ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠦ ᠰᠢᠨ᠎ᠠ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠢ ᠵᠠᠳᠠᠯᠵᠦ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠬᠤ ᠲᠤᠬᠠᠢ ᠰᠤᠳᠤᠯᠪᠠ
ᠨᠡᠶᠢᠲᠡᠯᠡᠭᠰᠡᠨ ᠴᠠᠭ᠄
2020-02-14
    ᠰᠢᠨᠬᠤᠸᠠ ᠬᠤᠷᠢᠶᠠᠨ ᠤ ᠪᠡᠭᠡᠵᠢᠩ ᠤᠨ 2 ᠰᠠᠷ᠎ᠠ ᠶᠢᠨ 12 ᠤᠨ ᠴᠠᠬᠢᠯᠭᠠᠨ ᠮᠡᠳᠡᠭᠡ  ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠪᠠᠶᠢᠩᠭᠤ ᠶᠢᠨ ᠬᠤᠷᠢᠶ᠎ᠠ 2 ᠰᠠᠷ᠎ᠠ ᠶᠢᠨ 12 ᠤᠨ ᠡᠳᠦᠷ ᠬᠤᠷᠠᠯ ᠬᠤᠷᠠᠯᠳᠤᠭᠤᠯᠵᠦ᠂ ᠲᠦᠪ ᠤᠨ ᠰᠢᠨ᠎ᠠ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠤᠨ ᠤᠳᠤᠷᠢᠳᠬᠤ ᠲᠤᠭᠤᠢᠢᠯᠠᠩ ᠤᠨ ᠬᠠᠷᠢᠭᠤ ᠮᠡᠳᠡᠬᠦᠯᠦᠯᠳᠠ ᠶᠢ ᠰᠤᠨᠤᠰᠴᠦ᠂ ᠤᠳᠤᠬᠠᠨ ᠤ ᠰᠢᠨ᠎ᠠ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠢ ᠵᠠᠳᠠᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠬᠤ ᠲᠤᠬᠠᠢ ᠰᠤᠳᠤᠯᠪᠠ᠃ ᠨᠠᠮ ᠤᠨ ᠲᠦᠪ ᠬᠤᠷᠢᠶᠠᠨ ᠤ ᠶᠡᠷᠦᠩᠭᠡᠢ ᠱᠦᠵᠢ ᠰᠢ ᠶᠢᠨ ᠫᠢᠩ ᠬᠤᠷᠠᠯ ᠢ ᠡᠷᠬᠢᠯᠡᠭᠰᠡᠨ ᠪᠦᠬᠡᠳ ᠴᠢᠬᠤᠯᠠ ᠶᠠᠷᠢᠶ᠎ᠠ ᠲᠠᠯᠪᠢᠵᠠᠢ᠃      ᠰᠢ ᠶᠢᠨ ᠫᠢᠩ᠂ ᠰᠢᠨ᠎ᠠ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠡᠬᠦᠰᠦᠭᠰᠡᠨ ᠠᠴᠠ ᠨᠠᠭᠠᠰᠢ᠂ ᠪᠢᠳᠠ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠤᠯᠤᠨ ᠪᠡᠶ᠎ᠠ ᠮᠠᠬᠠᠪᠤᠳ ᠤᠨ ᠡᠷᠡᠬᠦᠯ ᠴᠢᠬᠢᠷᠠᠭ ᠢ ᠲᠡᠷᠢᠬᠦᠨ ᠳᠤ ᠲᠠᠯᠪᠢᠬᠤ ᠶᠢ ᠢᠮᠠᠬᠳᠠ ᠪᠠᠷᠢᠮᠳᠠᠯᠠᠵᠦ᠂ ᠢᠳᠡᠭᠡᠯ ᠵᠤᠷᠢᠬ ᠢᠶᠠᠨ ᠪᠠᠳᠤᠳᠬᠠᠬᠤ᠂ ᠬᠠᠳᠠᠭᠤ ᠪᠡᠷᠬᠡᠰᠢᠶᠡᠯ ᠢ ᠬᠠᠮᠳᠤ ᠪᠠᠷ ᠲᠤᠭᠤᠯᠬᠤ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠵᠠᠰᠠᠬᠤ᠂ ᠨᠠᠷᠢᠯᠢᠬ ᠤᠨᠤᠪᠴᠢᠳᠠᠢ ᠪᠠᠷ ᠠᠷᠭ᠎ᠠ ᠪᠤᠳᠤᠯᠭ᠎ᠠ ᠭᠡᠷᠡᠭᠵᠢᠬᠦᠯᠬᠦ ᠶᠡᠷᠦᠩᠭᠡᠢ ᠱᠠᠭᠠᠷᠳᠠᠯᠭ᠎ᠠ ᠶᠤᠰᠤᠭᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠦᠬᠦ ᠲᠠᠯ᠎ᠠ ᠪᠠᠷ ᠦᠷᠨᠢᠬᠦᠯᠪᠡ᠃      ᠨᠠᠮ ᠤᠨ ᠲᠦᠪ ᠬᠤᠷᠢᠶᠠᠨ ᠤ ᠲᠦᠪᠯᠡᠷᠡᠩᠬᠦᠢ ᠨᠢᠭᠡᠳᠦᠯᠳᠠᠢ ᠤᠳᠤᠷᠢᠳᠤᠯᠭ᠎ᠠ ᠳᠤᠤᠷ᠎ᠠ᠂ ᠲᠦᠪ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠤᠨ ᠤᠳᠤᠷᠢᠳᠬᠤ ᠲᠤᠭᠤᠢᠢᠯᠠᠩ ᠴᠠᠭ ᠲᠤᠬᠠᠢ ᠳᠤᠨᠢ ᠠᠵᠢᠯ ᠢᠶᠠᠨ ᠰᠤᠳᠤᠯᠤᠨ ᠪᠠᠶᠢᠷᠢᠯᠠᠭᠤᠯᠵᠦ᠂ ᠲᠦᠷᠦ ᠶᠢᠨ ᠶᠠᠪᠤᠳᠠᠯ ᠤᠨ ᠬᠤᠷᠢᠶ᠎ᠠ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠤᠭᠳᠠᠴᠠ ᠳᠠᠭᠠᠨ ᠲᠦᠷᠦ ᠶᠢᠨ ᠪᠤᠳᠤᠯᠭ᠎ᠠ ᠶᠢᠨ ᠵᠤᠬᠢᠴᠠᠭᠤᠯᠭ᠎ᠠ ᠪᠠ ᠡᠳ᠋ ᠪᠤᠳᠠᠰ ᠢ ᠲᠤᠬᠢᠷᠠᠭᠤᠯᠬᠤ ᠡᠷᠴᠢᠮ ᠢᠶᠠᠨ ᠴᠢᠩᠭᠠᠷᠠᠭᠤᠯᠵᠦ᠂ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠤᠨ ᠬᠢᠨ ᠡᠬᠦᠷᠭᠡ ᠬᠠᠷᠢᠭᠤᠴᠠᠯᠭ᠎ᠠ ᠪᠠᠨ ᠢᠳᠡᠪᠬᠢᠳᠠᠢ ᠬᠦᠢᠴᠡᠳᠭᠡᠨ᠂ ᠦᠷᠭᠡᠨ ᠤᠯᠠᠨ ᠡᠮᠴᠢᠯᠡᠭᠡᠨ ᠤ ᠠᠵᠢᠯᠳᠠᠨ ᠡᠮᠦᠨ᠎ᠡ ᠨᠢ ᠭᠠᠪᠰᠢᠭᠠᠢᠢᠯᠠᠨ ᠬᠠᠷᠠᠮ ᠦᠭᠡᠢ ᠪᠠᠷ ᠨᠡᠮᠡᠷᠢ ᠬᠠᠨᠳᠢᠪᠯᠠᠵᠤ᠂ ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠰᠡᠳᠭᠢᠯ ᠢᠶᠠᠨ ᠨᠢᠭᠡᠳᠭᠡᠨ ᠪᠦᠯᠬᠦᠮᠳᠡᠨ ᠲᠡᠮᠡᠴᠡᠵᠡᠢ᠃ ᠬᠠᠳᠠᠭᠤᠵᠢᠯᠳᠠᠢ ᠴᠢᠷᠮᠠᠶᠢᠯᠭ᠎ᠠ ᠪᠠᠷ ᠳᠠᠮᠵᠢᠨ ᠬᠢᠵᠢᠭ ᠤᠨ ᠪᠠᠶᠢᠳᠠᠯ ᠳᠤ ᠢᠳᠡᠪᠬᠢᠳᠠᠢ ᠬᠤᠪᠢᠷᠠᠯᠳᠠ ᠭᠠᠷᠴᠦ᠂ ᠰᠡᠷᠭᠡᠶᠢᠯᠡᠨ ᠡᠵᠡᠮᠳᠡᠬᠦ ᠠᠵᠢᠯ ᠢᠳᠡᠪᠬᠢᠳᠠᠢ ᠦᠷ᠎ᠠ ᠪᠦᠳᠦᠮᠵᠢ ᠤᠯᠪᠠ᠃ ᠡᠨᠡ ᠪᠤᠯ ᠬᠢᠯᠪᠡᠷ ᠪᠤᠰᠤ ᠪᠠᠷ ᠢᠷᠡᠭᠰᠡᠨ ᠶᠤᠮ᠂ ᠡᠯ᠎ᠠ ᠲᠠᠯ᠎ᠠ ᠶᠢᠨ ᠬᠢᠨ ᠴᠦᠮ ᠬᠤᠪᠢ ᠨᠡᠮᠡᠷᠢ ᠦᠵᠡᠬᠦᠯᠪᠡ ᠭᠡᠵᠦ ᠵᠢᠭᠠᠵᠦ ᠭᠠᠷᠭᠠᠵᠠᠢ᠃      ᠰᠢ ᠶᠢᠨ ᠫᠢᠩ᠂ ᠤᠳᠤᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠬᠠᠮᠤᠭ ᠤᠨ ᠢᠳᠡ ᠠᠪᠬᠤ ᠵᠠᠩᠬᠢᠯᠠᠭ᠎ᠠ ᠶᠢᠨ ᠱᠠᠳᠤᠨ ᠳᠤ ᠤᠷᠤᠭᠠᠳ ᠪᠤᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯᠳᠠᠯᠭ᠎ᠠ ᠲᠠᠢ ᠠᠵᠢᠯ ᠢ ᠤᠬᠳᠤ ᠰᠤᠯᠠᠷᠠᠭᠤᠯᠤᠯ ᠦᠭᠡᠢ ᠪᠠᠷ ᠰᠠᠶᠢᠳᠤᠷ ᠬᠢᠵᠦ᠂ ᠬᠢᠵᠢᠭ ᠤᠨ ᠪᠠᠶᠢᠳᠠᠯ ᠤᠨᠴᠠ ᠬᠦᠨᠳᠦ ᠨᠤᠴᠢᠳᠠᠢ ᠪᠠᠶᠢᠬᠤ ᠪᠤᠶᠤ ᠠᠶᠦᠯ ᠲᠦᠭᠰᠢᠬᠦᠷᠢ ᠨᠡᠯᠢᠶᠡᠳ ᠶᠡᠭᠡ ᠪᠠᠶᠢᠭ᠎ᠠ ᠭᠠᠵᠠᠷ ᠤᠷᠤᠨ ᠤ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠬᠤ ᠭᠡᠷᠡᠭᠲᠡᠢ᠃ ᠡᠯ᠎ᠠ ᠱᠠᠳᠤᠨ ᠤ ᠨᠠᠮ ᠤᠨ ᠬᠤᠷᠢᠶ᠎ᠠ ᠪᠠ ᠵᠠᠰᠠᠭ ᠤᠨ ᠤᠷᠳᠤᠨ ᠨᠠᠮ ᠤᠨ ᠲᠦᠪ ᠬᠤᠷᠢᠶᠠᠨ ᠤ ᠰᠢᠢᠳᠪᠤᠷᠢᠳᠦ ᠪᠤᠳᠤᠯᠭ᠎ᠠ ᠪᠠᠶᠢᠷᠢᠯᠠᠭᠤᠯᠤᠯᠳᠠ ᠶᠤᠰᠤᠭᠠᠷ᠂ ᠭᠤᠤᠯᠳᠠᠯᠭ᠎ᠠ ᠶᠢ ᠲᠤᠪᠤᠶᠢᠯᠭᠠᠨ ᠨᠢᠭᠡᠳᠦᠯᠳᠠᠢ ᠲᠦᠯᠦᠪᠵᠢᠬᠦᠯᠦᠨ ᠨᠡᠶᠢᠳᠡ ᠳᠤ ᠨᠢ ᠬᠠᠷᠠᠭᠠᠯᠵᠠᠵᠦ᠂ ᠲᠦᠷᠦᠯ ᠬᠤᠪᠢᠶᠠᠨ ᠵᠢᠯᠤᠭᠤᠳᠴᠦ ᠤᠷᠤᠨ ᠲᠤᠭᠤᠷᠢᠭ ᠬᠤᠪᠢᠶᠠᠨ ᠠᠷᠭ᠎ᠠ ᠪᠤᠳᠤᠯᠭ᠎ᠠ ᠭᠡᠷᠡᠭᠵᠢᠬᠦᠯᠵᠦ᠂ ᠡᠯ᠎ᠠ ᠵᠦᠢᠯ ᠤᠨ ᠠᠵᠢᠯ ᠢᠶᠠᠨ ᠦᠨᠡᠨ ᠬᠦ ᠪᠤᠳᠠᠳᠠᠢ ᠠᠳᠬᠤᠨ ᠨᠠᠷᠢᠯᠢᠭ ᠠᠳᠬᠤᠵᠦ ᠪᠤᠳᠠᠳᠠᠢ ᠳᠤ ᠨᠠᠶᠢᠳᠠᠪᠤᠷᠢᠵᠢᠭᠤᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠠᠳ ᠤᠨ ᠲᠠᠶᠢᠨ᠂ ᠶᠡᠷᠦᠩᠭᠡᠢ ᠲᠠᠶᠢᠯᠠᠯᠳᠤᠭᠠᠨ᠂ ᠬᠤᠷᠢᠬᠯᠠᠨ ᠠᠷᠢᠯᠭᠠᠬᠤ ᠲᠠᠶᠢᠯᠠᠯᠳᠤᠭᠠᠨ ᠤ ᠢᠯᠠᠯᠳᠠ ᠶᠢ ᠤᠯᠵᠦ᠂ ᠡᠨᠡ ᠵᠢᠯ ᠤᠨ ᠠᠵᠤ ᠠᠬᠤᠢ ᠨᠡᠶᠢᠭᠡᠮ ᠤᠨ ᠬᠦᠭᠵᠢᠯᠳᠠ ᠶᠢᠨ ᠬᠠᠷᠠᠯᠳᠠ ᠡᠬᠦᠷᠭᠡ ᠶᠢ ᠴᠢᠷᠮᠠᠶᠢᠨ ᠪᠡᠶᠡᠯᠡᠬᠦᠯᠬᠦ ᠭᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠬᠦᠯᠢᠶᠡᠨ ᠠᠪᠴᠦ ᠡᠮᠨᠡᠨ ᠵᠠᠰᠠᠬᠤ ᠨᠤᠷᠮ᠎ᠠ ᠪᠠ ᠡᠳᠡᠬᠡᠷᠡᠬᠦᠯᠬᠦ ᠨᠤᠷᠮ᠎ᠠ ᠶᠢ ᠳᠡᠭᠡᠭᠰᠢᠯᠡᠬᠦᠯᠬᠦ᠂ ᠬᠠᠯᠳᠠᠪᠤᠷᠢᠯᠠᠬᠤ ᠨᠤᠷᠮ᠎ᠠ ᠪᠠ ᠦᠬᠦᠬᠦ ᠨᠤᠷᠮ᠎ᠠ ᠶᠢ ᠪᠠᠭᠤᠷᠠᠭᠤᠯᠬᠤ ᠲᠤᠭᠤᠷᠢᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯᠳᠠᠯᠭ᠎ᠠ ᠲᠠᠢ ᠭᠤᠭᠴᠤᠭ᠎ᠠ ᠶᠢ ᠰᠠᠶᠢᠳᠤᠷ ᠠᠳᠬᠤᠬᠤ ᠭᠡᠷᠡᠭᠲᠡᠢ᠃ ᠬᠦᠯᠢᠶᠡᠨ ᠠᠪᠴᠦ ᠡᠮᠨᠡᠨ ᠵᠠᠰᠠᠬᠤ ᠴᠢᠳᠠᠪᠤᠷᠢ ᠶᠢ ᠪᠦᠬᠦ ᠲᠠᠯ᠎ᠠ ᠪᠠᠷ ᠴᠢᠩᠭᠠᠳᠬᠠᠵᠦ᠂ ᠬᠠᠯᠠᠭᠤᠷᠠᠬᠰᠠᠨ ᠡᠪᠡᠳᠴᠢᠳᠡᠨ ᠤᠯᠠᠨ ᠪᠠᠶᠢᠭ᠎ᠠ ᠬᠤᠳᠠ ᠳᠤ ᠲᠤᠭᠳᠠᠭᠰᠠᠨ ᠡᠮᠨᠡᠯᠭᠡ ᠶᠢᠨ ᠬᠤᠷᠢᠶ᠎ᠠ᠂ ᠡᠪᠡᠳᠴᠢᠳᠡᠨ ᠤ ᠤᠷᠤ ᠪᠠ ᠲᠤᠰᠠᠭᠠᠷᠯᠠᠬᠤ ᠴᠡᠭ ᠢ ᠲᠦᠷᠭᠡᠨ ᠨᠡᠮᠡᠵᠦ᠂ ᠰᠡᠵᠢᠭᠯᠡᠯᠳᠠᠢ ᠡᠪᠡᠳᠴᠢᠳᠡᠨ ᠢ ᠰᠢᠯᠭᠠᠨ ᠪᠠᠶᠢᠴᠠᠭᠠᠬᠤ ᠬᠤᠷᠳᠤᠴᠠ ᠶᠢ ᠲᠦᠷᠭᠡᠳᠭᠡᠨ᠂ ᠬᠦᠯᠢᠶᠡᠨ ᠠᠪᠬᠤ ᠶᠤᠰᠤᠳᠠᠢ ᠶᠢ ᠪᠦᠬᠦᠨ ᠢ ᠬᠦᠯᠢᠶᠡᠨ ᠠᠪᠴᠦ᠂ ᠡᠮᠨᠡᠨ ᠵᠠᠰᠬᠠᠤ ᠴᠢᠬᠤᠯᠠᠳᠠᠢ ᠶᠢ ᠪᠦᠬᠦᠨ ᠢ ᠡᠮᠨᠡᠨ ᠵᠠᠰᠠᠵᠦ᠂ ᠬᠦᠯᠢᠶᠡᠨ ᠠᠪᠴᠦ ᠡᠮᠨᠡᠨ ᠵᠠᠰᠠᠬᠤ ᠨᠤᠷᠮ᠎ᠠ ᠶᠢ ᠳᠡᠭᠡᠭᠰᠢᠯᠡᠬᠦᠯᠬᠦ ᠶᠢ ᠡᠷᠡᠰ ᠪᠡᠶᠡᠯᠡᠬᠦᠯᠬᠦ ᠭᠡᠷᠡᠭᠲᠡᠢ᠃ ᠡᠷᠳᠡ ᠢᠯᠡᠷᠡᠬᠦᠯᠬᠦ᠂ ᠡᠷᠳᠡ ᠮᠡᠳᠡᠬᠦᠯᠬᠦ᠂ ᠡᠷᠳᠡ ᠲᠤᠰᠠᠭᠠᠷᠯᠠᠬᠤ᠂ ᠡᠷᠳᠡ ᠵᠠᠰᠠᠬᠤ ᠠᠷᠭ᠎ᠠ ᠭᠡᠮᠵᠢᠶ᠎ᠠ ᠶᠢ ᠴᠢᠩᠭ᠎ᠠ ᠨᠠᠶᠢᠳᠠᠪᠤᠷᠢᠵᠢᠭᠤᠯᠵᠦ᠂ ᠨᠡᠶᠢᠭᠡᠮ ᠲᠤᠭᠤᠷᠢᠭ ᠤᠨ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠨ᠂ ᠡᠪᠡᠳᠴᠢᠨ ᠬᠢᠵᠢᠭ ᠤᠨ ᠲᠠᠷᠬᠠᠵᠦ ᠬᠠᠯᠳᠠᠪᠤᠷᠢᠯᠠᠬᠤ ᠵᠠᠮ ᠢ ᠳᠠᠰᠤᠯᠵᠦ᠂ ᠬᠠᠯᠳᠠᠪᠤᠷᠢᠯᠠᠬᠤ ᠨᠤᠷᠮ᠎ᠠ ᠶᠢ ᠪᠠᠭᠤᠷᠠᠭᠤᠯᠬᠤ ᠭᠡᠷᠡᠭᠲᠡᠢ᠃ ᠡᠪᠡᠳᠴᠢᠳᠡᠨ ᠢᠯᠠᠩᠭᠤᠶ᠎ᠠ ᠬᠦᠨᠳᠦ ᠡᠪᠡᠳᠴᠢᠳᠡᠨ ᠢ ᠠᠪᠤᠷᠠᠨ ᠡᠮᠨᠡᠬᠦ ᠲᠦᠪᠰᠢᠨ ᠢᠶᠠᠨ ᠳᠡᠭᠡᠭᠰᠢᠯᠡᠬᠦᠯᠵᠦ᠂ ᠲᠠᠪᠠᠭᠤᠯᠢᠭ ᠡᠮᠴᠢᠯᠡᠭᠡᠨ ᠤ ᠡᠬᠢ ᠪᠠᠶᠠᠯᠢᠭ ᠪᠠ ᠮᠡᠷᠭᠡᠵᠢᠯ ᠤᠨ ᠬᠦᠴᠦᠨ ᠢ ᠲᠦᠪᠯᠡᠷᠡᠬᠦᠯᠦᠨ ᠡᠪᠡᠳᠴᠢᠳᠡᠨ ᠢ ᠠᠪᠤᠷᠠᠨ ᠡᠮᠨᠡᠵᠦ᠂ ᠭᠡᠷᠡᠭᠵᠢᠬᠦᠯᠵᠦ ᠪᠤᠯᠬᠤᠢᠢᠴᠠ ᠪᠦᠳᠦᠮᠵᠢᠳᠠᠢ ᠤᠨᠤᠰᠢᠯᠠᠨ ᠡᠮᠴᠢᠯᠡᠬᠦ ᠲᠦᠰᠦᠯ ᠢ ᠴᠠᠭ ᠲᠤᠬᠠᠢ ᠳᠤᠨᠢ ᠳ᠋ᠦᠩᠨᠡᠨ ᠳᠡᠯᠭᠡᠷᠡᠬᠦᠯᠵᠦ᠂ ᠡᠮ ᠤᠨ ᠵᠦᠢᠯᠡᠰ ᠪᠠ ᠸᠠᠺᠠᠼᠢᠨ ᠤ ᠰᠢᠨᠵᠢᠯᠡᠬᠦ ᠤᠬᠠᠭᠠᠨ ᠰᠤᠳᠤᠯᠭᠠᠨ ᠤ ᠪᠤᠭᠤᠮᠳᠠ ᠰᠢᠪᠳᠤᠯᠬᠤ ᠡᠷᠴᠢᠮ ᠢᠶᠠᠨ ᠴᠢᠩᠭᠠᠷᠠᠭᠤᠯᠬᠤ ᠭᠡᠷᠡᠭᠲᠡᠢ᠃ ᠬᠤᠪᠸᠢ ᠮᠤᠵᠢ ᠢᠯᠠᠩᠭᠤᠶ᠎ᠠ ᠦᠬᠠᠨ ᠬᠤᠳᠠ ᠪᠤᠯ ᠮᠥᠨ ᠬᠦ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠭᠤᠤᠯᠳᠠᠯᠭ᠎ᠠ ᠶᠢᠨ ᠳᠤᠳᠤᠷᠠᠬᠢ ᠭᠤᠤᠯᠳᠠᠯᠭ᠎ᠠ ᠪᠤᠯᠵᠦ ᠪᠠᠶᠢᠨ᠎ᠠ᠂ ᠡᠪᠡᠳᠴᠢᠳᠡᠨ ᠤ ᠤᠷᠤ ᠪᠤᠯᠤᠨ ᠡᠮᠴᠢᠯᠡᠬᠡᠨ ᠤ ᠠᠵᠢᠯᠳᠠᠨ ᠵᠡᠷᠬᠡ ᠡᠮᠴᠢᠯᠡᠬᠡᠨ ᠤ ᠡᠬᠢ ᠪᠠᠶᠠᠯᠢᠭ ᠬᠦᠷᠦᠯᠴᠡᠬᠦ ᠦᠭᠡᠢ ᠪᠠᠶᠢᠬᠤ ᠠᠰᠠᠭᠤᠳᠠᠯ ᠢ ᠬᠦᠴᠦᠯᠡᠨ ᠰᠢᠢᠳᠪᠤᠷᠢᠯᠡᠵᠥ᠂ ᠲᠤᠭᠳᠠᠭᠰᠠᠠ ᠡᠮᠨᠡᠯᠬᠡ ᠶᠢᠨ ᠬᠤᠷᠢᠶ᠎ᠡ ᠶᠢ ᠲᠦᠷᠬᠡᠨ ᠦᠬᠡᠷᠡᠴᠢᠯᠡᠨ ᠦᠷᠬᠡᠳᠬᠡᠵᠥ᠂ ᠬᠦᠨᠳᠤ ᠡᠪᠡᠳᠴᠢᠳᠡᠨ ᠤ ᠤᠷᠤ ᠶᠢᠨ ᠬᠠᠩᠭᠠᠯᠭ᠎ᠠ ᠶᠢ ᠨᠡᠮᠡᠭᠳᠡᠬᠦᠯᠤᠨ᠂ ᠬᠦᠯᠢᠶᠠᠨ ᠠᠪᠴᠦ ᠡᠮᠨᠡᠨ ᠵᠠᠰᠠᠬᠤ ᠰᠢᠯᠵᠢᠬᠦᠯᠥᠨ ᠤᠨᠤᠰᠢᠯᠠᠵᠦ ᠵᠠᠰᠠᠬᠤ ᠵᠠᠮ ᠢ ᠰᠢᠯᠤᠭᠤᠳᠬᠠᠵᠥ᠂ ᠬᠠᠯᠳᠠᠪᠤᠷᠢᠯᠠᠬᠰᠠᠠ ᠡᠪᠡᠳᠴᠢᠳᠡᠨ ᠢ ᠪᠦᠬᠦ ᠬᠦᠴᠦ ᠪᠠᠷ ᠢᠶᠠᠨ ᠠᠪᠤᠷᠠᠨ ᠡᠮᠨᠡᠬᠦ ᠬᠡᠷᠡᠭᠳᠡᠢ᠃ 19 ᠮᠤᠵᠢ ᠠᠵᠢᠯ ᠲᠦᠷᠦᠯ ᠢᠶᠠᠷ ᠢᠶᠠᠨ ᠬᠤᠪᠸᠢ ᠮᠤᠵᠢ ᠶᠢᠨ ᠦᠬᠠᠨ ᠠᠴᠠ ᠪᠤᠰᠤᠳ ᠲᠤᠰᠬᠠᠢ ᠤᠷᠤᠨ ᠬᠤᠳᠠ ᠶᠢ ᠲᠤᠰᠠᠯᠠᠬᠤ ᠬᠠᠷᠢᠭᠤᠴᠠᠯᠭ᠎ᠠ ᠶᠢ ᠲᠠᠭᠠᠭᠠᠴᠢᠯᠠᠵᠥ᠂ ᠨᠠᠷᠢᠯᠢᠭ ᠪᠤᠳᠠᠳᠠᠢ ᠨᠠᠶᠢᠳᠠᠪᠤᠷᠢᠵᠢᠭᠤᠯᠬᠤ ᠬᠡᠷᠡᠭᠳᠡᠢ᠃ ᠬᠦᠮᠥᠨ ᠠᠮᠠ ᠤᠯᠠᠨ ᠤᠴᠢᠬᠤ ᠶᠡᠭᠡ ᠮᠤᠵᠢ ᠶᠡᠭᠡ ᠬᠤᠳᠠ ᠶᠢᠨ ᠬᠢᠨ ᠬᠤᠯᠪᠤᠭᠠᠯᠠᠨ ᠰᠡᠷᠬᠡᠶᠢᠯᠡᠵᠥ ᠬᠤᠯᠪᠤᠭᠠᠯᠠᠨ ᠡᠵᠡᠮᠳᠡᠬᠦ᠂ ᠤᠯᠠᠨ ᠢᠶᠠᠷ ᠢᠶᠠᠨ ᠰᠡᠷᠬᠡᠶᠢᠯᠡᠵᠥ ᠤᠯᠠᠨ ᠢᠶᠠᠷ ᠢᠶᠠᠨ ᠡᠵᠡᠮᠳᠡᠬᠦ ᠱᠠᠭᠠᠷᠳᠠᠯᠭ᠎ᠠ ᠶᠤᠰᠤᠭᠠᠷ᠂ ᠪᠤᠴᠠᠵᠦ ᠢᠷᠡᠭᠰᠡᠨ ᠬᠦᠮᠥᠰ ᠤᠨ ᠡᠷᠡᠬᠦᠯ ᠴᠢᠬᠢᠷᠠᠭ ᠤᠨ ᠬᠢᠨᠠᠯᠳᠠ ᠬᠡᠮᠵᠢᠯᠳᠡ ᠶᠢ ᠴᠢᠩᠭᠠᠳᠬᠠᠵᠥ᠂ ᠵᠠᠮ ᠬᠠᠷᠢᠯᠴᠠᠭᠠᠨ ᠤ ᠪᠠᠭᠠᠵᠢ ᠲᠠᠯᠠᠪᠠᠢ ᠦᠷᠳᠡᠭᠡ ᠶᠢ ᠠᠷᠢᠭᠤᠳᠬᠠᠨ ᠰᠠᠯᠬᠢ ᠨᠡᠪᠳᠡᠷᠡᠬᠦᠯᠬᠦ ᠵᠡᠷᠬᠡ ᠠᠵᠢᠯ ᠢ ᠰᠠᠶᠢᠳᠤᠷ ᠬᠢᠬᠦ ᠬᠡᠷᠡᠭᠳᠡᠢ ᠬᠡᠵᠥ ᠵᠢᠭᠠᠵᠥ ᠭᠠᠷᠭᠠᠪᠠ᠃      ᠬᠤᠷᠡᠯ ᠠᠴᠠ᠂ ᠡᠮᠴᠢᠯᠡᠬᠡᠨ ᠤ ᠡᠳ᠋ ᠪᠤᠳᠠᠰ ᠵᠡᠷᠬᠡ ᠶᠢᠨ ᠬᠠᠩᠭᠠᠯᠭ᠎ᠠ ᠪᠠᠳᠤᠯᠠᠭ᠎ᠠ ᠶᠢ ᠴᠢᠩᠭᠠᠳᠬᠠᠨ ᠠᠮᠠᠪᠴᠢ ᠂ ᠡᠮᠴᠢᠯᠡᠬᠡᠨ ᠳᠤ ᠬᠡᠷᠡᠭᠯᠡᠬᠦ ᠬᠠᠮᠠᠭᠠᠯᠠᠯᠳᠠ ᠶᠢᠨ ᠬᠤᠪᠴᠠᠰᠤ ᠦᠢᠯᠡᠳᠪᠤᠷᠢᠯᠡᠵᠥ ᠪᠠᠶᠢᠭ᠎ᠠ ᠠᠵᠥ ᠠᠬᠤᠢᠢᠯᠠᠯ ᠤᠨ ᠢᠳᠡᠪᠬᠢᠵᠢᠯ ᠢ ᠬᠦᠢᠴᠡᠳ ᠲᠠᠶᠢᠴᠢᠯᠠᠵᠥ᠂ ᠠᠵᠤ ᠠᠬᠤᠢᠢᠯᠠᠯ ᠤᠨ ᠠᠵᠢᠯ ᠢᠶᠠᠨ ᠰᠡᠷᠬᠦᠭᠡᠨ ᠪᠠᠷᠢᠮᠵᠢᠶ᠎ᠠ ᠳᠤ ᠬᠦᠷᠭᠡᠬᠦ ᠶᠢ ᠲᠦᠷᠭᠡᠳᠭᠡᠨ ᠠᠬᠢᠭᠤᠯᠵᠦ᠂ ᠨᠦᠬᠦᠴᠡᠯ ᠲᠠᠢ ᠠᠵᠤ ᠠᠬᠤᠢᠢᠯᠠᠯ ᠤᠨ ᠦᠢᠯᠡᠳᠪᠤᠷᠢᠯᠡᠬᠦ ᠴᠢᠳᠠᠪᠤᠷᠢ ᠪᠠᠨ ᠦᠷᠭᠡᠳᠭᠡᠬᠦ ᠪᠤᠶᠤ ᠦᠢᠯᠡᠳᠪᠤᠷᠢᠯᠡᠯ ᠢᠶᠠᠨ ᠬᠤᠪᠢᠷᠠᠭᠤᠯᠬᠤ ᠶᠢ ᠵᠤᠷᠢᠬᠵᠢᠭᠤᠯᠵᠦ᠂ ᠠᠵᠢᠯᠴᠢᠨ ᠬᠦᠷᠦᠯᠴᠡᠬᠦ ᠦᠭᠡᠢ ᠪᠠᠶᠢᠬᠤ᠂ ᠲᠦᠬᠦᠬᠡᠷᠤᠮᠵᠢ ᠬᠦᠷᠦᠯᠴᠡᠬᠦ ᠦᠬᠡᠢ ᠪᠠᠶᠢᠬᠤ᠂ ᠲᠦᠬᠦᠬᠡᠢ ᠮᠠᠲ᠋ᠧᠷᠢᠶᠠᠯ ᠬᠦᠷᠦᠯᠴᠡᠬᠦ ᠦᠬᠡᠢ ᠪᠠᠶᠢᠬᠤ ᠪᠠ ᠪᠡᠯᠡ ᠮᠥᠩᠬᠦ ᠲᠤᠳᠠᠬᠳᠠᠵᠦ ᠪᠠᠶᠢᠬᠤ ᠠᠰᠠᠭᠤᠳᠠᠯ ᠢ ᠨᠢ ᠬᠠᠪᠰᠤᠷᠤᠨ ᠰᠢᠢᠳᠪᠤᠷᠢᠯᠡᠬᠦ ᠭᠡᠷᠡᠭᠲᠡᠢ᠃ ᠬᠤᠮᠰᠠᠳᠠᠵᠦ ᠪᠠᠶᠢᠭ᠎ᠠ ᠡᠳ᠋ ᠪᠤᠳᠠᠰ ᠢ ᠨᠢᠬᠡᠳᠤᠯᠳᠡᠢ ᠲᠤᠬᠢᠷᠠᠭᠤᠯᠵᠥ᠂ ᠤᠷᠢᠳ ᠢᠶᠠᠷ ᠭᠤᠤᠯᠳᠠᠯᠭ᠎ᠠ ᠲᠠᠢ ᠭᠠᠵᠠᠷ ᠤᠷᠤᠨ ᠤ ᠬᠡᠷᠡᠭᠴᠡᠭᠡ ᠶᠢ ᠪᠠᠳᠤᠯᠠᠬᠤ ᠬᠡᠷᠡᠭᠳᠡᠢ᠃ ᠡᠬᠦᠨ ᠤ ᠵᠡᠷᠬᠡ ᠪᠠᠷ ᠠᠮᠢᠳᠤᠷᠠᠯ ᠤᠨ ᠴᠢᠬᠤᠯᠠ ᠪᠦᠬᠦᠢ ᠬᠡᠷᠡᠭᠰᠡᠯ ᠤᠨ ᠦᠢᠯᠡᠳᠪᠤᠷᠢᠯᠡᠯ ᠬᠠᠩᠭᠠᠯᠭ᠎ᠠ ᠶᠢᠨ ᠠᠵᠢᠯ ᠢ ᠰᠠᠶᠢᠳᠤᠷ ᠬᠢᠵᠥ᠂ ︽ᠠᠮᠤ ᠪᠤᠳᠠᠭ᠎ᠠ︾ ᠶᠢ ᠮᠤᠵᠢ ᠶᠢᠨ ᠲᠠᠷᠤᠭ᠎ᠠ ᠬᠠᠷᠢᠭᠤᠴᠠᠬᠤ ᠲᠦᠷᠢᠮ ᠪᠤᠯᠤᠨ ︽ᠬᠤᠯᠢᠰᠢᠨ ᠢᠳᠡᠭᠡᠨ︾ ᠢ ᠬᠤᠳᠠ ᠶᠢᠨ ᠲᠠᠷᠤᠭ᠎ᠠ ᠬᠠᠷᠢᠭᠤᠴᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠥ᠂ ᠭᠤᠤᠯ ᠢᠳᠡᠬᠡᠨ ᠪᠤᠯᠤᠨ ᠲᠤᠰᠠᠯᠠᠬᠤ ᠢᠳᠡᠬᠡᠨ ᠤ ᠦᠢᠯᠡᠳᠪᠤᠷᠢᠯᠡᠯ᠂ ᠬᠦᠢᠯᠬᠡᠬᠡ ᠪᠠ ᠬᠠᠩᠭᠠᠯᠭ᠎ᠠ ᠶᠢ ᠵᠤᠬᠢᠶᠠᠨ ᠪᠠᠶᠢᠭᠤᠯᠬᠤ ᠠᠵᠢᠯ ᠢ ᠦᠨᠡᠨ ᠬᠦ ᠰᠠᠶᠢᠳᠤᠷ ᠠᠳᠬᠤᠬᠤ ᠬᠡᠷᠡᠭᠳᠡᠢ᠃ ᠤᠳᠤᠬᠠᠨ ᠪᠤᠯ ᠶᠠᠭ ᠬᠠᠪᠤᠷ ᠤᠨ ᠲᠠᠷᠢᠶᠠᠯᠠᠭ᠎ᠠ ᠳᠤ ᠪᠡᠯᠡᠳᠬᠡᠬᠦ ᠵᠠᠩᠬᠢᠯᠠᠭ᠎ᠠ ᠶᠢᠨ ᠬᠤᠭᠤᠴᠠᠭ᠎ᠠ ᠪᠤᠯᠤᠨ᠎ᠠ᠂ ᠡᠯ᠎ᠡ ᠭᠠᠵᠠᠷ ᠤᠨ ᠬᠢᠨ ᠲᠠᠷᠢᠶᠠᠨ ᠦᠷ᠎ᠠ᠂ ᠬᠢᠮᠢ ᠶᠢᠨ ᠪᠤᠷᠳᠤᠭᠤᠷ᠂ ᠲᠠᠵᠢᠬᠡᠯ ᠪᠤᠷᠳᠤᠭ᠎ᠠ ᠵᠡᠷᠬᠡ ᠲᠠᠷᠢᠶᠠᠯᠠᠩ ᠤᠨ ᠬᠡᠷᠡᠭᠰᠡᠯ ᠤᠨ ᠬᠠᠩᠭᠠᠯᠭ᠎ᠠ ᠶᠢ ᠴᠢᠩᠭ᠎ᠠ ᠠᠳᠬᠤᠨ ᠰᠠᠶᠢᠳᠤᠷ ᠵᠤᠬᠢᠶᠠᠨ ᠪᠠᠶᠢᠭᠤᠯᠵᠥ᠂ ᠬᠠᠪᠤᠷ ᠤᠨ ᠲᠠᠷᠢᠶᠠᠯᠠᠭ᠎ᠠ ᠶᠢᠨ ᠬᠠᠮᠢᠶᠠᠷᠤᠯᠳᠠ ᠬᠠᠪᠤᠷ ᠤᠨ ᠲᠠᠷᠢᠶᠠᠯᠠᠭ᠎ᠠ ᠶᠢᠨ ᠠᠷᠭ᠎ᠠ ᠬᠡᠮᠵᠢᠶ᠎ᠠ ᠶᠢ ᠰᠠᠶᠢᠳᠤᠷ ᠨᠠᠶᠢᠳᠠᠪᠤᠷᠢᠵᠢᠭᠤᠯᠵᠥ᠂ ᠬᠦᠳᠡᠭᠡ ᠠᠵᠥ ᠠᠬᠤᠢ ᠶᠢᠨ ᠦᠢᠯᠡᠳᠪᠤᠷᠢᠯᠡᠯ ᠤᠨ ᠰᠠᠭᠤᠷᠢ ᠶᠢ ᠪᠠᠬᠢᠵᠢᠬᠦᠯᠬᠦ ᠬᠡᠷᠡᠭᠳᠡᠢ ᠬᠡᠵᠥ ᠴᠢᠬᠤᠯᠠᠴᠢᠯᠠᠪᠠ᠃      ᠬᠤᠷᠡᠯ ᠠᠴᠠ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠭᠤᠤᠯᠳᠠᠯᠭᠠᠳᠤ ᠪᠤᠰᠤ ᠭᠠᠵᠠᠷ ᠤᠷᠤᠨ ᠤ ᠬᠢᠨ ᠲᠤᠭᠤᠷᠢᠭ ᠬᠤᠪᠢᠶᠠᠨ ᠱᠠᠳᠤ ᠬᠤᠪᠢᠶᠠᠨ ᠤᠨᠤᠪᠴᠢᠳᠠᠢ ᠪᠠᠷ ᠰᠡᠷᠬᠡᠶᠢᠯᠡᠨ ᠡᠵᠡᠮᠳᠡᠬᠦ ᠶᠢ ᠬᠡᠷᠡᠭᠵᠢᠬᠦᠯᠬᠦ ᠪᠠᠷ ᠭᠠᠷᠳᠠᠴᠠ ᠪᠤᠯᠭᠠᠵᠥ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠪᠠ ᠠᠵᠥ ᠠᠬᠤᠢ ᠨᠡᠶᠢᠬᠡᠮ ᠤᠨ ᠡᠮᠬᠢ ᠲᠢᠭᠯᠢᠮ ᠢ ᠰᠡᠷᠬᠦᠬᠡᠬᠦ ᠶᠢ ᠨᠢᠬᠡᠳᠤᠯᠳᠡᠢ ᠲᠦᠯᠥᠪᠵᠢᠬᠦᠯᠬᠦ ᠬᠡᠷᠡᠭᠳᠡᠢ᠃ ᠰᠢᠨᠵᠢᠯᠡᠬᠦ ᠤᠬᠠᠭᠠᠨᠴᠢ ᠪᠠᠷ ᠰᠡᠷᠬᠡᠶᠢᠯᠡᠨ ᠵᠠᠰᠠᠬᠤ᠂ ᠨᠠᠷᠢᠯᠢᠬ ᠤᠨᠤᠪᠴᠢᠳᠠᠢ ᠪᠠᠷ ᠠᠷᠭ᠎ᠠ ᠪᠤᠳᠤᠯᠭ᠎ᠠ ᠬᠡᠷᠡᠭᠵᠢᠬᠦᠯᠬᠦ ᠵᠠᠷᠴᠢᠮ ᠶᠤᠰᠤᠭᠠᠷ᠂ ᠰᠢᠶᠠᠨ ᠢᠶᠠᠷ ᠨᠢᠬᠡᠴᠢ ᠪᠤᠯᠭᠠᠨ᠂ ᠠᠳᠠᠯᠢ ᠪᠤᠰᠤ ᠰᠢᠶᠠᠨ ᠤ ᠠᠶᠤᠯ ᠲᠦᠭᠰᠢᠬᠦᠷᠢ ᠶᠢᠨ ᠲᠡᠰ ᠢ ᠲᠤᠭᠳᠠᠭᠠᠵᠥ᠂ ᠲᠤᠭᠤᠷᠢᠭ ᠬᠤᠪᠢᠶᠠᠨ ᠱᠠᠳᠤ ᠬᠤᠪᠢᠶᠠᠨ ᠵᠦᠷᠢᠶᠡᠴᠢᠯᠡᠭᠰᠡᠡ ᠰᠡᠷᠬᠡᠶᠢᠯᠡᠨ ᠡᠵᠡᠮᠳᠡᠬᠦ ᠠᠷᠭ᠎ᠠ ᠪᠤᠳᠤᠯᠭ᠎ᠠ ᠶᠢ ᠲᠤᠭᠳᠠᠭᠠᠬᠤ ᠬᠡᠷᠡᠭᠳᠡᠢ᠃ ᠡᠯ᠎ᠡ ᠱᠠᠳᠤᠨ ᠤ ᠨᠠᠮ ᠤᠨ ᠬᠤᠷᠢᠶ᠎ᠡ ᠪᠤᠯᠤᠨ ᠵᠠᠰᠠᠭ ᠤᠨ ᠤᠷᠳᠤᠨ ᠦᠨᠡᠨ ᠢ ᠪᠠᠷᠢᠮᠳᠠᠯᠠᠵᠥ ᠪᠠᠶᠢᠭᠠᠳ ᠰᠡᠷᠬᠡᠶᠢᠯᠡᠨ ᠡᠵᠡᠮᠳᠡᠬᠦ ᠠᠵᠢᠯ ᠢ ᠰᠠᠶᠢᠳᠤᠷ ᠬᠢᠵᠥ᠂ ᠬᠡᠯᠪᠠᠶᠢᠭᠦᠦ ᠪᠠ ᠬᠡᠳᠤᠷᠡᠭᠦᠦ ᠠᠷᠭ᠎ᠠ ᠠᠪᠬᠤ ᠶᠢ ᠴᠠᠭ ᠲᠤᠬᠠᠢ ᠳᠤᠨᠢ ᠵᠠᠯᠠᠷᠠᠭᠤᠯᠵᠥ᠂ ᠲᠦᠬᠦᠮ ᠬᠢᠯᠪᠠᠷ ᠢᠶᠠᠷ ᠳᠠᠭᠤᠰᠬᠠᠵᠥ ᠪᠤᠯᠬᠤ ᠦᠬᠡᠢ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠴᠠ ᠪᠤᠯᠵᠥ ᠤᠯᠠᠨ ᠲᠦᠮᠡᠨ ᠤ ᠦᠢᠯᠡᠳᠪᠤᠷᠢᠯᠡᠯ ᠠᠮᠢᠳᠤᠷᠠᠯ ᠳᠤ ᠦᠵᠡᠬᠦᠯᠬᠦ ᠨᠦᠯᠥᠬᠡ ᠶᠢ ᠠᠯᠢ ᠴᠢᠳᠠᠬᠤ ᠪᠠᠷ ᠪᠠᠭᠠᠰᠬᠠᠬᠤ ᠬᠡᠷᠡᠭᠳᠡᠢ ᠬᠡᠵᠥ ᠵᠢᠭᠠᠵᠥ ᠭᠠᠷᠭᠠᠪᠠ᠃      ᠬᠤᠷᠡᠯ ᠠᠴᠠ᠂ ᠡᠨᠡ ᠵᠢᠯ ᠪᠤᠯ ᠴᠢᠨᠡᠭᠡᠯᠢᠭ ᠨᠡᠶᠢᠬᠡᠮ ᠢ ᠪᠦᠬᠦ ᠲᠡᠯ᠎ᠡ ᠪᠠᠷ ᠪᠡᠶᠡᠯᠡᠬᠦᠯᠬᠦ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠥᠪᠵᠢᠬᠦᠯᠬᠡ ᠶᠢᠨ ᠰᠠᠬᠦᠯ ᠬᠤᠷᠢᠶᠠᠬᠤ ᠵᠢᠯ ᠪᠤᠯᠤᠨ᠎ᠠ᠃ ᠡᠯ᠎ᠡ ᠱᠠᠳᠤᠨ ᠤ ᠨᠠᠮ ᠤᠨ ᠬᠤᠷᠢᠶ᠎ᠠ ᠪᠤᠯᠤᠨ ᠵᠠᠰᠠᠭ ᠤᠨ ᠤᠷᠳᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠨᠦᠯᠥᠬᠡ ᠶᠢ ᠬᠠᠮᠤᠭ ᠤᠨ ᠲᠤᠤᠷ᠎ᠠ ᠭᠡᠮᠵᠢᠶᠡᠨ ᠳᠤ ᠬᠦᠷᠳᠡᠯ᠎ᠠ ᠴᠢᠷᠮᠡᠶᠢᠨ ᠪᠠᠭᠠᠰᠬᠠᠵᠥ᠂ ᠠᠵᠥ ᠠᠬᠤᠢ ᠶᠢᠨ ᠲᠤᠭᠳᠠᠭᠤᠨ ᠡᠷᠬᠢᠯᠲᠡ ᠪᠤᠯᠤᠨ ᠨᠡᠶᠢᠬᠡᠮ ᠤᠨ ᠡᠶ᠎ᠡ ᠵᠤᠬᠢᠴᠠᠩᠭᠤᠢ ᠲᠤᠭᠳᠠᠭᠤᠨ ᠢ ᠪᠠᠳᠤᠯᠠᠵᠥ᠂ ᠨᠠᠮ ᠤᠨ ᠲᠦᠪ ᠬᠤᠷᠢᠶ᠎ᠡ ᠠᠴᠠ ᠲᠤᠭᠳᠠᠭᠠᠭᠰᠠᠠ ᠡᠯ᠎ᠡ ᠵᠦᠢᠯ ᠤᠨ ᠬᠠᠷᠠᠯᠳᠡ ᠡᠬᠦᠷᠬᠡ ᠶᠢ ᠴᠢᠷᠮᠡᠶᠢᠨ ᠪᠡᠶᠡᠯᠡᠬᠦᠯᠬᠦ ᠬᠡᠷᠡᠭᠳᠡᠢ ᠬᠡᠵᠥ ᠴᠢᠬᠤᠯᠠᠴᠢᠯᠠᠪᠠ᠃      ᠬᠤᠷᠠᠯ ᠠᠴᠠ᠂ ᠬᠤᠷᠸ᠎ᠠ ᠲᠦᠷᠦ ᠶᠢᠨ ᠪᠤᠲᠤᠯᠭ᠎ᠠ ᠶᠢᠨ ᠲᠤᠬᠢᠷᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠦ᠂ ᠬᠢᠵᠢᠭ ᠤᠨ ᠪᠠᠶᠢᠲᠠᠯ ᠤᠨ ᠨᠦᠯᠦᠭᠡ ᠳᠤ ᠴᠢᠭᠯᠡᠭᠦᠯᠤᠨ ᠵᠤᠬᠢᠬᠤ ᠲᠦᠷᠦ ᠶᠢᠨ ᠪᠤᠲᠤᠯᠭ᠎ᠠ ᠠᠷᠭ᠎ᠠ ᠬᠡᠮᠵᠢᠶ᠎ᠠ ᠶᠢ ᠰᠤᠳᠤᠯᠤᠨ ᠲᠤᠭᠲᠠᠭᠠᠬᠤ ᠭᠡᠷᠡᠭᠲᠡᠢ᠃ ᠡᠳ᠋ ᠤᠨ ᠵᠠᠰᠠᠭ ᠤᠨ ᠢᠲᠡᠪᠬᠢᠲᠠᠢ ᠲᠦᠷᠦ ᠶᠢᠨ ᠪᠤᠲᠤᠯᠭ᠎ᠠ ᠶᠢᠨ ᠦᠢᠯᠡᠲᠦᠯ ᠢ ᠨᠡᠩ ᠰᠠᠶᠢᠳᠤᠷ ᠪᠠᠲᠠᠷᠠᠭᠤᠯᠵᠦ᠂ ᠪᠡᠯᠡ ᠤᠷᠤᠭᠤᠯᠤᠯᠲᠠ ᠪᠠᠨ ᠨᠡᠮᠡᠭᠲᠡᠭᠦᠯᠦᠨ᠂ ᠡᠯ᠎ᠠ ᠭᠠᠵᠠᠷ ᠤᠨ ᠬᠢᠵᠢᠭ ᠤᠨ ᠪᠠᠶᠢᠲᠠᠯ ᠢ ᠰᠡᠷᠭᠡᠶᠢᠯᠡᠡ ᠡᠵᠡᠮᠲᠡᠬᠦ ᠪᠡᠯᠡ ᠮᠦᠩᠭᠦ ᠶᠢᠨ ᠭᠡᠷᠡᠭᠴᠡᠭᠡ ᠶᠢ ᠰᠠᠶᠢᠲᠤᠷ ᠪᠠᠲᠤᠯᠠᠬᠤ ᠭᠡᠷᠡᠭᠲᠡᠢ᠃ ᠱᠠᠲᠤᠴᠢ ᠴᠢᠨᠠᠷ ᠲᠠᠢ᠂ ᠴᠢᠭᠯᠡᠭᠦᠯᠦᠯᠲᠦ ᠴᠢᠨᠠᠷ ᠲᠠᠢ ᠪᠠᠷ ᠭᠠᠶᠢᠯᠢ ᠶᠢ ᠪᠠᠭᠤᠷᠠᠭᠤᠯᠵᠦ ᠰᠦᠢᠳᠭᠡᠯ ᠢ ᠪᠠᠭᠠᠰᠬᠠᠬᠤ ᠠᠷᠭ᠎ᠠ ᠬᠡᠮᠵᠢᠶ᠎ᠠ ᠶᠢ ᠦᠷᠬᠦᠯᠵᠢᠯᠠᠠ ᠰᠤᠲᠤᠯᠤᠠ ᠲᠤᠭᠲᠠᠭᠠᠵᠦ᠂ ᠠᠵᠦ ᠠᠬᠤᠢᠢᠯᠠᠯ ᠤᠨ ᠡᠵᠡᠩᠨᠡᠯᠲᠡ ᠶᠢᠨ ᠬᠦᠴᠢᠷᠲᠠᠯ ᠢ ᠨᠢ ᠰᠢᠢᠳᠪᠤᠷᠢᠯᠡᠬᠦ ᠭᠡᠷᠡᠭᠲᠡᠢ᠃ ᠵᠤᠭᠤᠰᠤᠨ ᠤ ᠲᠤᠬᠳᠠᠭᠤᠨ ᠲᠦᠷᠦ ᠶᠢᠨ ᠪᠤᠲᠤᠯᠭ᠎ᠠ ᠶᠢ ᠵᠤᠬᠢᠰᠲᠠᠢ ᠠᠮᠢᠲᠤᠯᠢᠭ ᠪᠠᠶᠢᠯᠭᠠᠬᠤ ᠶᠢ ᠪᠠᠳᠤᠯᠠᠵᠦ᠂ ᠬᠢᠵᠢᠭ ᠢ ᠰᠡᠷᠭᠡᠶᠢᠯᠡᠬᠦ ᠡᠳ᠋ ᠪᠤᠲᠠᠰ ᠢ ᠦᠢᠯᠡᠳᠪᠦᠷᠢᠯᠡᠬᠦ ᠠᠵᠦ ᠠᠬᠤᠢᠢᠯᠠᠯ ᠳᠤ ᠬᠠᠷᠠᠭᠠᠯᠵᠠᠯᠲᠦ ᠬᠦᠤ ᠮᠦᠩᠬᠦ ᠶᠢᠨ ᠨᠤᠷᠮ᠎ᠠ ᠶᠢᠨ ᠢᠲᠡᠭᠡᠮᠵᠢᠲᠦ ᠵᠢᠭᠡᠯᠡᠯᠭᠡ ᠶᠢᠨ ᠲᠡᠮᠵᠢᠯᠭᠡ ᠦᠵᠡᠭᠦᠯᠬᠦ ᠡᠷᠴᠢᠮ ᠢᠶᠠᠨ ᠴᠢᠩᠭᠠᠷᠠᠭᠤᠯᠵᠤ᠂ ᠬᠢᠵᠢᠭ ᠤᠨ ᠪᠠᠶᠢᠲᠠᠯ ᠳᠤ ᠨᠡᠯᠢᠶᠡᠳ ᠶᠡᠭᠡ ᠨᠦᠯᠦᠭᠡᠯᠡᠭᠲᠡᠭᠰᠡᠡ ᠭᠠᠵᠠᠷ ᠤᠷᠤᠨ᠂ ᠠᠵᠢᠯ ᠲᠦᠷᠦᠯ ᠪᠤᠯᠤᠨ ᠠᠵᠦ ᠠᠬᠤᠢᠢᠯᠠᠯ ᠳᠤ ᠵᠦᠷᠢᠶᠠᠴᠢᠯᠡᠭᠰᠡᠨ ᠬᠠᠷᠠᠭᠠᠯᠵᠠᠯᠲᠦ ᠮᠦᠩᠭᠦᠨ ᠬᠦᠢᠯᠭᠡᠭᠡᠨ ᠤ ᠦᠢᠯᠡᠴᠢᠯᠡᠭᠡ ᠬᠠᠩᠭᠠᠬᠤ ᠶᠢ ᠲᠡᠭᠦᠯᠲᠡᠷᠵᠢᠭᠦᠯᠬᠦ ᠬᠡᠷᠡᠭᠲᠡᠢ᠃ ᠠᠵᠢᠯ ᠤᠯᠭᠤᠯᠲᠠ ᠶᠢ ᠤᠷᠢᠳ ᠢᠶᠠᠷ ᠪᠤᠲᠤᠯᠬᠢᠯᠠᠬᠤ ᠲᠦᠷᠦ ᠶᠢᠨ ᠪᠤᠲᠤᠯᠭ᠎ᠠ ᠶᠢ ᠨᠡᠩ ᠶᠡᠭᠡ ᠡᠷᠴᠢᠮ ᠲᠠᠢ ᠰᠠᠶᠢᠳᠤᠷ ᠭᠡᠷᠡᠭᠵᠢᠭᠦᠯᠵᠦ᠂ ᠲᠤᠮᠲᠠ ᠪᠠᠭ᠎ᠠ ᠵᠢᠵᠢᠭ ᠠᠵᠦ ᠠᠬᠤᠢᠢᠯᠠᠯ ᠤᠨ ᠡᠳ᠋ ᠤᠨ ᠵᠠᠰᠠᠭ ᠭᠠᠶᠢᠯᠢ ᠲᠠᠳᠠᠪᠤᠷᠢ᠂ ᠮᠦᠩᠭᠦᠨ ᠬᠦᠢᠯᠭᠡᠭᠡᠨ᠂ ᠨᠡᠶᠢᠭᠡᠮ ᠤᠨ ᠲᠠᠭᠠᠳᠬᠠᠯ ᠵᠡᠷᠭᠡ ᠲᠠᠯ᠎ᠠ ᠪᠠᠷ ᠲᠡᠮᠵᠢᠯᠭᠡ ᠦᠵᠡᠭᠦᠯᠬᠦ ᠲᠦᠷᠦ ᠶᠢᠨ ᠪᠤᠲᠤᠯᠭ᠎ᠠ ᠶᠢ ᠲᠡᠭᠦᠯᠲᠡᠷᠵᠢᠭᠦᠯᠬᠦ ᠬᠡᠷᠡᠭᠲᠡᠢ᠃ ᠬᠢᠵᠢᠭ ᠢ ᠰᠡᠷᠭᠡᠶᠢᠯᠡᠬᠦ ᠠᠵᠢᠯ ᠢ ᠰᠠᠶᠢᠳᠤᠷ ᠬᠢᠬᠦ ᠶᠢ ᠪᠠᠲᠤᠯᠠᠬᠰᠠᠨ ᠤᠷᠢᠲᠠᠯ ᠲᠤᠤᠷ᠎ᠠ᠂ ᠲᠦᠷᠦᠯ ᠬᠤᠪᠢᠶᠠᠠ ᠵᠢᠭᠠᠠ ᠵᠢᠯᠤᠭᠤᠳᠴᠤ᠂ ᠲᠦᠪ ᠤᠨ ᠠᠵᠦ ᠠᠬᠤᠢᠢᠯᠠᠯ᠂ ᠤᠯᠤᠰ ᠤᠨ ᠦᠮᠴᠢᠯᠡᠯ ᠤᠨ ᠠᠵᠦ ᠠᠬᠤᠢᠢᠯᠠᠯ ᠵᠡᠷᠭᠡ ᠡᠯ᠎ᠠ ᠲᠦᠷᠦᠯ ᠤᠨ ᠠᠵᠦ ᠠᠬᠤᠢᠢᠯᠠᠯ ᠤᠨ ᠠᠵᠢᠯ ᠢᠶᠠᠨ ᠰᠡᠷᠬᠦᠭᠡᠵᠦ ᠦᠢᠯᠡᠳᠪᠦᠷᠢᠯᠡᠯ ᠢᠢᠨᠨ ᠰᠡᠷᠭᠦᠭᠡᠬᠦ ᠶᠢ ᠡᠮᠬᠢ ᠲᠢᠭᠯᠢᠮ ᠲᠠᠢ ᠠᠬᠢᠭᠤᠯᠬᠤ ᠭᠡᠷᠡᠭᠲᠡᠢ᠃ ᠤᠯᠠᠠ ᠵᠦᠢᠯ ᠤᠨ ᠠᠷᠭ᠎ᠠ ᠬᠡᠮᠵᠢᠶ᠎ᠠ ᠶᠢ ᠵᠡᠷᠭᠡ ᠪᠠᠷ ᠬᠡᠷᠡᠭᠵᠢᠭᠦᠯᠵᠦ ᠶᠡᠭᠡ ᠲᠡᠭᠡᠲᠦ ᠰᠤᠷᠭᠠᠭᠤᠯᠢ ᠠᠴᠠ ᠲᠡᠭᠦᠰᠦᠭᠰᠡᠡ ᠤᠶᠤᠲᠠᠳ ᠵᠡᠷᠭᠡ ᠳᠤ ᠠᠵᠢᠯ ᠤᠯᠭᠤᠬᠤ ᠠᠵᠢᠯ ᠢ ᠰᠠᠶᠢᠳᠤᠷ ᠬᠢᠵᠦ᠂ ᠠᠵᠢᠯ ᠤᠯᠭᠤᠯᠲᠠ ᠶᠢᠨ ᠶᠡᠭᠡ ᠲᠠᠯ᠎ᠠ ᠶᠢᠨ ᠲᠤᠭᠲᠠᠭᠤᠨ ᠪᠠᠶᠢᠬᠤ ᠶᠢ ᠦᠨᠡᠨ ᠬᠦ ᠪᠠᠳᠤᠯᠠᠬᠤ ᠭᠡᠷᠡᠭᠲᠡᠢ ᠭᠡᠵᠦ ᠵᠢᠭᠠᠵᠦ ᠭᠠᠷᠭᠠᠪᠠ᠃      ᠬᠤᠷᠠᠯ ᠠᠴᠠ᠂ ᠲᠤᠲᠤᠭᠠᠲᠤ ᠭᠡᠷᠡᠭᠴᠡᠭᠡ ᠪᠠᠨ ᠢᠲᠡᠪᠬᠢᠲᠠᠢ ᠦᠷᠭᠡᠳᠭᠡᠵᠦ᠂ ᠭᠠᠲᠠᠭᠠᠲᠤ ᠭᠡᠷᠡᠭᠴᠡᠭᠡ ᠶᠢ ᠲᠤᠭᠲᠠᠪᠤᠷᠢᠵᠢᠭᠤᠯᠬᠤ ᠭᠡᠷᠡᠭᠲᠡᠢ᠃ ᠭᠤᠤᠯᠲᠠᠯᠭ᠎ᠠ ᠲᠠᠢ ᠬᠦᠷᠢᠶ᠎ᠠ ᠳᠤ ᠠᠩᠬᠠᠷᠤᠯ ᠢᠶᠠᠨ ᠲᠦᠪᠯᠡᠷᠡᠭᠦᠯᠤᠨ᠂ ᠤᠷᠤᠨ ᠨᠤᠲᠤᠭ ᠤᠨ ᠵᠠᠰᠠᠭ ᠤᠨ ᠤᠷᠲᠤᠨ ᠤ ᠲᠤᠰᠬᠠᠢ ᠵᠢᠭᠡᠯᠡᠯᠭᠡ ᠶᠢᠨ ᠲᠡᠮᠲᠡᠭᠲᠦ ᠳᠠᠷᠬᠠᠭᠠᠬᠤ ᠠᠵᠢᠯ ᠢ ᠰᠢᠯᠢᠲᠡᠭᠵᠢᠭᠦᠯᠵᠦ ᠂ ᠲᠦᠪ ᠤᠨ ᠲᠦᠰᠦᠪ ᠤᠨ ᠲᠤᠲᠤᠷᠠᠬᠢ ᠪᠡᠯᠡ ᠤᠷᠤᠭᠤᠯᠤᠯᠲᠠ ᠶᠢ ᠰᠠᠶᠢᠳᠤᠷ ᠭᠡᠷᠡᠭᠯᠡᠨ᠂ ᠠᠷᠠᠳ ᠤᠨ ᠪᠡᠯᠡ ᠤᠷᠤᠭᠤᠯᠤᠯᠲᠠ ᠶᠢᠨ ᠢᠲᠡᠪᠬᠢᠵᠢᠯ ᠢ ᠲᠠᠶᠢᠴᠢᠯᠠᠵᠦ᠂ ᠨᠢᠭᠡ ᠪᠦᠯᠦᠭ ᠴᠢᠬᠤᠯᠠ ᠶᠡᠭᠡ ᠲᠦᠷᠦᠯ ᠵᠦᠢᠯ ᠤᠨ ᠪᠦᠲᠦᠭᠡᠡ ᠪᠠᠶᠢᠭᠤᠯᠤᠯᠲᠠ ᠶᠢ ᠲᠦᠷᠭᠡᠳᠭᠡᠨ ᠠᠬᠢᠭᠤᠯᠬᠤ ᠬᠡᠷᠡᠭᠲᠡᠢ᠃ ᠦᠢᠯᠡᠴᠢᠯᠡᠭᠡ ᠭᠡᠷᠡᠭᠯᠡᠭᠡ ᠶᠢᠨ ᠶᠠᠰᠤ ᠴᠢᠨᠠᠷ ᠢ ᠲᠡᠭᠡᠭᠰᠢᠯᠡᠭᠦᠯᠤᠨ ᠪᠠᠭᠳᠠᠭᠠᠮᠵᠢ ᠶᠢ ᠨᠡᠮᠡᠭᠲᠡᠭᠦᠯᠬᠦ ᠶᠢ ᠠᠬᠢᠭᠤᠯᠵᠦ᠂ ᠪᠤᠲᠠᠲᠤ ᠪᠤᠲᠠᠰ ᠤᠨ ᠲᠠᠸᠠᠷ ᠤᠨ ᠬᠡᠷᠡᠭᠯᠡᠭᠡ ᠶᠢ ᠦᠷᠭᠡᠳᠭᠡᠨ᠂ ᠰᠢᠨ᠎ᠠ ᠬᠡᠷᠡᠭᠯᠡᠭᠡ ᠶᠢᠨ ᠲᠠᠯᠲᠠ ᠬᠦᠴᠤᠨ ᠢ ᠲᠦᠷᠭᠡᠳᠭᠡᠨ ᠪᠠᠲᠠᠷᠠᠭᠤᠯᠬᠤ ᠬᠡᠷᠡᠭᠲᠡᠢ᠃ ᠭᠠᠲᠠᠭᠠᠲᠤ ᠠᠷᠠᠯᠵᠢᠶᠠᠠ ᠤ ᠠᠵᠦ ᠠᠬᠤᠢᠢᠯᠠᠯ ᠤᠨ ᠠᠵᠢᠯ ᠪᠤᠯᠤᠨ ᠦᠢᠯᠡᠳᠪᠦᠷᠢᠯᠡᠯ ᠢ ᠱᠠᠯᠠᠪᠲᠠᠠ ᠰᠡᠷᠭᠦᠭᠡᠵᠦ᠂ ᠠᠷᠠᠯᠵᠢᠶᠠᠠ ᠤ ᠪᠡᠯᠡ ᠮᠦᠩᠭᠦ ᠬᠤᠷᠠᠮᠳᠤᠭᠤᠯᠬᠤ ᠶᠢ ᠳᠡᠮᠵᠢᠬᠦ ᠪᠠᠨ ᠴᠢᠩᠭᠠᠳᠬᠠᠨ᠂ ᠭᠠᠲᠠᠭᠠᠲᠤ ᠭᠠᠷᠭᠠᠯᠲᠠ ᠶᠢᠨ ᠢᠲᠡᠭᠡᠮᠵᠢᠲᠦ ᠲᠠᠭᠠᠳᠬᠠᠯ ᠤᠨ ᠦᠢᠯᠡᠲᠦᠯ ᠢ ᠬᠦᠢᠴᠡᠳ ᠪᠠᠲᠠᠷᠠᠭᠤᠯᠬᠤ ᠭᠡᠷᠡᠭᠲᠡᠢ᠃ ᠤᠯᠠᠠ ᠤᠯᠤᠰ ᠤᠨ ᠵᠤᠬᠢᠴᠠᠭᠤᠯᠭ᠎ᠠ ᠬᠠᠮᠲᠤᠷᠠᠯᠴᠠᠭ᠎ᠠ ᠳᠤ ᠢᠲᠡᠪᠬᠢᠲᠠᠢ ᠤᠷᠤᠯᠴᠠᠵᠦ᠂ ᠭᠠᠲᠠᠭᠠᠲᠤ ᠠᠷᠠᠯᠵᠢᠶᠠᠠ ᠤ ᠬᠦᠭᠵᠢᠯᠲᠠ ᠳᠤ ᠰᠠᠶᠢᠠ ᠰᠠᠶᠢᠬᠠᠠ ᠤᠯᠠᠠ ᠤᠯᠤᠰ ᠤᠨ ᠤᠷᠴᠢᠨ ᠲᠤᠭᠤᠷᠢᠨ ᠢ ᠪᠦᠷᠢᠯᠳᠦᠭᠦᠯᠵᠦ ᠦᠭᠬᠦ ᠬᠡᠷᠡᠭᠲᠡᠢ᠃ ᠭᠠᠲᠠᠭᠠᠲᠤ ᠪᠡᠯᠡᠲᠦ ᠲᠤᠮᠤ ᠲᠦᠷᠦᠯ ᠵᠦᠢᠯ ᠢ ᠪᠤᠳᠠᠳᠠᠢ ᠳᠤ ᠨᠠᠶᠢᠳᠠᠪᠤᠷᠢᠵᠢᠭᠤᠯᠬᠤ ᠠᠵᠢᠯ ᠢ ᠠᠬᠢᠭᠤᠯᠵᠦ᠂ ᠭᠠᠲᠠᠭᠠᠲᠤ ᠶᠢᠨ ᠠᠷᠠᠯᠵᠢᠶᠠᠴᠢᠠ ᠤ ᠪᠡᠯᠡ ᠤᠷᠤᠭᠤᠯᠤᠯᠲᠠ ᠶᠢᠨ ᠬᠠᠤᠯᠢ ᠵᠢᠴᠢ ᠢᠵᠢ ᠪᠦᠷᠢᠲᠦᠭᠰᠡᠡ ᠬᠠᠤᠯᠢ ᠲᠤᠭᠲᠠᠭᠠᠯ ᠢ ᠰᠠᠶᠢᠳᠤᠷ ᠭᠡᠷᠡᠭᠵᠢᠭᠦᠯᠵᠦ᠂ ᠭᠠᠲᠠᠭᠠᠲᠤ ᠶᠢᠨ ᠠᠷᠠᠯᠵᠢᠶᠠᠴᠢᠠ ᠤ ᠪᠡᠯᠡ ᠤᠷᠤᠭᠤᠯᠤᠯᠲᠠ ᠶᠢᠨ ᠤᠷᠴᠢᠨ ᠨᠦᠬᠦᠴᠡᠯ ᠢ ᠰᠢᠯᠢᠲᠡᠭᠵᠢᠭᠦᠯᠤᠨ᠂ ᠭᠠᠲᠠᠭᠠᠲᠤ ᠪᠡᠯᠡ ᠶᠢᠨ ᠬᠠᠤᠯᠢ ᠶᠤᠰᠤᠨ ᠤ ᠡᠷᠭᠡ ᠠᠰᠢᠭ ᠢ ᠬᠠᠮᠠᠭᠠᠯᠠᠬᠤ ᠭᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠬᠢᠵᠢᠭ ᠤᠨ ᠪᠠᠶᠢᠲᠠᠯ ᠢ ᠰᠡᠷᠭᠡᠶᠢᠯᠡᠡ ᠡᠵᠡᠮᠲᠡᠬᠦ ᠪᠠ ᠠᠵᠦ ᠠᠬᠤᠢ ᠨᠡᠶᠢᠭᠡᠮ ᠤᠨ ᠬᠦᠭᠵᠢᠯᠲᠠ ᠶᠢ ᠨᠢᠭᠡᠲᠦᠯᠲᠠᠢ ᠲᠦᠯᠦᠪᠵᠢᠭᠦᠯᠦᠨ ᠰᠠᠶᠢᠲᠤᠷ ᠬᠢᠬᠦ ᠪᠤᠯ ᠶᠡᠭᠡ ᠲᠠᠶᠢᠯᠠᠯᠲᠤᠭᠠᠠ ᠪᠤᠯᠬᠤ ᠪᠦᠭᠡᠳ ᠪᠠᠰᠠ ᠶᠡᠭᠡ ᠰᠢᠯᠭᠠᠯᠲᠠ ᠪᠤᠯᠬᠤ ᠶᠤᠮ᠃ ᠡᠯ᠎ᠠ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠤᠷᠲᠤᠨ ᠪᠤᠯᠤᠨ ᠡᠯ᠎ᠠ ᠱᠠᠲᠤᠨ ᠤ ᠤᠲᠤᠷᠢᠳᠬᠤ ᠺᠠᠳ᠋ᠷᠴᠤᠳ ᠬᠠᠷᠢᠭᠤᠴᠠᠯᠭ᠎ᠠ ᠪᠠᠨ ᠡᠬᠦᠷᠭᠡᠯᠡᠵᠦ᠂ ᠰᠢᠯᠭᠠᠯᠲᠠ ᠶᠢ ᠲᠠᠭᠠᠭᠠᠵᠦ᠂ ᠬᠠᠷᠢᠭᠤᠴᠠᠯᠭ᠎ᠠ ᠡᠬᠦᠷᠭᠡᠯᠡᠬᠦ ᠡᠷᠴᠢ ᠵᠤᠷᠢᠭ ᠲᠠᠢ ᠪᠦᠭᠡᠳ ᠪᠠᠰᠠ ᠰᠢᠨᠵᠢᠯᠡᠬᠦ ᠤᠬᠠᠭᠠᠠᠴᠢ ᠪᠠᠷ ᠰᠡᠷᠭᠡᠶᠢᠯᠡᠡ ᠡᠵᠡᠮᠲᠡᠬᠦ ᠤᠶᠤᠨ ᠤᠬᠠᠭᠠᠠ ᠲᠠᠢ ᠪᠠᠶᠢᠵᠦ᠂ ᠨᠢᠭᠡᠲᠦᠯᠲᠠᠢ ᠲᠦᠯᠦᠪᠵᠢᠭᠦᠯᠦᠨ ᠨᠡᠶᠢᠲᠡ ᠳᠤᠨᠢ ᠬᠠᠷᠠᠭᠠᠯᠵᠠᠬᠤ ᠪᠤᠲᠤᠯᠭ᠎ᠠ ᠲᠠᠢ ᠪᠠᠶᠢᠬᠤ ᠪᠦᠭᠡᠳ ᠪᠠᠰᠠ ᠵᠤᠬᠢᠶᠠᠠ ᠪᠠᠶᠢᠭᠤᠯᠵᠦ ᠭᠡᠷᠡᠭᠵᠢᠭᠦᠯᠬᠦ ᠴᠢᠲᠠᠪᠤᠷᠢ ᠲᠠᠢ ᠪᠠᠶᠢᠵᠦ᠂ ᠠᠵᠢᠯ ᠤᠨ ᠨᠠᠶᠢᠲᠠᠪᠤᠷᠢᠵᠢᠭᠤᠯᠤᠯᠳᠠ ᠶᠢ ᠦᠨᠡᠡ ᠬᠦ ᠰᠠᠶᠢᠳᠤᠷ ᠠᠳᠬᠤᠨ᠂ ᠶᠡᠭᠡ ᠲᠠᠶᠢᠯᠠᠯᠲᠤᠭᠠᠠ ᠲᠤᠮᠲᠠ ᠤᠭ ᠰᠠᠨᠠᠭ᠎ᠠ ᠡᠬᠦᠷᠭᠡ ᠬᠠᠷᠢᠭᠤᠴᠠᠯᠭ᠎ᠠ ᠪᠠᠨ ᠦᠢᠯᠡᠲᠦᠯᠭᠡᠵᠢᠭᠦᠯᠵᠤ᠂ ᠶᠡᠭᠡ ᠰᠢᠯᠭᠠᠯᠲᠠ ᠳᠤ ᠬᠢᠷᠢ ᠲᠠᠩᠴᠡᠭᠰᠡᠡ ᠬᠠᠷᠢᠭᠤᠯᠲᠠ ᠲᠤᠰᠢᠶᠠᠵᠦ᠂ ᠬᠢᠵᠢᠭ ᠤᠨ ᠪᠠᠶᠢᠲᠠᠯ ᠢ ᠰᠡᠷᠭᠡᠶᠢᠯᠡᠡ ᠡᠵᠡᠮᠲᠡᠬᠦ ᠠᠷᠠᠳ ᠤᠨ ᠲᠠᠶᠢᠨ᠂ ᠶᠡᠷᠦᠩᠭᠡᠢ ᠲᠠᠶᠢᠯᠠᠯᠲᠤᠭᠠᠠ᠂ ᠬᠤᠷᠢᠠᠠᠯᠠᠠ ᠠᠷᠢᠯᠭᠠᠬᠤ ᠲᠠᠶᠢᠯᠠᠯᠲᠤᠭᠠᠠ ᠤ ᠢᠯᠠᠯᠲᠠ ᠶᠢ ᠤᠯᠬᠤ ᠶᠢ ᠪᠠᠲᠤᠯᠠᠵᠦ᠂ ᠪᠦᠬᠦ ᠵᠢᠯ ᠤᠨ ᠠᠵᠦ ᠠᠬᠤᠢ ᠨᠡᠶᠢᠭᠡᠮ ᠤᠨ ᠬᠦᠭᠵᠢᠯᠲᠠ ᠶᠢᠨ ᠬᠠᠷᠠᠯᠲᠠ ᠡᠬᠦᠷᠭᠡ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃    
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号