶᠢᠯᠠᠯᠳᠣᠭᠠᠨ᠂ ᠬᠦᠳᠡᠭᠡ ᠳᠣᠰᠬᠤᠨ ᠢ ᠬᠦᠭᠵᠢᠬᠦᠯᠦᠨ ᠮᠠᠨᠳᠣᠭᠤᠯᠬᠤ᠂ ᠠᠵᠣ ᠦᠢᠯᠡᠰ ᠤᠨ ᠬᠦᠭᠵᠢᠯᠲᠡ᠂ ᠠᠷᠠᠳ ᠤᠨ ᠠᠮᠢᠳᠣᠷᠠᠯ ᠤᠨ ᠪᠠᠳᠣᠯᠠᠭ᠎ᠠ ᠵᠡᠷᠭᠡ ᠭᠤᠣᠯᠳᠠᠯᠭᠠᠲᠣ ᠠᠵᠢᠯ ᠤᠨ ᠳᠠᠯ᠎ᠠ ᠪᠠᠷ ᠣᠬᠢ ᠰᠠᠶᠢᠨ ᠦᠷ᠎ᠡ ᠪᠦᠲᠦᠮᠵᠢ ᠶᠢ ᠣᠯᠣᠭᠰᠠᠨ ᠪᠠᠶᠢᠨ᠎ᠠ᠃      ᠬᠢᠵᠢᠭ ᠤᠨ ᠪᠠᠶᠢᠳᠠᠯ ᠢᠯᠡᠷᠡᠭᠰᠡᠨ ᠠᠴᠠ ᠨᠠᠰᠢ ᠬᠤᠰᠢᠭᠤ᠂ ᠰᠣᠮᠣ ᠪᠠᠯᠭᠠᠰᠣ᠂ ᠭᠠᠴᠠᠭ᠎ᠠ ᠳᠣᠰᠬᠤᠨ ᠨᠡᠶᠢᠬᠡᠮ ᠳᠣᠭᠤᠷᠢᠭ ᠤᠨ ︽ᠭᠤᠷᠪᠠᠨ ᠱᠠᠳᠣᠨ ᠤ ᠱᠦᠵᠢ︾ ᠬᠠᠮᠲᠣ ᠪᠠᠷ ᠬᠦᠴᠦᠯᠡᠵᠦ ᠡᠯ᠎ᠡ ᠰᠣᠮᠣ ᠪᠠᠯᠭᠠᠰᠣ ᠭᠠᠴᠠᠭ᠎ᠠ ᠳᠣᠰᠬᠤᠨ ᠢᠳᠡᠪᠬᠢᠲᠡᠢ ᠳᠠᠭᠠᠵᠦ ︽ᠪᠠᠶᠢᠯᠳᠣᠭᠠᠨ ᠤ ᠡᠩᠨᠡᠭᠡ︾᠂ ︽ᠵᠢᠳᠠ ᠶᠢᠨ ᠠᠩᠬᠢ︾ ᠶᠢ ᠵᠣᠬᠢᠶᠠᠨ ᠪᠠᠶᠢᠭᠤᠯᠵᠦ ︽ᠨᠠᠮ ᠤᠨ ᠬᠡᠰᠢᠬᠦᠨ ᠤ ᠬᠤᠰᠢᠭᠤᠴᠢ ᠠᠵᠢᠯ ᠤᠨ ᠪᠠᠶᠢᠷᠢ︾ ᠶᠢ ᠪᠣᠢ ᠪᠣᠯᠭᠠᠵᠦ ᠳᠦᠷ ᠴᠠᠭ ᠤᠨ ᠨᠠᠮ ᠤᠨ ᠡᠬᠦᠷ ᠢ ᠪᠠᠶᠢᠭᠤᠯᠤᠨ ᠨᠠᠮ ᠤᠨ ᠵᠣᠬᠢᠶᠠᠨ ᠪᠠᠶᠢᠭᠤᠯᠣᠯᠳᠠ ᠶᠢᠨ ᠳᠡᠮᠡᠴᠡᠯ ᠤᠨ ᠪᠠᠬᠢᠯᠡᠯᠳᠡ ᠶᠢᠨ ᠦᠢᠯᠡᠳᠦᠯ ᠪᠠ ᠨᠠᠮ ᠤ ᠬᠡᠰᠢᠬᠦᠨ ᠤ ᠳᠡᠷᠢᠬᠦᠨ ᠤ ᠵᠢᠱᠢᠶᠡᠴᠢ ᠦᠢᠯᠡᠳᠦᠯ ᠢ ᠬᠦᠢᠴᠡᠳ ᠪᠠᠳᠠᠷᠠᠭᠤᠯᠵᠤ ᠪᠠᠶᠢᠨ᠎ᠠ᠃ ᠡᠬᠦᠨ ᠤ ᠬᠠᠮᠲᠣ ᠬᠢᠵᠢᠭ ᠤᠨ ᠪᠠᠶᠢᠳᠠᠯ ᠤᠨ ᠡᠮᠦᠨ᠎ᠡ ᠹᠷᠤᠨᠲ ᠲᠤ ᠭᠠᠪᠰᠢᠭᠠᠶᠢᠯᠠᠬᠤ ᠨᠠᠮ ᠤᠨ ᠬᠡᠰᠢᠬᠦᠨ ᠺᠠᠳ᠋ᠷ ᠢ ᠪᠣᠯᠪᠠᠰᠣᠷᠠᠭᠤᠯᠣᠨ ᠬᠦᠮᠦᠵᠢᠬᠦᠯᠵᠤ ᠬᠢᠵᠢᠭ ᠤᠨ ᠪᠠᠶᠢᠳᠠᠯ ᠲᠠᠢ ᠳᠡᠮᠡᠴᠡᠬᠦ ᠳᠣᠮᠳᠠ ᠴᠣᠯᠭᠤᠷᠠᠨ ᠭᠠᠷᠣᠭᠰᠠᠨ ᠳᠡᠷᠢᠬᠦᠨ  ᠤ ᠨᠠᠮ ᠤᠨ ᠬᠡᠰᠢᠬᠦᠨ ᠢ ᠴᠠᠭ ᠳᠠᠷᠣᠢ ᠳᠤᠨᠢ ᠰᠠᠶᠢᠰᠢᠶᠠᠨ ᠬᠦᠬᠢᠬᠦᠯᠵᠦ ᠳᠡᠷᠢᠬᠦᠨ ᠤ ᠬᠤᠪᠢ ᠬᠦᠮᠦᠨ ᠢ ᠨᠠᠮ ᠤᠨ ᠵᠣᠬᠢᠶᠠᠨ ᠪᠠᠶᠢᠭᠤᠯᠣᠯᠳᠠ ᠳᠤ ᠬᠦᠯᠢᠶᠡᠨ ᠤᠷᠤᠭᠤᠯᠵᠤ ᠨᠠᠮ ᠤᠨ ᠳᠤᠭ ᠢ ᠡᠮᠤᠨ᠎ᠠ ᠹᠷᠣᠨᠲ ᠲᠤ ᠨᠠᠮᠢᠷᠠᠭᠤᠯᠵᠦ ᠨᠠᠮ   ᠤᠨ ᠰᠦᠯᠳᠡ ᠶᠢ ᠡᠮᠤᠨ᠎ᠠ ᠹᠷᠣᠨᠲ ᠲᠤ ᠬᠢᠯᠠᠯᠵᠠᠭᠤᠯᠵᠤ ᠪᠠᠶᠢᠨ᠎ᠠ᠃      ᠦᠨᠳᠦᠰᠦᠨ ᠱᠠᠳᠣᠨ ᠤ ᠰᠠᠭᠤᠷᠢ ᠶᠢ ᠪᠠᠳᠣᠳᠬᠠᠵᠦ ᠲᠤᠤᠷᠵᠢᠭᠤᠯᠤᠨ ᠪᠠᠶᠢᠴᠠᠭᠠᠵᠦ ᠬᠠᠮᠢᠶᠠᠷᠣᠨ ᠡᠵᠡᠮᠳᠡᠬᠦ᠂ ᠳᠣᠮᠣ ᠲᠤᠭ᠎ᠠ ᠪᠠᠷᠢᠮᠳᠠ ᠶᠢᠨ ᠠᠰᠢᠭᠯᠠᠯᠲᠠ ᠶᠢ ᠴᠢᠩᠭᠠᠳᠬᠠᠵᠦ ᠬᠡᠰᠡᠭ ᠭᠠᠴᠠᠭ᠎ᠠ ᠳᠣᠰᠬᠤᠨ ᠨᠡᠶᠢᠬᠡᠮ ᠳᠣᠭᠤᠷᠢᠭ  ᠨᠢ ︽ᠨᠢᠬᠡ ᠪᠠᠶᠢᠯᠳᠣᠭᠠᠨ ᠤ ᠵᠢᠷᠤᠭ ᠢᠶᠠᠷ ᠪᠠᠶᠢᠯᠳᠣᠵᠦ︾ ︽ᠪᠠᠶᠢᠯᠳᠣᠭᠠᠨ ᠤ ᠣᠷᠣᠨ︾ ᠬᠤᠪᠢᠶᠠᠨ ᠪᠠᠶᠢᠯᠳᠣᠵᠦ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ᠨᠢ ᠱᠠᠳᠤ ᠱᠠᠳᠤ ᠪᠠᠷ ᠬᠠᠮᠳᠤᠷᠠᠨ ᠬᠦᠳᠡᠯᠦᠯᠴᠡᠵᠤ ᠬᠦᠮᠦᠰ ᠤᠨ ᠰᠢᠯᠵᠢᠯᠲᠡ ᠶᠢᠨ ᠰᠣᠷᠠᠭ ᠵᠠᠩᠭᠢ ᠶᠢ ᠪᠣᠳᠠᠳᠣ ᠴᠠᠭ ᠲᠤ ᠨᠢ ᠣᠶᠢᠯᠠᠭᠠᠵᠤ ᠰᠠᠭᠤᠷᠢ ᠲᠤᠭ᠎ᠠ ᠶᠢ ᠲᠤᠳᠤᠷᠬᠠᠢ ᠪᠤᠯᠭᠠᠪᠠ᠃ ᠪᠦᠬᠦ ᠬᠤᠰᠢᠭᠤ ᠲᠠᠶᠠᠭᠠᠷ ᠢᠶᠠᠨ ᠤᠬᠠᠭᠤᠯᠭ᠎ᠠ ᠰᠤᠷᠳᠠᠯᠴᠢᠯᠠᠭ᠎ᠠ ᠶᠢᠨ ᠵᠢᠯᠤᠭᠤᠳᠤᠮᠵᠢ ᠶᠢᠨ ᠬᠦᠴᠦᠯᠡᠴᠡ  ᠶᠢ ᠤᠯᠠᠮ ᠨᠢᠭᠡ ᠠᠯᠬᠤᠮ ᠴᠢᠩᠭᠠᠳᠬᠠᠵᠤ ᠶᠡᠭᠡ ᠪᠠᠭ᠎ᠠ ᠯᠠᠪᠠᠷ᠂ ᠪᠢᠴᠢᠬᠠᠨ ᠤᠯᠠᠭᠠᠨᠮᠦ᠋ᠴᠢᠷ᠂ ︽ᠪᠠᠭ᠎ᠠ ᠭᠠᠷ ᠶᠡᠭᠡ ᠭᠠᠷ ᠢ ᠬᠦᠳᠦᠯᠬᠦ︾ ᠰᠠᠶᠢᠨ ᠲᠤᠷᠠᠴᠤᠳ ᠤᠨ ᠦᠢᠯᠡᠴᠢᠯᠡᠭᠡᠨ ᠤ ᠠᠩᠭᠢ ᠵᠡᠷᠭᠡ ᠤᠯᠠᠨ ᠠᠷᠭ᠎ᠠ ᠪᠠᠷᠢᠯ ᠢ ᠠᠰᠢᠭᠯᠠᠨ ᠰᠢᠨ᠎ᠡ ᠴᠠᠭ ᠦᠶ᠎ᠡ ᠶᠢᠨ ᠪᠤᠯᠪᠠᠰᠤᠨ ᠢ ᠦᠢᠯᠡᠳᠦᠯᠭᠡᠵᠢᠭᠦᠯᠬᠦ ᠡᠩᠨᠡᠭᠡ ᠶᠢᠨ ᠦᠢᠡᠯᠳᠦᠯ ᠢ ᠢᠳᠡᠪᠬᠢᠲᠠᠢ ᠪᠠᠷ ᠪᠠᠳᠠᠷᠠᠭᠤᠯᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠯᠭᠡ ᠶᠢ ᠶᠡᠭᠡ ᠬᠦᠴᠦᠨ ᠢᠶᠠᠷ ᠲᠦᠭᠡᠮᠡᠯᠵᠢᠭᠦᠯᠵᠤ ᠪᠦᠬᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠠᠷᠭ᠎ᠠ ᠪᠠᠷᠢᠯ᠂ ᠡᠮᠤᠨ᠎ᠠ ᠹᠷᠣᠨᠲ  ᠲᠤ ᠴᠤᠯᠭᠤᠷᠠᠭᠰᠠᠨ ᠲᠡᠷᠢᠭᠦᠨ ᠤ ᠬᠤᠪᠢ ᠬᠦᠮᠦᠨ ᠪᠠ ᠨᠡᠶᠢᠳᠡᠯᠢᠭ ᠵᠢᠱᠢᠶ᠎ᠡ ᠶᠢ ᠬᠦᠢᠴᠡᠳ ᠤᠬᠠᠭᠤᠯᠤᠨ ᠮᠡᠳᠡᠭᠡᠯᠡᠵᠦ  ᠬᠦᠮᠦᠰ ᠤᠨ ᠢᠳᠡᠭᠡᠯ ᠵᠤᠷᠢᠭ ᠢ ᠨᠡᠩ ᠴᠢᠩᠭᠠᠳᠬᠠᠵᠤ ᠰᠡᠳᠬᠢᠯ ᠰᠠᠨᠠᠭ᠎ᠠ ᠶᠢ ᠲᠤᠯᠠᠭᠠᠴᠠᠭᠤᠯᠤᠨ ᠠᠷᠠᠳ ᠤᠨ ᠰᠡᠳᠬᠢᠯ ᠢ ᠨᠢᠭᠲᠠᠷᠭᠤᠯᠤᠭᠰᠠᠨ ᠪᠠᠶᠢᠨ᠎ᠠ᠃ ᠪᠦᠬᠦ ᠬᠤᠰᠢᠭᠤ ᠲᠠᠶᠠᠭᠠᠷ ᠢᠶᠠᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠦᠳᠡᠯᠭᠡᠭᠡᠨ ᠤ ᠤᠬᠭᠠᠤᠯᠭ᠎ᠠ ᠶᠢ ᠭᠦᠨᠵᠡᠭᠡᠢ ᠦᠷᠨᠢᠭᠦᠯᠵᠤ ᠰᠠᠭᠤᠭᠠᠯᠢ ᠠᠷᠠᠳ  ᠤᠨ ᠤᠷᠢᠳᠴᠢᠯᠠᠨ ᠰᠡᠷᠭᠡᠶᠢᠯᠡᠬᠦ ᠪᠠᠷ ᠭᠤᠤᠯ ᠪᠤᠯᠭᠠᠵᠤ ᠶᠡᠭᠡ ᠡᠷᠡᠭᠦᠯ ᠡᠩᠭᠡ ᠶᠢᠨ ᠤᠶᠢᠯᠠᠭᠠᠭᠳᠠᠬᠤᠨ ᠢ ᠱᠤᠭᠤᠵᠤ ᠤᠯᠠᠨ ᠲᠦᠮᠡᠨ ᠤ ︽ᠡᠪᠡᠳᠴᠢᠨ ᠢᠶᠠᠷ ᠲᠠᠬᠢᠨ ᠶᠠᠳᠠᠭᠤᠷᠠᠬᠤ︾ ᠠᠴᠠ ᠰᠡᠷᠬᠡᠶᠢᠯᠡᠬᠦ ᠠᠷᠭ᠎ᠠ ᠪᠠᠷᠢᠯ ᠢ ᠲᠡᠭᠦᠯᠳᠡᠷᠵᠢᠭᠦᠯᠤᠨ ᠪᠦᠷᠢᠨᠰᠢᠬᠦᠯᠵᠤ ᠪᠠᠶᠢᠨ᠎ᠠ᠃ ᠬᠦᠮᠦᠰ ᠢ ᠴᠢᠩᠭ᠎ᠠ ᠬᠠᠮᠢᠶᠠᠷᠤᠨ ᠭᠠᠳᠠᠨ᠎ᠠ ᠠᠴᠠ ᠢᠷᠡᠬᠦ ᠬᠦᠮᠦᠰ ᠢ ᠴᠢᠩᠭ᠎ᠠ ᠪᠠᠶᠢᠴᠠᠭᠠᠵᠤ ᠨᠢᠭᠲᠠ ᠬᠠᠷᠢᠯᠴᠠᠭ᠎ᠠ ᠲᠠᠢ ᠬᠦᠮᠦᠰ ᠢ ᠴᠢᠩᠭ᠎ᠠ ᠲᠤᠰᠠᠭᠠᠷᠯᠠᠬᠤ ᠠᠷᠭ᠎ᠠ ᠬᠡᠮᠵᠢᠶ᠎ᠡ ᠶᠢ ᠠᠪᠴᠤ ᠬᠠᠮᠤᠭ ᠤᠨ ᠴᠢᠩᠭ᠎ᠠ ᠠᠵᠢᠯᠯᠠᠭ᠎ᠠ ᠶᠢᠨ ᠶᠠᠪᠤᠴᠠ ᠶᠢ ᠬᠡᠷᠡᠭᠵᠢᠭᠦᠯᠵᠤ ᠬᠠᠮᠤᠭ ᠤᠨ ᠴᠢᠩᠭ᠎ᠠ ᠲᠤᠤᠷᠵᠢᠭᠤᠯᠤᠯᠳᠠ ᠶᠢᠨ ᠬᠠᠷᠢᠭᠤᠴᠠᠯᠭ᠎ᠠ ᠶᠢ ᠨᠠᠶᠢᠳᠠᠪᠣᠷᠢᠵᠢᠭᠤᠯᠤᠨ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠡᠷᠡᠭᠦᠯ ᠮᠡᠨᠳᠤ ᠶᠢ ᠦᠨᠡᠨᠬᠦ ᠪᠠᠳᠤᠯᠠᠬᠤ ᠪᠠᠷ ᠴᠢᠷᠮᠠᠶᠢᠵᠤ ᠪᠠᠶᠢᠨ᠎ᠠ᠃      ᠡᠯ᠎ᠡ ᠱᠠᠳᠤᠨ ᠤ ᠱᠦᠵᠢ ᠬᠠᠮᠲᠣ ᠪᠠᠷ ᠪᠠᠶᠢᠴᠠᠭᠠᠨ ᠰᠣᠳᠣᠯᠣᠯᠲᠠ ᠬᠢᠵᠦ ᠪᠦᠬᠦ ᠬᠤᠰᠢᠭᠤᠨ ᠤ ᠡᠮ ᠡᠮᠨᠡᠯᠬᠡ ᠡᠷᠡᠬᠦᠯ ᠬᠠᠮᠠᠭᠠᠯᠠᠯ ᠤᠨ ᠰᠢᠰᠲ᠋ᠧᠮ ᠳᠤ ᠣᠷᠣᠰᠢᠵᠦ ᠪᠠᠶᠢᠭ᠎ᠠ ᠠᠰᠠᠭᠤᠳᠠᠯ ᠤᠨ ᠳᠣᠳᠠᠭᠤᠳᠠᠯ ᠢ ᠨᠠᠷᠢᠨ ᠣᠶᠢᠯᠠᠭᠠᠵᠦ ᠰᠠᠭᠤᠷᠢ ᠳᠦᠬᠦᠬᠡᠷᠦᠮᠵᠢ ᠪᠦᠷᠢᠨ ᠪᠣᠰᠣ᠂ ᠡᠮᠨᠡᠯᠬᠡ ᠶᠢᠨ ᠠᠵᠢᠯᠳᠠᠨ ᠬᠦᠷᠦᠯᠴᠡᠬᠦ ᠦᠬᠡᠢ᠂ ᠡᠷᠡᠬᠦᠯ ᠬᠠᠮᠠᠭᠠᠯᠠᠯ ᠤᠨ ᠪᠠᠶᠢᠭᠤᠯᠣᠮᠵᠢ ᠶᠢᠨ ᠪᠦᠷᠢᠨ ᠳᠡᠬᠦᠯᠳᠡᠷ ᠪᠣᠰᠣ ᠵᠡᠷᠭᠡ ᠠᠰᠠᠭᠤᠳᠠᠯ ᠳᠤ ᠴᠢᠭᠯᠡᠬᠦᠯᠤᠨ ᠦᠨᠡᠨᠬᠦ ᠬᠡᠷᠡᠭᠵᠢᠬᠦᠯᠵᠦ ᠪᠣᠯᠬᠤ ᠳᠦᠰᠦᠯ ᠠᠷᠭ᠎ᠠ ᠬᠡᠮᠵᠢᠶ᠎ᠡ ᠶᠢ ᠲᠤᠭᠳᠠᠭᠠᠨ ᠡᠷᠡᠬᠦᠯ ᠬᠠᠮᠠᠭᠠᠯᠠᠯ ᠡᠮ ᠡᠮᠨᠡᠯᠬᠡ ᠶᠢᠨ ᠪᠠᠶᠢᠭᠤᠯᠣᠮᠵᠢ ᠶᠢᠨ ᠡᠮᠴᠢᠯᠡᠬᠡᠨ  ᠤ ᠬᠠᠮᠲᠣ ᠶᠢᠨ ᠴᠣᠭᠴᠠ ᠶᠢᠨ ᠪᠠᠶᠢᠭᠤᠯᠣᠯᠲᠠ ᠶᠢ ᠳᠡᠬᠦᠯᠳᠡᠷᠵᠢᠬᠦᠯᠬᠦ ᠶᠢ ᠱᠠᠭᠠᠷᠳᠠᠵᠦ ᠠᠪᠣᠷᠠᠨ ᠡᠮᠨᠡᠬᠦ ᠴᠢᠳᠠᠪᠤᠷᠢ  ᠶᠢ ᠳᠡᠭᠡᠭᠰᠢᠯᠡᠬᠦᠯᠤᠨ ᠦᠷᠬᠡᠨ ᠣᠯᠠᠨ ᠳᠦᠮᠡᠨ ᠳᠤ ᠰᠢᠯᠢᠳᠡᠭ ᠦᠢᠯᠡᠴᠢᠯᠡᠭᠡ ᠬᠠᠩᠭᠠᠬᠤ ᠪᠠᠷ ᠴᠢᠷᠮᠠᠶᠢᠵᠤ ᠪᠠᠶᠢᠨ᠎ᠠ᠃      ᠡᠯ᠎ᠡ ᠱᠠᠳᠣᠨ ᠤ ᠱᠦᠵᠢ ᠳᠣᠰ ᠭᠠᠵᠠᠷ ᠣᠷᠣᠨ ᠳᠤ ᠰᠠᠭᠤᠷᠢᠰᠢᠭ᠎ᠠ ᠠᠵᠣ ᠠᠬᠤᠶᠢᠯᠠᠯ ᠲᠠᠢ ᠨᠢᠭᠲᠠ ᠬᠠᠷᠢᠯᠴᠠᠵᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠣᠷᠢᠳᠠᠯ ᠳᠣᠣᠷ᠎ᠠ ᠠᠵᠣ ᠠᠬᠤᠶᠢᠯᠠᠯ ᠤᠨ ᠠᠵᠢᠯ ᠦᠢᠯᠡᠳᠪᠦᠷᠢᠯᠡᠯ ᠢᠶᠠᠨ ᠰᠡᠷᠬᠦᠬᠡᠬᠦ ᠶᠢ ᠪᠦᠲᠦᠮᠵᠢᠲᠡᠢ ᠠᠬᠢᠭᠤᠯᠵᠦ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠪᠠᠷ ᠠᠵᠣ ᠠᠬᠤᠢ ᠶᠢᠨ ᠳᠣᠭᠳᠠᠭᠤᠨ ᠡᠷᠬᠢᠯᠳᠡ ᠶᠢ ᠪᠠᠳᠣᠯᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠢᠯ ᠦᠢᠯᠡᠳᠪᠦᠷᠢᠯᠡᠯ ᠢᠶᠠᠨ ᠰᠡᠷᠬᠦᠬᠡᠬᠦ ᠶᠢ ᠣᠯᠠᠨ ᠳᠠᠯ᠎ᠠ ᠪᠠᠷ ᠰᠦᠪᠡᠭᠴᠢᠯᠡᠵᠦ ᠡᠷᠳᠡ ᠦᠷ᠎ᠡ ᠪᠦᠲᠦᠮᠵᠢ ᠭᠠᠷᠭᠠᠬᠤ ᠶᠢ ᠪᠠᠳᠣᠯᠠᠬᠤ ᠶᠢᠨ ᠬᠠᠮᠲᠣ ᠬᠠᠳᠣᠨ ᠭᠤᠣᠯ ᠤᠨ ᠨᠢᠬᠡᠳᠦᠬᠡᠷ ᠳᠡᠰ ᠤᠨ ᠰᠠᠯᠪᠣᠷᠢ ᠣᠷᠣᠰᠬᠠᠯ ᠤᠨ ᠨᠡᠬᠡᠬᠡᠨ ᠠᠰᠢᠭᠯᠠᠯᠲᠠ ᠶᠢᠨ ᠬᠠᠮᠠᠭᠠᠯᠠᠯᠲᠠ᠂ ᠭᠤᠣᠯ ᠮᠦᠷᠡᠨ ᠨᠠᠭᠤᠷ ᠴᠦᠬᠦᠷᠦᠮ ᠤᠨ ᠳᠠᠷᠤᠭ᠎ᠠ ᠶᠢᠨ ᠳᠦᠷᠢᠮ ᠠᠵᠢᠯ ᠢ ᠣᠯᠠᠮ ᠨᠢᠬᠡ ᠠᠯᠬᠤᠮ ᠴᠢᠩᠭᠠᠳᠬᠠᠵᠦ ᠪᠣᠬᠢᠷᠳᠣᠯ ᠦᠬᠡᠢ ᠠᠮᠢ ᠠᠬᠤᠢ ᠶᠢᠨ ᠡᠷᠬᠢᠯᠳᠡ ᠶᠢᠨ ᠳᠦᠷᠦᠯ ᠵᠦᠢᠯ ᠤᠨ ᠰᠠᠭᠤᠷᠢᠰᠢᠨ ᠨᠣᠳᠣᠭᠰᠢᠬᠤ ᠪᠠ ᠠᠵᠣ ᠦᠢᠯᠡᠰ ᠤᠨ ᠬᠦᠭᠵᠢᠯᠳᠡ ᠶᠢ ᠵᠣᠷᠢᠭᠵᠢᠭᠤᠯᠣᠨ ᠳᠡᠮᠵᠢᠵᠤ ᠪᠤᠢ᠃ ᠨᠠᠮ ᠤᠨ ᠪᠠᠶᠢᠭᠤᠯᠣᠯᠲᠠ ᠪᠠᠷ ᠵᠢᠯᠣᠭᠤᠳᠣᠭᠤᠯᠤᠨ ᠨᠠᠮ ᠤᠨ ᠪᠠᠶᠢᠭᠤᠯᠣᠯᠲᠠ ᠶᠢᠨ ᠬᠤᠯᠪᠣᠭᠠᠲᠣ ᠴᠣᠭᠴᠠ ᠶᠢᠨ ᠨᠡᠷᠡᠲᠦ ᠳᠡᠮᠳᠡᠭ ᠢᠶᠠᠷ ᠳᠠᠮᠵᠢᠭᠤᠯᠵᠦ ᠬᠠᠪᠣᠷ ᠤᠨ ᠳᠠᠷᠢᠶᠠᠯᠠᠭ᠎ᠠ ᠶᠢᠨ ᠪᠡᠯᠡᠳᠭᠡᠯ ᠠᠵᠢᠯ ᠢ ᠵᠦᠢ ᠵᠣᠬᠢᠰᠳᠠᠢ ᠡᠮᠬᠢ ᠵᠢᠷᠣᠮ  ᠲᠠᠢ ᠶᠠᠪᠤᠭᠳᠠᠭᠤᠯᠤᠨ ᠬᠢᠮᠢ ᠶᠢᠨ ᠪᠣᠷᠳᠣᠭᠤᠷ᠂ ᠳᠠᠷᠢᠶᠠᠨ ᠦᠷ᠎ᠡ᠂ ᠳᠠᠷᠢᠶᠠᠨ ᠡᠮ ᠤᠨ ᠬᠠᠩᠭᠠᠯᠳᠠ ᠶᠢᠨ ᠪᠡᠯᠡᠳᠭᠡᠯ ᠠᠵᠢᠯ ᠢ ᠰᠠᠶᠢᠳᠣᠷ ᠬᠢᠵᠦ ᠦᠢᠯᠡᠳᠪᠦᠷᠢᠯᠡᠯ ᠪᠤᠷᠤᠯᠠᠭᠤᠯᠭ᠎ᠠ ᠶᠢ ᠬᠤᠯᠪᠤᠨ ᠭᠥᠯᠳᠡᠭᠡᠵᠤ ᠬᠦᠮᠦᠷᠭᠡᠯᠡᠬᠦ᠂ ᠨᠢᠳᠣᠯᠭᠠᠨ  ᠤ ᠭᠠᠵᠠᠷ ᠤᠨ ᠲᠦᠷᠢᠮᠵᠢᠭᠰᠡᠨ ᠪᠦᠲᠦᠬᠡᠨ ᠪᠠᠶᠢᠭᠤᠯᠣᠯᠲᠠ ᠶᠢᠨ ᠠᠵᠢᠯ ᠢ ᠨᠢᠬᠡᠳᠦᠯᠳᠡᠢ ᠲᠦᠯᠦᠪᠵᠢᠬᠦᠯᠦᠨ ᠰᠠᠶᠢᠳᠣᠷ ᠬᠢᠵᠤ ᠪᠠᠶᠢᠨ᠎ᠠ᠃ ᠬᠦᠳᠡᠭᠡ ᠳᠣᠰᠬᠤᠨ ᠢ ᠬᠦᠭᠵᠢᠬᠦᠯᠦᠨ ᠮᠠᠨᠳᠣᠭᠤᠯᠬᠤ ᠪᠠᠶᠢᠯᠳᠣᠬᠤ ᠪᠣᠳᠣᠯᠭ᠎ᠠ ᠶᠢ ᠬᠡᠷᠡᠭᠵᠢᠬᠦᠯᠦᠨ ᠶᠠᠳᠠᠭᠤ ᠠᠴᠠ ᠠᠩᠬᠢᠵᠢᠷᠠᠭᠤᠯᠬᠤ ᠰᠢᠪᠳᠣᠯᠣᠯᠲᠠ ᠶᠢᠨ ᠳᠠᠶᠢᠯᠠᠯᠳᠣᠭᠠᠨ ᠢ ᠠᠬᠢᠭᠤᠯᠵᠤ ᠠᠷᠠᠳ ᠳᠦᠮᠡᠨ ᠤ ᠠᠰᠢᠭ ᠬᠦᠷᠳᠡᠭᠰᠡᠨ ᠳᠦᠷᠦᠭᠳᠡᠯ ᠢ ᠳᠡᠭᠡᠭᠰᠢᠯᠡᠬᠦᠯᠬᠦ ᠪᠠᠷ ᠭᠤᠣᠯ ᠪᠣᠯᠭᠠᠵᠦ ︽ᠨᠠᠮ ᠤᠨ ᠡᠬᠦᠷ + ᠠᠵᠣ ᠠᠬᠤᠶᠢᠯᠠᠯ + ᠬᠤᠷᠰᠢᠶᠠᠵᠢᠯ + ᠶᠠᠳᠠᠭᠤ ᠡᠷᠦᠬᠡ︾ ᠬᠡᠬᠦ ᠠᠰᠢᠭ ᠳᠣᠰᠠ ᠶᠢ ᠬᠤᠯᠪᠣᠭᠠᠯᠠᠭᠰᠠᠨ ᠳᠣᠭᠳᠠᠴᠠ ᠶᠢ ᠪᠠᠶᠢᠭᠤᠯᠵᠦ ᠬᠦᠭᠵᠢᠯᠳᠡ ᠶᠢᠨ ᠳᠣᠳᠠᠭᠤᠳᠠᠯ ᠢ ᠨᠦᠬᠦᠪᠦᠷᠢᠯᠡᠵᠦ ᠣᠷᠣᠨ ᠪᠦᠰᠡ ᠶᠢᠨ ᠬᠦᠭᠵᠢᠯᠳᠡ ᠶᠢ ᠰᠠᠶᠢᠳᠣᠷ ᠬᠦᠳᠦᠯᠦᠨ ᠳᠠᠭᠠᠭᠤᠯᠵᠤ ᠪᠠᠶᠢᠨ᠎ᠠ᠃      ᠮᠠᠨ ᠤ ᠬᠤᠰᠢᠭᠤ ︽ᠭᠤᠷᠪᠠᠨ ᠱᠠᠳᠣᠨ ᠤ ᠱᠦᠵᠢ︾ ᠡᠮᠦᠨ᠎ᠡ ᠡᠩᠨᠡᠬᠡᠨ ᠳᠤ ᠶᠠᠪᠣᠵᠦ ᠪᠣᠳᠠᠳᠠᠢ ᠭᠠᠵᠠᠷ ᠲᠤ ᠠᠵᠢᠯᠯᠠᠵᠦ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠳᠠᠶᠢᠨ ᠪᠠ ᠬᠦᠭᠵᠢᠯᠳᠡ ᠶᠢᠨ ᠶᠡᠷᠦᠩᠬᠡᠢ ᠴᠣᠭᠴᠠ ᠶᠢᠨ ᠳᠠᠶᠢᠨ ᠤ ᠳᠣᠮᠳᠠ ᠡᠯ᠎ᠡ ᠱᠠᠳᠣᠨ ᠤ ᠨᠠᠮ ᠤᠨ ᠵᠣᠬᠢᠶᠠᠨ ᠪᠠᠶᠢᠭᠤᠯᠣᠯᠳᠠ ᠪᠣᠯᠣᠨ ᠦᠷᠬᠡᠨ ᠣᠯᠠᠨ ᠨᠠᠮ ᠤᠨ ᠬᠡᠰᠢᠬᠦᠨ ᠺᠠᠳ᠋ᠷ ᠢ ᠪᠦᠯᠬᠦᠮᠳᠡᠬᠦᠯᠦᠨ ᠳᠠᠭᠠᠭᠤᠯᠵᠦ ᠬᠠᠷᠢᠭᠤᠴᠠᠯᠭ᠎ᠠ ᠡᠬᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠨ ᠪᠦᠬᠦ ᠬᠤᠰᠢᠭᠤᠨ ᠤ ᠠᠷᠠᠳ ᠳᠦᠮᠡᠨ ᠤ ᠵᠣᠯ ᠵᠢᠷᠭᠠᠯᠲᠣ ᠲᠦᠷᠦᠭᠳᠡᠯ᠂ ᠠᠰᠢᠭ ᠬᠦᠷᠳᠡᠭᠰᠡᠨ ᠲᠦᠷᠦᠭᠳᠡᠯ᠂ ᠠᠮᠣᠷ ᠳᠠᠶᠢᠪᠣᠩ ᠲᠦᠷᠦᠭᠳᠡᠯ ᠢ ᠳᠠᠰᠣᠷᠠᠯᠳᠠ ᠦᠬᠡᠢ ᠳᠡᠭᠡᠭᠰᠢᠯᠡᠬᠦᠯᠵᠤ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号