ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠨᠡᠷ ᠣᠯᠠᠭᠠᠠᠳᠣᠯᠣᠭᠠᠢ ᠪᠠᠯᠭᠠᠰᠣ᠂ ᠭᠠᠯᠠᠭᠤᠲᠤ ᠪᠠᠯᠭᠠᠰᠤᠨ ᠳᠤ ᠭᠥᠨᠵᠡᠭᠡᠶᠢᠷᠠᠨ ᠭᠤᠤᠯᠳᠠᠯᠭ᠎ᠠ ᠲᠠᠢ ᠠᠵᠢᠯ ᠳᠤ ᠭᠢᠨᠠᠨ ᠵᠢᠯᠤᠭᠤᠳᠤᠯᠭ᠎ᠠ ᠪᠠᠶᠢᠴᠠᠭᠠᠨ ᠰᠤᠳᠤᠯᠤᠯᠳᠠ ᠬᠢᠪᠠ
ᠨᠡᠶᠢᠲᠡᠯᠡᠭᠰᠡᠨ ᠴᠠᠭ᠄
2020-02-17
    2 ᠰᠠᠷ᠎ᠠ ᠶᠢᠨ 12 — 13 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠨᠡᠷ ᠣᠯᠠᠭᠠᠠᠳᠣᠯᠣᠭᠠᠢ ᠪᠠᠯᠭᠠᠰᠣ᠂ ᠭᠠᠯᠠᠭᠤᠲᠤ ᠪᠠᠯᠭᠠᠰᠤᠨ ᠳᠤ ᠬᠦᠷᠴᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠪᠠ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠠᠭᠤᠨ ᠡᠳᠦᠷ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠵᠡᠷᠭᠡ ᠭᠤᠤᠯᠳᠠᠯᠭ᠎ᠠ ᠲᠠᠢ ᠠᠵᠢᠯ  ᠳᠤ ᠭᠢᠨᠠᠨ ᠵᠢᠯᠤᠭᠤᠳᠤᠯᠭ᠎ᠠ ᠪᠠᠶᠢᠴᠠᠭᠠᠨ ᠰᠤᠳᠤᠯᠤᠯᠳᠠ ᠭᠢᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ  ᠢ ᠨᠢᠭᠡᠳᠦᠯᠲᠡᠶ ᠲᠥᠯᠥᠪᠯᠡᠨ ᠰᠠᠶᠢᠲᠤᠷ ᠬᠢᠬᠦ ᠶᠢᠨ ᠬᠠᠮᠲᠤ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠶᠠᠳᠠᠭᠤ ᠶᠢ ᠲᠡᠳᠬᠦᠬᠦ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠭᠤᠣᠯᠳᠠᠯᠭ᠎ᠠ ᠪᠠᠨ ᠲᠤᠪᠤᠶᠢᠯᠭᠠᠨ᠂ ᠯᠠᠪᠳᠠᠭᠤᠨ ᠪᠠᠲᠤᠲᠠᠢ ᠠᠵᠢᠯᠯᠠᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠬᠤ ᠪᠠ ᠣᠷᠣᠰᠢᠨ ᠰᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠠᠭᠤᠨ ᠡᠳᠦᠷ ᠤᠨ ᠪᠣᠭᠤᠮᠲᠠ ᠰᠢᠪᠲᠤᠯᠬᠤ ᠵᠡᠷᠬᠡ ᠠᠵᠢᠯ ᠢ ᠰᠠᠶᠢᠨ ᠬᠢᠵᠦ ᠠᠷᠠᠳ ᠤᠯᠠᠨ ᠤ ᠠᠰᠢᠭ ᠬᠦᠷᠳᠡᠭᠰᠠᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ ᠭᠡᠵᠤ ᠴᠢᠬᠤᠯᠠᠴᠢᠯᠠᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠰᠣᠷᠭᠠᠯᠳᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠲᠡᠳ᠋ ᠲᠠᠷᠤᠭ᠎ᠠ ᠵᠠᠩ ᡁᠢ ᠰᠢᠦ᠋ᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠠᠮ ᠤᠨ ᠬᠤᠷᠢᠶᠠᠨ ᠤ ᠠᠯᠪᠠᠨ ᠭᠡᠷ ᠤᠨ ᠡᠷᠭᠢᠯᠡᠭᠴᠢ ᠵᠣᠣ ᠶᠦᠩ ᠹᠧᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠲᠡᠳ᠋ ᠲᠠᠷᠤᠭ᠎ᠠ ᠯᠢ ᠵᠥᠩ ᠯᠢᠨ᠂ ᠬᠤᠰᠢᠭᠤ ᠲᠡᠳ᠋ ᠲᠠᠷᠤᠭ᠎ᠠ ᠪᠠᠶᠠᠨᠴᠡᠩᠭᠡᠯ ᠵᠢᠴᠢ ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠶᠠᠳᠠᠭᠤ ᠶᠢ ᠲᠡᠳᠬᠦᠬᠦ ᠠᠯᠪᠠᠨ ᠬᠡᠷ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ  ᠤᠨ ᠬᠠᠷᠢᠭᠤᠴᠠᠯᠭᠠᠳᠠᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠶ᠃
    ᠡᠷᠳᠡᠨᠢᠪᠢᠯᠢᠭ ᠨᠠᠷ ᠣᠯᠠᠭᠠᠠᠳᠣᠯᠣᠭᠠᠢ ᠪᠠᠯᠭᠠᠰᠣ ᠪᠠ ᠭᠠᠯᠠᠭᠤᠲᠤ ᠪᠠᠯᠭᠠᠰᠤᠨ ᠤ ᠡᠯ᠎ᠠ ᠭᠠᠴᠠᠭ᠎ᠠ ᠲᠣᠰᠬᠤᠨ᠂ ᠠᠵᠤ ᠠᠬᠤᠶᠢᠯᠠᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠡᠭ ᠵᠡᠷᠭᠡ ᠭᠠᠵᠠᠷ ᠢᠶᠠᠷ ᠭᠦᠨᠵᠡᠭᠡᠶᠢᠷᠡᠨ ᠠᠷᠭ᠎ᠠ ᠬᠡᠮᠵᠢᠶ᠎ᠡ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠨ ᠦᠵᠡᠪᠡ᠃ ᠲᠡᠷᠡ ᠴᠢᠬᠤᠯᠠᠴᠢᠯᠠᠭᠰᠠᠨ ᠨᠢ ᠶᠡᠷᠦᠩᠬᠡᠶ ᠱᠦᠵᠢ ᠰᠢ ᠶᠢᠨ ᠫᠢᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠬᠤ ᠲᠤᠬᠠᠶ ᠴᠢᠬᠤᠯᠠ ᠵᠢᠭᠠᠪᠤᠷᠢ ᠪᠣᠯᠤᠨ ᠲᠥᠪ ᠬᠤᠷᠢᠶᠠᠨ ᠤ ᠤᠯᠤᠰ ᠲᠥᠷᠥ ᠶᠢᠨ ᠲᠤᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠰᠤᠷᠤᠯᠴᠠᠨ ᠳᠣᠭᠤᠰᠢᠯᠠᠭᠤᠯᠵᠣ ᠣᠯᠠᠨ ᠢᠶᠠᠷ ᠢᠶᠠᠨ ᠰᠡᠷᠭᠡᠶᠢᠯᠡᠨ ᠣᠯᠠᠨ  ᠢᠶᠠᠷ ᠢᠶᠠᠨ ᠡᠵᠡᠮᠳᠡᠬᠦ ᠶᠢ ᠤᠯᠠᠮ ᠨᠢᠭᠡ ᠠᠯᠬᠤᠮ ᠴᠢᠩᠭᠠᠳᠬᠠᠨ ᠠᠵᠤ ᠠᠬᠤᠶᠢᠯᠠᠯ ᠤᠨ ᠦᠢᠯᠡᠳᠪᠦᠷᠢᠯᠡᠯ ᠢᠶᠠᠨ ᠰᠡᠷᠭᠦᠭᠡᠬᠦ ᠠᠵᠢᠯ ᠢ ᠰᠠᠶᠢᠲᠤᠷ ᠬᠢᠵᠦ᠂ ︽ᠠᠵᠤ ᠠᠬᠤᠶᠢᠯᠠᠯ ᠪᠣᠯᠭᠠᠨ ᠳᠠᠩᠰᠠ ᠡᠪᠬᠡᠮᠡᠯ ᠲᠠᠢ︾᠂ ︽ᠬᠥᠮᠦᠨ ᠪᠣᠯᠭᠠᠨ ᠳᠠᠩᠰᠠ ᠡᠪᠬᠡᠮᠡᠯ ᠲᠠᠢ︾ ᠪᠠᠶᠢᠬᠤ ᠱᠠᠭᠠᠷᠳᠠᠯᠭ᠎ᠠ ᠶᠣᠰᠣᠭᠠᠷ ᠠᠵᠢᠯᠲᠠᠨ ᠠᠵᠢᠯᠴᠢᠳ ᠤᠨ ᠬᠠᠮᠢᠶᠠᠷᠤᠯᠳᠠ ᠶᠢ ᠴᠢᠩᠭᠠᠳᠬᠠᠬᠤ ᠬᠡᠷᠡᠭᠲᠡᠶ᠃ ᠣᠳᠣᠬᠠᠨ ᠤ ᠪᠠᠶᠢᠳᠠᠯ ᠳᠤ ᠰᠠᠭᠤᠷᠢᠯᠠᠨ ᠠᠯᠤᠰ ᠬᠤᠯᠠ ᠶᠢ ᠪᠣᠳᠣᠯᠬᠢᠯᠠᠵᠤ᠂ ᠬᠢᠵᠢᠭ  ᠤᠨ ᠪᠠᠶᠢᠳᠠᠯ ᠢ ᠬᠢᠨᠠᠨ ᠬᠠᠮᠢᠶᠠᠷᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠶᠤᠯ ᠦᠭᠡᠢ ᠦᠶᠯᠡᠳᠪᠦᠷᠢᠯᠡᠯ ᠢ ᠴᠢᠬᠤᠯᠠᠴᠢᠯᠠᠭᠰᠠᠨ ᠤᠷᠢᠲᠠᠯ ᠲᠤᠤᠷ᠎ᠠ ᠥᠢᠯᠠᠳᠪᠤᠷᠢᠯᠠᠯ ᠡᠵᠡᠩᠨᠠᠯᠳᠠ ᠶᠢ ᠰᠠᠶᠢᠳᠣᠷ ᠭᠢᠭᠦ ᠬᠡᠷᠡᠭᠲᠡᠶ᠃ ᠮᠠᠯᠵᠢᠬᠤ ᠲᠠᠷᠢᠶᠠᠯᠠᠬᠤ ᠣᠷᠣᠨ ᠤ ᠣᠶᠤᠨ ᠤ ᠪᠣᠯᠪᠠᠰᠤᠨ ᠤ ᠬᠥᠮᠦᠵᠢᠯ ᠢ ᠴᠢᠩᠭᠠᠳᠬᠠ ᠣᠯᠠᠨ ᠲᠦᠮᠡᠨ ᠤ ᠪᠣᠯᠪᠠᠰᠤᠨ ᠬᠡᠪ ᠴᠢᠨᠠᠷ ᠪᠣᠯᠤᠨ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠲᠡᠭᠡᠭᠰᠢᠯᠠᠭᠦᠯᠤᠨ ᠶᠡᠭᠡ ᠲᠠᠯ᠎ᠠ ᠶᠢᠨ ᠤᠬᠠᠮᠰᠠᠷ ᠪᠠ ᠪᠦᠬᠦ ᠲᠠᠯ᠎ᠠ ᠶᠢᠨ ᠦᠵᠡᠯᠲᠡ ᠶᠢ ᠪᠤᠢ ᠪᠤᠯᠭᠠᠨ ᠬᠠᠤᠯᠢ ᠪᠠᠷ ᠵᠠᠰᠠᠬᠤ ᠤᠬᠠᠮᠰᠠᠷ᠂ ᠰᠡᠷᠭᠡᠶᠢᠯᠡᠨ ᠡᠵᠡᠮᠳᠡᠬᠦ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ ᠭᠡᠵᠡᠢ᠃
    ᠡᠷᠳᠡᠨᠢᠪᠢᠯᠢᠭ ᠱᠠᠭᠠᠷᠳᠠᠭᠰᠠᠨ ᠨᠢ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠪᠣᠯᠤᠨ ᠠᠵᠤ ᠠᠬᠤᠶᠢᠯᠠᠯ ᠤᠨ  ᠬᠢᠨ ᠲᠡᠭᠡᠳᠤ ᠱᠠᠲᠤᠨ ᠤ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠤᠨ ᠠᠵᠢᠯ ᠤᠨ ᠱᠠᠭᠠᠷᠳᠠᠯᠭ᠎ᠠ ᠶᠢ ᠡᠷᠡᠰ ᠳᠣᠭᠤᠰᠢᠯᠠᠭᠤᠯᠣᠨ ᠨᠠᠶᠢᠳᠠᠪᠤᠷᠢᠵᠢᠭᠤᠯᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠪᠣᠯᠤᠨ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠠᠬᠢᠭᠤᠯᠵᠤ ᠮᠠᠯᠴᠢᠨ ᠲᠠᠷᠢᠶᠠᠴᠢᠳ ᠤᠨ ᠥᠪᠡᠷ ᠢ ᠪᠠᠨ ᠬᠠᠮᠠᠭᠠᠯᠠᠬᠤ ᠶᠢ ᠲᠠᠶᠢᠴᠢᠯᠠᠨ ᠣᠷᠴᠢᠨ ᠲᠣᠭᠤᠷᠢᠨ ᠤ ᠠᠷᠢᠭᠤᠨ ᠴᠡᠪᠡᠷ ᠢ ᠢᠳᠡᠪᠬᠢᠳᠡᠢ ᠴᠡᠭᠴᠡᠯᠡᠨ ᠵᠠᠰᠠᠵᠣ  ᠪᠣᠯᠪᠠᠰᠤᠨ᠂ ᠠᠷᠢᠭᠤᠨ ᠴᠡᠪᠡᠷ᠂ ᠲᠡᠷᠢ ᠲᠡᠭᠰᠢ᠂ ᠡᠮᠬᠢ ᠵᠢᠷᠤᠮ ᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠥᠲᠥᠭᠡᠨ ᠪᠠᠶᠢᠭᠤᠯᠬᠤ ᠬᠡᠷᠡᠭᠲᠡᠶ᠃ ᠬᠠᠷᠢᠶ᠎ᠠ ᠣᠷᠣᠨ ᠤ ᠣᠷᠴᠢᠨ ᠲᠣᠭᠤᠷᠢᠨ ᠤ ᠪᠣᠬᠢᠷᠲᠤᠯ ᠤᠨ ᠠᠰᠠᠭᠤᠳᠠᠯ ᠢ ᠪᠥᠭᠦ ᠲᠠᠯ᠎ᠠ ᠪᠠᠷ ᠣᠶᠢᠯᠠᠭᠠᠬᠤ ᠶᠢᠨ ᠬᠠᠮᠲᠤ ᠳᠣᠪᠣᠶᠢᠮ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠬᠤ ᠬᠡᠷᠡᠭᠲᠡᠶ᠃ ᠪᠦᠬᠦ ᠠᠷᠠᠳ ᠢᠶᠠᠷ  ᠢᠶᠠᠨ ᠤᠷᠤᠯᠴᠠᠨ ᠬᠠᠮᠲᠤᠪᠠᠷ ᠪᠠᠶᠢᠭᠤᠯᠵᠤ ᠬᠠᠮᠲᠤᠪᠠᠷ ᠵᠠᠰᠠᠵᠤ ᠬᠠᠮᠲᠤᠪᠠᠷ ᠡᠳ᠋ᠯᠡᠬᠦ ᠰᠢᠨ᠎ᠡ ᠪᠠᠶᠢᠳᠠᠯ ᠢ ᠪᠤᠢ ᠪᠤᠯᠭᠠᠨ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠠᠭᠤᠨ ᠡᠳᠦᠷ ᠤᠨ ᠪᠣᠭᠤᠮᠲᠠ ᠰᠢᠪᠳᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠬᠦᠴᠦᠷᠬᠡᠭ ᠶᠡᠭᠡ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠠᠯᠠᠭᠦᠯᠭᠦ ᠬᠠᠷᠠᠯᠲᠠ ᠲᠠᠢ ᠣᠶᠠᠯᠳᠣᠭᠤᠯᠣᠨ ︽ᠮᠠᠯ ᠳᠠᠷᠢᠶᠠᠯᠠᠩ ᠠᠵᠣ ᠠᠬᠤᠢ᠂ ᠮᠠᠯᠵᠢᠬᠤ ᠳᠠᠷᠢᠶᠠᠯᠠᠬᠤ ᠣᠷᠣᠨ᠂ ᠮᠠᠯᠴᠢᠨ ᠳᠠᠷᠢᠶᠠᠴᠢᠨ︾ ᠤ ᠠᠵᠢᠯ ᠤᠨ ᠲᠤᠳᠠᠭᠳᠠᠯ ᠢ ᠲᠦᠷᠭᠡᠨ ᠨᠥᠭᠦᠪᠤᠷᠢᠯᠠᠨ ᠬᠥᠳᠡᠭᠡ ᠲᠣᠰᠬᠤᠨ ᠢ ᠭᠥᠭᠵᠢᠭᠦᠯᠤᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠭᠠᠴᠠᠭ᠎ᠠ ᠲᠤᠰᠬᠤᠨ ᠤ ᠬᠠᠮᠲᠤ ᠶᠢᠨ ᠠᠵᠤ ᠠᠬᠤᠶ ᠶᠢ ᠪᠤᠵᠠᠭᠠᠶᠢᠷᠠᠭᠤᠯᠤᠨ ᠠᠵᠤ ᠦᠶᠯᠡᠰ ᠢᠶᠠᠷ ᠶᠠᠳᠠᠭᠤ ᠶᠢ ᠲᠡᠳᠬᠦᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠤᠨᠴᠠᠯᠢᠬᠳᠤ ᠠᠵᠤ ᠦᠶᠯᠡᠰ ᠢ ᠬᠦᠭᠵᠢᠬᠦᠯᠬᠦ ᠡᠷᠴᠢᠮ ᠢ ᠴᠢᠩᠭᠠᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠰᠡᠭᠦᠯ ᠬᠤᠷᠢᠶᠠᠬᠤ ᠳᠠᠶᠢᠯᠠᠯᠳᠤᠭᠠᠨ ᠤ ᠢᠯᠡᠯᠳᠠ ᠣᠯᠬᠤ ᠬᠡᠷᠡᠭᠲᠡᠶ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号