2 ᠰᠠᠷ᠎ᠠ ᠶᠢᠨ 11 ᠤ ᠡᠳᠤᠷ᠂ ᠮᠠᠨ ᠤ ᠬᠤᠰᠢᠭᠤ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ | ᠬᠤᠷᠢᠶᠠᠨ ᠤ ᠬᠤᠷᠠᠯ ᠵᠢᠴᠢ ᠬᠤᠰᠢᠭᠤᠨ ᠤ ᠰᠢᠨ᠎ᠠ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ | ᠠᠭᠤᠰᠬᠢᠨ ᠦᠷᠪᠢᠰᠦᠯ ᠤᠨ ᠭᠢᠵᠢᠭ ᠤᠨ ᠪᠠᠶᠢᠳᠠᠯ ᠢ ᠰᠠᠷᠭᠡᠶᠢᠯᠠᠨ ᠡᠵᠡᠮᠳᠡᠬᠦ ᠠᠵᠢᠯ ᠤᠨ ᠤᠳᠤᠷᠢᠳᠬᠤ ᠳᠤᠭᠤᠶᠢᠯᠠᠩ | ᠤᠨ ᠲᠠᠪᠤᠳᠤᠭᠠᠷ ᠤᠳᠠᠭᠠᠨ ᠤ ᠬᠤᠷᠠᠯ ᠢ ᠬᠤᠷᠠᠯᠳᠤᠭᠤᠯᠤᠭᠰᠠᠨ ᠪᠠᠶᠢᠨ᠎ᠠ᠃ ᠬᠤᠷᠠᠯ ᠳᠡᠭᠡᠷ᠎ᠡ ᠲᠡᠭᠡᠳᠤ ᠱᠠᠳᠤᠨ ᠤ | ᠭᠢᠵᠢᠭ ᠤᠨ ᠪᠠᠶᠢᠳᠠᠯ ᠢ ᠰᠠᠷᠭᠡᠶᠢᠯᠠᠨ ᠡᠵᠡᠮᠳᠡᠬᠦ ᠠᠵᠢᠯ ᠤᠨ ᠬᠤᠯᠪᠤᠭᠳᠠᠯ ᠪᠥᠭᠦᠢ ᠱᠠᠭᠠᠷᠳᠠᠯᠭ᠎ᠠ ᠶᠢ ᠤᠯᠠᠮᠵᠢᠯᠠᠨ | ᠰᠤᠷᠤᠯᠴᠠᠵᠤ ᠲᠠᠷᠠᠭᠠᠴᠢ ᠶᠢᠨ ᠠᠯᠬᠤᠮ ᠤᠨ ᠭᠢᠵᠢᠭ ᠤᠨ ᠪᠠᠶᠢᠳᠠᠯ ᠢ ᠰᠠᠷᠭᠡᠶᠢᠯᠠᠨ ᠡᠵᠡᠮᠳᠡᠬᠦ ᠪᠠ ᠪᠥᠭᠦ ᠬᠤᠰᠢᠭᠤᠨ | ᠤ ᠠᠵᠤ ᠠᠬᠤᠢ ᠨᠡᠶᠢᠭᠡᠮ ᠤᠨ ᠭᠥᠭᠵᠢᠯᠳᠠ ᠶᠢᠨ ᠡᠯ᠎ᠠ ᠲᠥᠷᠥᠯ ᠤᠨ ᠠᠵᠢᠯ ᠳᠤ ᠪᠠᠶᠢᠷᠢᠯᠠᠭᠤᠯᠤᠯᠳᠠ ᠭᠢᠪᠠ᠃ | | | | | | | ᠬᠤᠷᠠᠯ ᠢ ᠸᠢᠳᠢᠤ᠋ ᠬᠤᠷᠠᠯ ᠤᠨ ᠭᠡᠯᠪᠠᠷᠢ ᠪᠠᠷ ᠬᠤᠷᠠᠯᠳᠤᠭᠤᠯᠵᠤ ᠬᠤᠰᠢᠭᠤ ᠨᠠᠮ ᠤᠨ ᠬᠤᠷᠢᠶᠠᠨ ᠤ ᠱᠥᠵᠢ | ᠡᠷᠳᠡᠨᠢᠪᠢᠯᠢᠭ ᠬᠤᠷᠠᠯ ᠢ ᠡᠷᠭᠢᠯᠠᠭᠦ ᠶᠢᠨ ᠬᠠᠮᠳᠤ ᠶᠠᠷᠢᠶ᠎ᠠ ᠲᠠᠯᠪᠢᠵᠤ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ | ᠬᠤᠰᠢᠭᠤ ᠲᠠᠷᠤᠭ᠎ᠠ ᠵᠤᠤ ᠹᠸᠢ ᠯᠤ᠋ ᠠᠵᠢᠯ ᠤᠨ ᠪᠠᠶᠢᠷᠢᠯᠠᠭᠤᠯᠤᠯᠳᠠ ᠭᠢᠵᠤ ᠬᠤᠰᠢᠭᠤ ᠠᠷᠠᠳ ᠤᠨ ᠲᠥᠯᠥᠭᠡᠯᠡᠭᠴᠢᠳ | ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ ᠪᠤᠶᠠᠠᠮᠠᠠᠳᠤᠬᠤ ᠵᠢᠴᠢ ᠡᠯ᠎ᠠ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠬᠤᠰᠢᠭᠤ ᠳᠡᠳ᠋ ᠳᠠᠷᠤᠭ᠎ᠠ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠭᠤᠤᠯ ᠬᠤᠷᠠᠯ ᠤᠨ ᠲᠠᠯᠠᠪᠠᠶ ᠳᠤ ᠬᠤᠷᠠᠯ ᠳᠤ ᠤᠷᠤᠯᠴᠠᠨ ᠡᠯ᠎ᠡ ᠠᠵᠤ ᠠᠬᠤᠶ ᠶᠢᠨ ᠨᠡᠭᠡᠭᠡᠯᠲᠡ | ᠶᠢᠨ ᠲᠤᠭᠤᠷᠢᠭ ︵ᠬᠦᠷᠢᠶᠡᠯᠡᠩ ᠲᠣᠭᠤᠷᠢᠭ︶᠂ ᠡᠯ᠎ᠡ ᠰᠤᠮᠤ ᠪᠠᠯᠭᠠᠰᠤᠨ ᠤ ᠭᠤᠤᠯ ᠬᠠᠷᠢᠭᠤᠴᠠᠯᠭᠠᠲᠠᠨ ᠬᠤᠪᠢᠶᠠᠷᠢ | ᠬᠤᠷᠠᠯ ᠤᠨ ᠲᠠᠯᠠᠪᠠᠶ ᠶᠢᠨ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ ᠶᠡᠷᠦᠩᠬᠡᠶ ᠱᠦᠵᠢ ᠰᠢ ᠶᠢᠨ ᠫᠢᠩ ᠤᠨ ᠪᠡᠭᠡᠵᠢᠩ ᠬᠤᠲᠠ ᠳᠤ ᠰᠢᠨ᠎ᠠ ᠬᠡᠯᠪᠡᠷᠢ ᠶᠢᠨ | ᠲᠢᠳᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠬᠤ ᠳᠠᠭᠠᠨ ᠶᠠᠷᠢᠭᠰᠠᠨ ᠶᠠᠷᠢᠶᠠᠨ ᠤ ᠵᠣᠷᠢᠭ ᠰᠠᠨᠠᠭ᠎ᠠ᠂ | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ ᠵᠢᠴᠢ ᠪᠤᠰᠤᠳ | ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠠᠨ ᠪᠥᠭᠡᠳ ᠨᠢᠭᠡᠳ ᠨᠢᠭᠡ | ᠪᠠᠷ ᠪᠣᠳᠠᠲᠠᠶ ᠪᠠᠶᠢᠷᠢᠯᠠᠭᠤᠯᠤᠯᠳᠠ ᠬᠢᠪᠠ᠃ | | | | | | | ᠡᠷᠳᠡᠨᠢᠪᠢᠯᠢᠭ ᠴᠢᠬᠤᠯᠠᠴᠢᠯᠠᠭᠰᠠᠨ ᠨᠢ᠂ ᠣᠳᠣᠬᠠᠨ ᠳᠤ ᠶᠠᠭ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ | ᠭᠥᠭᠵᠢᠯᠳᠠ ᠶᠢᠨ ᠪᠠᠶᠢᠳᠠᠯ ᠤᠨ ᠵᠠᠩᠭᠢᠯᠠᠭ᠎ᠠ ᠶᠢᠨ ᠭᠤᠭᠴᠤᠭ᠎ᠠ ᠪᠤᠯᠬᠤᠷ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠤ ᠰᠡᠳᠬᠢᠮᠵᠢ ᠪᠠᠨ ᠰᠢᠨᠠᠳᠭᠡᠨ | ᠣᠨᠣᠪᠴᠢᠲᠠᠶ ᠠᠷᠭ᠎ᠠ ᠪᠣᠳᠣᠯᠭ᠎ᠠ ᠬᠡᠷᠡᠭᠵᠢᠭᠦᠯᠵᠦ ᠴᠢᠩᠭ᠎ᠠ ᠬᠠᠮᠢᠶᠠᠷᠤᠨ ᠡᠵᠡᠮᠳᠡᠬᠦ ᠬᠡᠷᠡᠭᠲᠡᠶ᠃ ᠠᠮᠠᠷᠠᠯᠳᠠ ᠶᠢᠨ | ᠳᠠᠷᠠᠭ᠎ᠠ ᠪᠤᠴᠠᠵᠤ ᠢᠷᠡᠬᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ ᠡᠮᠴᠢᠯᠡᠭᠡ ᠪᠠᠷ | ᠠᠪᠤᠷᠠᠨ ᠵᠠᠰᠠᠬᠤ ᠰᠣᠷᠢᠯᠲᠠ ᠶᠢᠨ ᠠᠵᠢᠯ ᠢ ᠴᠢᠩᠭᠠᠳᠬᠠᠨ ᠡᠮᠴᠢ ᠰᠤᠪᠢᠯᠠᠭᠴᠢᠳ ᠢ ᠰᠡᠷᠭᠡᠶᠢᠯᠡᠨ ᠬᠠᠮᠠᠭᠠᠯᠠᠵᠤ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠰᠢᠬᠦ ᠬᠡᠷᠡᠭᠲᠡᠶ᠃ | ᠤᠯᠠᠨ ᠢᠶᠠᠷ ᠢᠶᠠᠨ ᠰᠠᠷᠭᠡᠶᠢᠯᠠᠨ ᠤᠯᠠᠨ ᠢᠶᠠᠷ ᠢᠶᠠᠨ ᠡᠵᠡᠮᠳᠡᠬᠦ᠂ ᠬᠤᠯᠪᠤᠭᠠᠯᠠᠨ ᠰᠠᠷᠭᠡᠶᠢᠯᠠᠵᠤ ᠬᠤᠯᠪᠤᠭᠠᠯᠠᠨ ᠡᠵᠡᠮᠳᠡᠬᠦ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ ᠤᠬᠠᠭᠤᠯᠬᠤ ᠪᠠᠨ ᠴᠢᠩᠭᠠᠳᠬᠠᠨ ᠣᠯᠠᠨ ᠲᠦᠮᠡᠨ ᠤ ᠬᠦᠴᠦᠨ ᠢ | ᠳᠠᠶᠢᠴᠢᠯᠠᠵᠤ ᠡᠯ᠎ᠡ ᠵᠦᠶᠯ ᠤᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠭᠡᠷᠡᠭᠳᠠᠢ᠃ | ᠲᠤᠰᠠᠭᠠᠷᠯᠠᠬᠤ ᠠᠷᠭ᠎ᠠ ᠬᠡᠮᠵᠢᠶ᠎ᠡ ᠪᠠᠨ ᠴᠢᠩᠭᠠᠳᠬᠠᠨ ᠨᠢᠭᠲᠠ ᠣᠶᠢᠷᠠᠲᠤᠭᠰᠠᠨ ᠵᠢᠴᠢ ᠬᠢᠵᠢᠭ ᠤᠨ ᠪᠠᠶᠢᠳᠠᠯ ᠨᠡᠯᠢᠶᠡᠳ | ᠬᠦᠨᠳᠦ ᠭᠠᠵᠠᠷ ᠣᠷᠣᠨ ᠤ ᠭᠥᠮᠤᠰ ᠤᠨ ᠮᠠᠨ ᠤ ᠬᠤᠰᠢᠭᠤᠨ ᠳᠤ ᠢᠷᠡᠭᠰᠠᠳ ᠲᠤ ᠠᠨᠠᠭᠠᠬᠤ ᠤᠬᠠᠭᠠᠨ ᠤ | ᠲᠥᠪᠯᠡᠷᠡᠩᠭᠦᠶ ᠠᠵᠢᠭᠯᠠᠯᠲᠠ ᠪᠠ ᠲᠤᠰᠠᠭᠠᠷᠯᠠᠯᠲᠠ ᠬᠢᠬᠦ ᠬᠡᠷᠡᠭᠲᠡᠶ᠃ ᠲᠣᠮᠣ ᠲᠤᠭ᠎ᠠ ᠪᠠᠷᠢᠮᠳᠠ ᠶᠢᠨ ᠲᠠᠪᠴᠠᠩ ᠢ | ᠭᠡᠷᠡᠭᠯᠠᠨ ᠲᠤᠭ᠎ᠠ ᠪᠠᠷᠢᠮᠳᠠ ᠶᠢ ᠴᠤᠭᠯᠠᠭᠤᠯᠬᠤ᠂ ᠵᠠᠳᠠᠯᠬᠤ᠂ ᠡᠮᠬᠢᠯᠡᠬᠦ ᠠᠵᠢᠯ ᠢ ᠴᠢᠩᠭᠠᠳᠬᠠᠨ ᠪᠥᠬᠦ ᠬᠤᠰᠢᠭᠤᠨ ᠤ | ᠡᠯ᠎ᠡ ᠲᠥᠷᠤᠯ ᠤᠨ ᠰᠡᠷᠭᠡᠶᠢᠯᠡᠨ ᠡᠵᠡᠮᠳᠡᠬᠦ ᠡᠭᠦᠷᠭᠡ ᠶᠢ ᠨᠠᠷᠢᠯᠢᠭ ᠨᠠᠶᠢᠳᠠᠪᠤᠷᠢᠵᠢᠭᠤᠯᠬᠤ ᠬᠡᠷᠡᠭᠲᠡᠶ᠃ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠳᠤᠮᠳᠠ ᠴᠣᠯᠭᠤᠷᠠᠨ ᠭᠠᠷᠤᠭᠰᠠᠨ ᠲᠠᠷᠢᠭᠦᠨ ᠤ ᠨᠡᠶᠢᠲᠡᠯᠢᠭ ᠵᠢᠱᠢᠶ᠎ᠡ | ᠰᠠᠶᠢᠨ ᠠᠷᠭ᠎ᠠ ᠲᠤᠷᠰᠢᠯᠭ᠎ᠠ ᠶᠢ ᠤᠬᠠᠭᠤᠯᠤᠨ ᠳᠡᠯᠭᠡᠷᠡᠭᠦᠯᠬᠦ ᠬᠡᠷᠡᠭᠲᠡᠶ᠃ ᠥᠢᠯᠡᠳᠪᠤᠷᠢᠯᠠᠯ ᠢ ᠰᠡᠷᠭᠦᠭᠡᠬᠦ᠂ ᠠᠵᠤ | ᠠᠬᠤᠶᠢᠯᠠᠯ ᠤᠨ ᠠᠵᠢᠯ ᠢᠶᠠᠨ ᠰᠡᠷᠭᠦᠭᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ ᠡᠯ᠎ᠡ ᠵᠦᠶᠯ ᠤᠨ | ᠭᠤᠤᠯᠳᠠᠯᠭ᠎ᠠ ᠲᠠᠢ ᠠᠵᠢᠯ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠠᠳᠬᠤᠵᠤ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠳᠤ ᠨᠠᠩ ᠰᠠᠶᠢᠨ ᠪᠠᠲᠤᠯᠠᠭ᠎ᠠ ᠬᠠᠩᠭᠠᠵᠤ ᠠᠵᠤ ᠠᠬᠤᠶ ᠨᠡᠶᠢᠭᠡᠮ ᠤᠨ ᠬᠡᠪ ᠤᠨ ᠡᠮᠬᠢ ᠳᠢᠭᠯᠢᠮ | ᠢ ᠬᠠᠮᠠᠭᠠᠯᠠᠬᠤ ᠬᠡᠷᠡᠭᠲᠡᠶ ᠭᠡᠵᠡᠢ᠃ | | | | | | | ᠲᠠᠷᠠᠭᠠᠴᠢ ᠶᠢᠨ ᠱᠠᠲᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ | ᠲᠤᠬᠠᠢ ᠵᠣᠣ ᠹᠸᠢ ᠯᠦ ᠴᠢᠬᠤᠯᠠᠴᠢᠯᠠᠭᠰᠠᠨ ᠨᠢ᠂ ᠣᠳᠣᠬᠠᠨ ᠳᠤ ᠶᠠᠭ ᠰᠠᠶᠢᠬᠠᠨ ᠬᠥᠮᠦᠰ ᠤᠨ ᠪᠤᠴᠠᠵᠤ ᠢᠷᠠᠭᠦ | ᠣᠷᠭᠢᠯ ᠤᠨ ᠬᠤᠭᠤᠴᠠᠭ᠎ᠠ ᠪᠤᠯᠬᠤᠷ ᠪᠥᠬᠦ ᠬᠤᠰᠢᠭᠤ ᠪᠠᠷ ᠢᠶᠠᠨ ᠦᠵᠡᠯ ᠰᠠᠨᠠᠭ᠎ᠠ ᠪᠠᠨ ᠨᠢᠭᠡᠳᠭᠡᠨ ᠪᠠᠶᠢᠴᠠᠭᠠᠬᠤ | ᠴᠡᠭ᠂ ᠰᠠᠭᠤᠭᠠᠯᠢ ᠲᠣᠭᠤᠷᠢᠭ ᠤᠨ ᠵᠢᠵᠢᠭᠦᠷᠯᠡᠨ ᠰᠠᠬᠢᠬᠤ ᠭᠠᠵᠠᠷ ᠭᠠᠳᠠᠭᠰᠢ ᠭᠠᠷᠴᠤ ᠪᠤᠴᠠᠵᠤ ᠢᠷᠡᠭᠰᠡᠨ ᠬᠥᠮᠦᠰ | ᠠᠴᠠ ᠪᠠᠶᠢᠳᠠᠯ ᠢ ᠨᠠᠷᠢᠨ ᠠᠰᠠᠭᠤᠵᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ | ᠬᠡᠷᠡᠭᠲᠡᠶ᠃ ᠡᠯ᠎ᠡ ᠰᠤᠮᠤ ᠪᠠᠯᠭᠠᠰᠤ᠂ ᠰᠠᠯᠠᠭ᠎ᠠ ᠮᠥᠴᠢᠷ᠂ ᠲᠣᠮᠣ ᠠᠵᠤ ᠠᠬᠤᠶᠢᠯᠠᠯ ᠬᠠᠷᠢᠭᠤᠴᠠᠯᠭ᠎ᠠ ᠶᠢ | ᠪᠣᠳᠠᠲᠠᠶᠢᠵᠢᠭᠤᠯᠤᠨ ᠲᠡᠭᠡᠳᠤ ᠬᠡᠮᠵᠢᠶ᠎ᠡ ᠪᠠᠷ ᠬᠠᠷᠢᠭᠤᠴᠠᠵᠤ ᠠᠵᠢᠯᠳᠠᠳ ᠤᠨ ᠠᠵᠢᠯ ᠤᠨ ᠪᠠᠶᠢᠷᠢ ᠳᠠᠭᠠᠨ ᠪᠤᠴᠠᠬᠤ | ᠠᠵᠢᠯ ᠢ ᠰᠠᠶᠢᠲᠤᠷ ᠬᠢᠵᠦ ᠬᠡᠪ ᠤᠨ ᠦᠶᠯᠡᠳᠪᠦᠷᠢᠯᠡᠯ ᠡᠵᠠᠩᠨᠠᠯᠳᠠ ᠶᠢᠨ ᠡᠮᠬᠢ ᠳᠢᠭᠯᠢᠮ ᠢ ᠠᠯᠬᠤᠮ ᠠᠯᠬᠤᠮ ᠢᠶᠠᠷ | ᠰᠡᠷᠭᠦᠭᠡᠬᠦ ᠶᠢᠨ ᠬᠠᠮᠲᠤ ᠬᠢᠵᠢᠭ ᠡᠪᠡᠳᠴᠢᠨ ᠲᠠᠷᠬᠠᠬᠤ ᠶᠢ ᠬᠤᠷᠢᠭᠯᠠᠨ ᠵᠣᠭᠰᠣᠭᠠᠵᠤ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠲᠠᠶᠢᠯᠠᠯᠳᠤᠭᠠᠨ ᠤ ᠢᠯᠠᠯᠲᠠ ᠶᠢ ᠡᠷᠡᠰ ᠣᠯᠬᠤ ᠬᠡᠷᠡᠭᠲᠡᠶ᠃ ᠭᠠᠵᠠᠷ ᠰᠢᠷᠣᠶ ᠶᠢ ᠡᠮᠬᠢᠯᠡᠨ | ᠴᠡᠭᠴᠡᠯᠡᠬᠦ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ᠂ ᠪᠣᠷᠳᠣᠭᠤᠷ ᠥᠷ᠎ᠠ ᠶᠢᠨ ᠲᠡᠭᠡᠭᠡᠪᠤᠷᠢᠯᠠᠯᠳᠠ ᠵᠡᠷᠭᠡ ᠶᠢᠨ | ᠠᠵᠢᠯ ᠢ ᠴᠢᠩᠭ᠎ᠠ ᠠᠳᠬᠤᠵᠤ ᠬᠠᠪᠤᠷ ᠤᠨ ᠲᠠᠷᠢᠶᠠᠯᠠᠭ᠎ᠠ ᠶᠢᠨ ᠦᠶᠯᠡᠳᠪᠦᠷᠢᠯᠡᠯ ᠢ ᠰᠠᠶᠢᠲᠤᠷ ᠲᠥᠯᠥᠪᠯᠡᠬᠦ ᠬᠡᠷᠡᠭᠲᠡᠶ | ᠭᠡᠵᠡᠢ᠃ | |