2 ᠰᠠᠷ᠎ᠠ ᠶᠢᠨ 14 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ | ᠹᠸᠢ ᠯᠦ ᠭᠠᠯᠠᠭᠤᠳᠤ ᠪᠠᠯᠭᠠᠰᠤᠨ ᠤ ᠬᠡᠰᠡᠭ ᠰᠠᠭᠤᠭᠠᠯᠢ ᠲᠣᠭᠤᠷᠢᠭ᠂ ᠪᠣᠷᠣ ᠭᠡᠷᠳᠤ ᠲᠣᠭᠤᠷᠢᠭ ᠢᠶᠠᠷ ᠭᠥᠨᠵᠠᠭᠡᠶᠢᠷᠠᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠬᠢᠨᠠᠨ ᠵᠢᠯᠤᠭᠤᠳᠤᠯᠭ᠎ᠠ ᠪᠠᠶᠢᠴᠠᠭᠠᠯᠳᠠ ᠭᠢᠭᠰᠡᠨ ᠪᠠᠶᠢᠨ᠎ᠠ᠃ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ | ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠠᠨ ᠲᠢᠶᠠᠨ ᠪᠤᠯᠤᠨ ᠬᠤᠰᠢᠭᠤ ᠵᠠᠰᠠᠭ ᠤᠨ ᠣᠷᠳᠣᠨ ᠤ ᠠᠯᠪᠠᠨ ᠬᠡᠷ | ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠪᠠᠶᠢᠴᠠᠭᠠᠯᠳᠠ ᠳᠤ ᠤᠷᠤᠯᠴᠠᠪᠠ᠃ | | | ᠵᠤᠤ ᠹᠸᠢ ᠯᠤ᠋ ᠨᠠᠷ ᠤᠷᠢᠳ ᠬᠤᠵᠢᠳ ᠶᠤᠸᠠᠨ ᠳ᠋ᠢᠩ ᠰᠠᠭᠤᠭᠠᠯᠢ ᠲᠣᠭᠤᠷᠢᠭ᠂ ᠳ᠋ᠢᠶᠠᠨ ᠯᠢ A ᠰᠠᠭᠤᠭᠠᠯᠢ | ᠲᠣᠭᠤᠷᠢᠭ᠂ ᠠᠨ ᠰᠢ ᠵᠢᠶᠠ ᠶᠤᠸᠠᠨ ᠰᠠᠭᠤᠭᠠᠯᠢ ᠳᠣᠭᠤᠷᠢᠭ᠂ ᠾᠧ ᠰᠢᠩ ᠶᠤᠸᠠᠨ ᠰᠠᠭᠤᠭᠠᠯᠢ ᠲᠣᠭᠤᠷᠢᠭ ᠵᠡᠷᠭᠡ | ᠭᠠᠵᠠᠷ ᠪᠤᠯᠤᠨ ᠣᠣᠯ ᠤᠨ ᠬᠤᠶᠠᠳᠤᠭᠠᠷ ᠵᠠᠬ᠎ᠠ ᠳᠡᠯᠭᠡᠭᠦᠷ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠠᠵᠢᠯᠯᠠᠬᠤ ᠠᠰᠠᠷ ᠵᠡᠷᠬᠡ ᠶᠢᠨ ᠬᠠᠵᠠᠭᠤ ᠳᠠᠬᠢ ᠵᠡᠭᠡᠯᠢ ᠭᠤᠳᠤᠮᠵᠢ ᠪᠠᠷ | ᠭᠦᠨᠵᠡᠭᠡᠶᠢᠷᠡᠵᠦ ᠵᠢᠵᠢᠬᠦᠷᠯᠡᠭᠴᠢᠳ ᠤᠨ ᠵᠢᠵᠢᠭᠦᠷᠯᠠᠵᠤ ᠪᠠᠶᠢᠭ᠎ᠠ ᠪᠠᠶᠢᠳᠠᠯ ᠢ ᠪᠠᠶᠢᠴᠠᠭᠠᠪᠠ᠃ ᠵᠣᠣ ᠹᠸᠢ ᠯᠦ ᠵᠢᠭᠠᠵᠤ | ᠭᠠᠷᠭᠠᠭᠰᠠᠨ ᠨᠢ ᠦᠨᠣ ᠪᠣᠯ ᠶᠠᠭ ᠬᠢᠵᠢᠭ ᠤᠨ ᠪᠠᠶᠢᠳᠠᠯ ᠢ ᠰᠠᠷᠭᠡᠶᠢᠯᠠᠨ ᠡᠵᠡᠮᠳᠡᠬᠦ ᠠᠵᠢᠯ ᠤᠨ ᠵᠠᠩᠭᠢᠯᠠᠭ᠎ᠠ ᠶᠢᠨ | ᠬᠤᠭᠤᠴᠠᠭ᠎ᠠ ᠪᠤᠯᠬᠤᠷ ᠨᠡᠶᠢᠭᠡᠮ ᠲᠣᠭᠤᠷᠢᠭ᠂ ᠬᠢᠵᠢᠭ ᠲᠠᠯᠭᠡᠷᠡᠭᠦ ᠶᠢ ᠬᠤᠷᠢᠭᠯᠠᠨ ᠵᠣᠭᠰᠣᠭᠠᠬᠤ ᠰᠡᠷᠭᠡᠶᠢᠯᠡᠯᠲᠡ ᠶᠢᠨ | ᠱᠤᠭᠤᠮ ᠪᠤᠯᠬᠤ ᠳᠣᠪᠣᠶᠢᠮ᠎ᠠ ᠦᠶᠯᠡᠳᠦᠯ ᠢᠶᠠᠨ ᠭᠦᠶᠴᠡᠳ ᠪᠠᠳᠠᠷᠠᠭᠤᠯᠵᠤ᠂ ᠡᠯ᠎ᠡ ᠳᠠᠭᠠᠭᠠᠴᠢᠯᠠᠨ ᠬᠠᠷᠢᠯᠴᠠᠵᠣ | ᠪᠠᠶᠢᠬᠤ ᠰᠢᠶᠠᠨ ᠤ ᠲᠠᠰ ᠤᠨ ᠤᠳᠤᠷᠢᠳᠤᠯᠭ᠎ᠠ ᠪᠤᠯᠤᠨ ᠳᠠᠭᠠᠭᠠᠴᠢᠯᠠᠨ ᠬᠠᠷᠢᠯᠴᠠᠵᠣ ᠪᠠᠶᠢᠬᠤ ᠪᠠᠶᠢᠭᠤᠯᠭ᠎ᠠ ᠨᠢᠭᠡᠴᠠ | ᠪᠠ ᠨᠡᠶᠢᠭᠡᠮ ᠲᠣᠭᠤᠷᠢᠭ᠂ ᠰᠡᠷᠭᠡᠶᠢᠯᠡᠨ ᠡᠵᠡᠮᠳᠡᠬᠦ ᠠᠵᠢᠯ ᠤᠨ ᠪᠠᠴᠢᠮ ᠲᠤᠯᠭᠠᠮ᠎ᠠ ᠰᠠᠳᠭᠢᠯᠭᠡ ᠪᠠ ᠬᠠᠷᠢᠭᠤᠴᠠᠯᠭᠠᠲᠤ | ᠰᠡᠳᠬᠢᠯᠭᠡ ᠪᠠᠨ ᠨᠡᠮᠡᠭᠳᠡᠭᠦᠯᠤᠨ ᠦᠵᠡᠯ ᠰᠠᠨᠠᠭ᠎ᠠ ᠲᠠᠨᠢᠯᠲᠠ ᠪᠠᠨ ᠰᠡᠷᠭᠡᠶᠢᠯᠡᠨ ᠡᠵᠡᠮᠳᠡᠬᠦ ᠠᠷᠭ᠎ᠠ ᠭᠡᠮᠵᠢᠶ᠎ᠠ ᠶᠢ | ᠪᠤᠳᠠᠳᠠᠢ ᠨᠠᠶᠢᠳᠠᠪᠤᠷᠢᠵᠢᠭᠤᠯᠬᠤ ᠳᠡᠭᠡᠷ᠎ᠡ ᠢᠯᠠᠷᠠᠭᠦᠯᠤᠨ ᠲᠣᠤᠷᠵᠢᠭᠤᠯᠤᠭᠰᠠᠨ ᠬᠠᠮᠢᠶᠠᠷᠤᠯᠲᠠ ᠶᠢᠨ ᠠᠷᠭ᠎ᠠ ᠮᠠᠶ᠋ᠢᠭ ᠢ | ᠠᠰᠢᠭᠯᠠᠨ ᠰᠠᠯᠭ᠎ᠠ ᠮᠥᠴᠢᠷ ᠤᠨ ᠬᠤᠭᠤᠷᠤᠠᠳᠤ ᠪᠠᠨ ᠬᠤᠯᠪᠤᠭᠠᠯᠠᠨ ᠰᠠᠷᠭᠡᠶᠢᠯᠠᠵᠤ ᠬᠤᠯᠪᠤᠭᠠᠯᠠᠵᠤ ᠡᠵᠡᠮᠳᠡᠬᠦ ᠪᠠᠨ | ᠴᠢᠩᠭᠠᠳᠬᠠᠨ ᠭᠠᠳᠠᠨ᠎ᠠ ᠠᠴᠠ ᠢᠷᠡᠭᠰᠠᠳ ᠢ ᠴᠠᠭ ᠲᠤᠬᠠᠶ ᠳᠤᠨᠢ ᠲᠠᠷᠠᠭᠠᠯᠠᠨ ᠪᠠᠶᠢᠴᠠᠭᠠᠵᠤ ᠬᠠᠮᠢᠶᠠᠷᠤᠨ ᠡᠵᠡᠮᠳᠠᠭᠦ | ᠬᠡᠷᠡᠭᠲᠡᠶ᠃ ᠤᠬᠠᠭᠤᠯᠭ᠎ᠠ ᠶᠢᠨ ᠭᠥᠴᠤᠯᠠᠴᠠ ᠪᠠᠨ ᠨᠡᠮᠡᠭᠳᠡᠭᠦᠯᠤᠨ ᠤᠯᠠᠨ ᠲᠦᠮᠡᠨ ᠤ ᠥᠪᠡᠷ ᠢ ᠪᠠᠨ ᠬᠠᠮᠠᠭᠠᠯᠠᠬᠤ | ᠤᠬᠠᠮᠰᠠᠷ ᠪᠣᠯᠤᠨ ᠰᠡᠷᠭᠡᠶᠢᠯᠡᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ ᠣᠯᠠᠨ ᠲᠦᠮᠡᠨ ᠤ | ᠬᠢᠨᠠᠯᠲᠠ ᠲᠠᠯᠪᠢᠬᠤ ᠦᠶᠯᠡᠳᠦᠯ ᠢᠶᠠᠨ ᠪᠠᠳᠠᠷᠠᠭᠤᠯᠤᠨ ᠨᠠᠶᠢᠭᠡᠮ ᠲᠤᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠳᠤ ᠢᠳᠡᠪᠭᠢᠳᠠᠢ ᠤᠷᠤᠯᠴᠠᠬᠤ ᠶᠢ ᠲᠠᠶᠢᠴᠢᠯᠠᠨ ᠣᠯᠠᠨ ᠢᠶᠠᠷ ᠢᠶᠠᠨ ᠰᠠᠷᠭᠡᠶᠢᠯᠠᠨ ᠣᠯᠠᠨ ᠢᠶᠠᠷ ᠢᠶᠠᠨ | ᠡᠵᠡᠮᠳᠡᠬᠦ ᠰᠠᠶᠢᠨ ᠰᠠᠶᠢᠬᠠᠨ ᠪᠠᠶᠢᠳᠠᠯ ᠢ ᠪᠤᠢ ᠪᠤᠯᠭᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠶᠢᠯᠠᠯᠳᠤᠭᠠᠨ | ᠤ ᠢᠯᠠᠯᠳᠠ ᠶᠢ ᠤᠯᠬᠤ ᠬᠡᠷᠡᠭᠲᠡᠶ ᠭᠡᠵᠡᠢ ᠃ |