ᠮᠠᠨ ᠤ ᠬᠤᠰᠢᠭᠤ ᠭᠠᠴᠠᠭ᠎ᠠ ᠲᠤᠰᠬᠤᠨ ᠤ ᠬᠠᠮᠳᠤ ᠶᠢᠨ ᠠᠵᠤ ᠠᠬᠤᠢ ᠶᠢ ᠡᠷᠴᠢᠮᠳᠠᠢ ᠬᠦᠭᠵᠢᠬᠦᠯᠵᠤ ᠪᠠᠶᠢᠨ᠎ᠠ
ᠨᠡᠶᠢᠲᠡᠯᠡᠭᠰᠡᠨ ᠴᠠᠭ᠄
2020-02-17
    ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠳᠤ ᠭᠠᠴᠠᠭ᠎ᠠ ᠲᠤᠰᠬᠤᠨ ᠤ ᠬᠠᠮᠳᠤ ᠶᠢᠨ ᠠᠵᠤ ᠠᠬᠤᠢ ᠴᠢᠬᠤᠯᠠ ᠲᠤᠯᠭᠠᠭᠤᠷᠢ ᠪᠤᠯᠳᠠᠭ ᠶᠤᠮ᠃ ᠮᠠᠨ ᠤ ᠬᠤᠰᠢᠭᠤ ᠭᠠᠴᠠᠭ᠎ᠠ ᠲᠤᠰᠬᠤᠨ ᠤ ᠬᠠᠮᠳᠤ ᠶᠢᠨ ᠠᠵᠤ ᠠᠬᠤᠢ ᠶᠢ ᠬᠦᠭᠵᠢᠬᠦᠯᠬᠦ ᠳᠡᠭᠡᠨ ᠤᠷᠤᠨ ᠨᠤᠳᠤᠭ ᠤᠨ ᠪᠤᠳᠠᠳᠤ ᠪᠠᠶᠢᠳᠠᠯ ᠳᠤ ᠨᠢ ᠲᠤᠬᠢᠷᠠᠭᠤᠯᠤᠨ ᠪᠤᠳᠠᠳᠠᠢ ᠲᠡᠳᠬᠦᠬᠦ ᠠᠷᠭ᠎ᠠ᠂ ᠵᠢᠯᠤᠭᠤᠳᠤᠯᠭ᠎ᠠ ᠶᠢᠨ ᠲᠦᠰᠦᠪ ᠵᠡᠷᠬᠡ ᠶᠢ ᠲᠤᠭᠲᠠᠭᠠᠵᠤ ᠭᠠᠴᠠᠭ᠎ᠠ ᠲᠤᠰᠬᠤᠨ ᠤ ᠬᠠᠮᠳᠤ ᠶᠢᠨ ᠠᠵᠤ ᠠᠬᠤᠢ ᠶᠢ ᠬᠦᠭᠵᠢᠬᠦᠯᠦᠨ ᠮᠠᠯᠴᠢᠨ ᠲᠠᠷᠢᠶᠠᠴᠢᠨ ᠤ ᠤᠷᠤᠯᠭ᠎ᠠ ᠶᠢ ᠨᠡᠮᠡᠭᠳᠡᠬᠦᠯᠬᠦ ᠶᠢ ᠪᠠᠳᠤᠯᠠᠵᠤ ᠪᠤᠢ᠃     ᠭᠠᠯᠠᠭᠤᠳᠤ ᠪᠠᠯᠭᠠᠰᠤᠨ ᠤ ᠰᠠᠷᠠᠭᠤᠯᠨᠤᠳᠤᠭ ᠭᠠᠴᠠᠭ᠎ᠠ ᠤᠷᠤᠨ ᠨᠤᠳᠤᠭ ᠤᠨ ᠢᠶᠠᠨ ᠪᠤᠳᠠᠳᠤ ᠪᠠᠶᠢᠳᠠᠯ ᠢᠶᠠᠨ ᠦᠨᠳᠦᠰᠤᠯᠠᠵᠤ ᠭᠠᠴᠠᠭᠠᠨ ᠤ ᠪᠠᠨ ᠨᠠᠶᠠᠨ ᠡᠷᠦᠬᠡ ᠲᠠᠢ ᠬᠤᠯᠪᠤᠭᠠᠯᠠᠵᠤ ᠤᠷᠤᠨ ᠨᠤᠳᠤᠭ ᠤᠨ ᠴᠠᠭᠠᠨ ᠢᠳᠡᠬᠡᠨ ᠪᠤᠯᠪᠠᠰᠤᠷᠠᠭᠤᠯᠤᠨ ᠦᠢᠯᠡᠳᠪᠤᠷᠢᠯᠡᠬᠦ ᠦᠢᠯᠡᠳᠪᠤᠷᠢ ᠪᠠ ᠲᠤᠯᠠᠭᠠᠨ ᠬᠦᠯᠡᠮᠵᠢ ᠳᠤ ᠢᠳᠡᠰᠢᠨ ᠨᠤᠭᠤᠭ᠎ᠠ ᠲᠠᠷᠢᠵᠤ ᠪᠤᠷᠤᠯᠠᠭᠤᠯᠬᠤ ᠠᠵᠤ ᠦᠢᠯᠡᠰ ᠢ ᠬᠦᠭᠵᠢᠬᠦᠯᠬᠦ ᠪᠠᠷ ᠲᠤᠭᠳᠠᠵᠤ ᠨᠢᠬᠡᠨᠳᠡ ᠰᠠᠭᠤᠷᠢ ᠪᠦᠳᠦᠬᠡᠨ ᠪᠠᠶᠢᠭᠤᠯᠤᠯᠳᠠ ᠶᠢ ᠲᠠᠭᠤᠰᠬᠠᠵᠤ ᠤᠳᠤᠬᠠᠨ ᠳᠤ ᠵᠠᠰᠠᠵᠤ ᠴᠢᠮᠡᠭᠯᠡᠬᠦ᠂ ᠲᠤᠨᠤᠭ ᠲᠦᠬᠦᠬᠡᠷᠦᠮᠵᠢ ᠤᠭᠰᠠᠷᠠᠬᠤ᠂ ᠰᠢᠬᠢᠭ ᠪᠤᠷᠳᠤᠭᠤᠷ ᠤᠷᠤᠭᠤᠯᠬᠤ ᠵᠡᠷᠬᠡ ᠠᠵᠢᠯ ᠢ ᠡᠷᠴᠢᠮᠳᠠᠢ ᠶᠠᠪᠤᠭᠳᠠᠭᠤᠯᠵᠤ ᠪᠠᠶᠢᠨ᠎ᠠ᠃ ᠡᠨᠡ ᠦᠶ᠎ᠡ ᠳᠤ ᠲᠤᠮᠳᠠᠳᠤ ᠤᠯᠤᠰ ᠤᠨ ᠴᠢᠯᠠᠭᠤᠨ ᠲᠤᠰᠤᠨ ᠤ ᠪᠦᠯᠦᠭᠯᠡᠯ ᠤᠨ ᠴᠤᠸᠠᠨ ᠴᠢᠩ ᠬᠠᠶᠢᠵᠤ ᠦᠷᠦᠮᠳᠡᠬᠦ ᠠᠩᠬᠢ ᠶᠢᠨ ᠬᠢᠨ ᠰᠠᠷᠠᠭᠤᠯᠨᠤᠳᠤᠭ ᠭᠠᠴᠠᠭᠠᠨ ᠤ ᠵᠦᠪᠯᠡᠯ ᠳᠤ ᠲᠠᠯᠠᠨ ᠲᠦᠮᠡᠨ ᠲᠦᠬᠦᠷᠢᠭ ᠤᠨ ᠬᠠᠨᠳᠢᠪ ᠦᠵᠡᠬᠦᠯᠵᠤ ᠬᠠᠮᠳᠤ ᠶᠢᠨ ᠠᠵᠤ ᠠᠬᠤᠢ ᠪᠠᠨ ᠬᠦᠭᠵᠢᠬᠦᠯᠬᠦ ᠳᠤᠨᠢ ᠲᠤᠰᠠᠯᠠᠯ᠎ᠠ᠃     ᠰᠠᠷᠠᠭᠤᠯᠨᠤᠳᠤᠭ ᠭᠠᠴᠠᠭᠠᠨ ᠤ ᠤᠳᠤᠷᠢᠳᠬᠤ ᠪᠠᠭ ᠤᠨ ᠬᠢᠨ ᠭᠠᠴᠠᠭᠠᠨ ᠤ ᠪᠠᠨ ᠬᠠᠮᠳᠤ ᠶᠢᠨ ᠠᠵᠤ ᠠᠬᠤᠢ  ᠶᠢ ᠬᠦᠭᠵᠢᠬᠦᠯᠬᠦ ᠪᠠᠷ ᠢᠩᠬᠢᠵᠤ ᠰᠡᠳᠤᠵᠤ ᠡᠬᠢᠯᠡᠬᠦᠯᠦᠭᠰᠡᠨ ᠪᠠᠶᠢᠬᠤ ᠳᠤ ᠤᠯᠠᠭᠠᠨᠳᠤᠯᠤᠭᠠᠢ ᠪᠠᠯᠭᠠᠰᠤᠨ ᠤ ᠪᠠᠶᠠᠠᠭᠤᠤᠯ ᠭᠠᠴᠠᠭᠠᠨ ᠤ ᠵᠦᠪᠯᠡᠯ ᠤᠨ ᠬᠢᠨ ᠨᠢᠬᠡᠨᠳᠡ ᠬᠠᠮᠳᠤ ᠶᠢᠨ ᠠᠵᠤ ᠠᠬᠤᠢ ᠪᠠᠨ ᠬᠦᠭᠵᠢᠬᠦᠯᠵᠤ ᠤᠷᠤᠯᠭ᠎ᠠ ᠤᠯᠵᠤ ᠡᠬᠢᠯᠡᠵᠡᠢ᠃ ᠤᠯᠠᠭᠠᠨᠳᠤᠯᠤᠭᠠᠢ ᠪᠠᠯᠭᠠᠰᠤᠨ ᠤ ᠪᠠᠶᠠᠠᠭᠤᠤᠯ ᠭᠠᠴᠠᠭᠠᠨ ᠳᠤ ᠰᠢᠪᠡᠷ ᠪᠤᠯᠠᠭ ᠬᠡᠳᠡᠭ ᠤᠨᠳᠤᠷᠤᠮᠠᠯ ᠪᠤᠯᠠᠭ ᠲᠠᠢ ᠪᠠᠶᠢᠳᠠᠭ᠃ ᠭᠠᠴᠠᠭᠠᠨ ᠠᠴᠠ ᠡᠨᠡᠬᠦ ᠡᠬᠢ ᠪᠠᠶᠠᠯᠢᠭ ᠲᠠᠭᠠᠨ ᠲᠦᠰᠢᠭᠯᠡᠵᠤ ᠰᠢᠪᠡᠷ ᠪᠤᠯᠠᠭ ᠤᠮᠳᠠᠭᠠᠨ ᠤ ᠬᠠᠷᠢᠭᠤᠴᠠᠯᠭᠠᠳᠤ ᠺᠤᠮᠫᠠᠨᠢ ᠶᠢ ᠪᠠᠶᠢᠭᠤᠯᠵᠤ ᠭᠠᠴᠠᠭᠠᠨ ᠤ ᠪᠠᠨ ᠬᠠᠮᠳᠤ ᠶᠢᠨ ᠠᠵᠤ ᠠᠬᠤᠢ ᠶᠢ ᠪᠤᠵᠠᠭᠠᠶᠢᠷᠠᠭᠤᠯᠤᠨ ᠮᠠᠯᠴᠢᠨ ᠲᠠᠷᠢᠶᠠᠴᠢᠨ ᠤ ᠤᠷᠤᠯᠭ᠎ᠠ ᠶᠢ ᠨᠡᠮᠡᠭᠳᠡᠬᠦᠯᠬᠦ ᠳᠤ ᠴᠢᠬᠤᠯᠠ ᠦᠢᠯᠡᠳᠦᠯ ᠭᠠᠷᠭᠠᠵᠤ ᠪᠠᠶᠢᠨ᠎ᠠ᠃     ᠲᠤᠰ ᠺᠤᠮᠫᠠᠨᠢ ᠶᠢ 2019 ᠤᠨ ᠳᠤ ᠠᠰᠢᠭᠯᠠᠯᠳᠠ ᠳᠤ ᠤᠷᠤᠭᠤᠯᠵᠤ ᠨᠠᠶᠠᠨ ᠲᠦᠮᠡᠨ ᠲᠦᠬᠦᠷᠢᠭ ᠢᠶᠠᠷ ᠪᠤᠰᠤᠳ ᠲᠤ ᠲᠠᠭᠠᠭᠠᠴᠢᠯᠠᠭᠤᠯᠵᠤ ᠦᠭᠴᠡᠢ᠃ ᠺᠤᠮᠫᠠᠨᠢ ᠶᠢ ᠪᠠᠶᠢᠭᠤᠯᠤᠭᠰᠠᠨ ᠨᠢ ᠲᠤᠬᠠᠢ ᠶᠢᠨ ᠭᠠᠵᠠᠷ ᠤᠨ ᠢᠯᠡᠬᠦᠴᠡ ᠬᠦᠳᠡᠯᠮᠦᠷᠢ ᠬᠦᠴᠦᠨ ᠳᠤ ᠠᠵᠢᠯ ᠤᠯᠭᠤᠵᠤ ᠪᠤᠯᠠᠭ ᠤᠨ ᠤᠰᠤᠨ ᠳᠤ ᠰᠠᠭᠤᠷᠢᠯᠠᠭᠰᠠᠨ ᠤᠷᠤᠨ ᠨᠤᠳᠤᠭ  ᠤᠨ ᠵᠤᠭᠠᠴᠠᠯ ᠤᠨ ᠦᠢᠯᠡᠰ ᠢ ᠴᠤ ᠲᠠᠶᠢᠴᠢᠯᠠᠨ ᠬᠦᠭᠵᠢᠬᠦᠯᠵᠤ ᠮᠠᠯᠴᠢᠨ ᠲᠠᠷᠢᠶᠠᠴᠢᠳ ᠲᠤ ᠪᠠᠰᠠ ᠨᠢᠬᠡ ᠬᠤᠪᠢ  ᠶᠢᠨ ᠤᠷᠤᠯᠭ᠎ᠠ ᠤᠯᠬᠤ ᠵᠠᠮ ᠮᠦᠷ ᠢ ᠦᠷᠬᠡᠳᠬᠡᠵᠤ ᠦᠭᠴᠡᠢ᠃     ᠣᠳᠣᠬᠠᠨ ᠳᠤ ᠮᠠᠨ ᠤ ᠬᠤᠰᠢᠭᠤᠨ ᠤ 61 ᠭᠠᠴᠠᠭ᠎ᠠ ᠲᠤᠰᠬᠤᠨ ᠳᠤ ᠪᠦᠭᠦᠳᠡ ᠪᠠᠷ ᠬᠠᠮᠳᠤ ᠶᠢᠨ ᠠᠵᠤ ᠠᠬᠤᠢ ᠲᠠᠢ ᠪᠤᠯᠵᠣ 2019 ᠤᠨ ᠳᠤ ᠡᠯ᠎ᠡ ᠭᠠᠴᠠᠭ᠎ᠠ ᠲᠤᠰᠬᠤᠨ ᠤ ᠬᠠᠮᠳᠤ ᠶᠢᠨ ᠠᠵᠤ ᠠᠬᠤᠢ ᠶᠢ ᠪᠤᠵᠠᠭᠠᠶᠢᠷᠠᠭᠤᠯᠤᠨ ᠬᠦᠭᠵᠢᠬᠦᠯᠬᠦ ᠪᠠᠷ ᠳᠡᠭᠡᠳᠣ ᠱᠠᠳᠣᠨ ᠠᠴᠠ 450 ᠭᠠᠷᠣᠢ ᠳᠦᠮᠡᠨ ᠳᠦᠬᠦᠷᠢᠭ᠂ ᠬᠤᠰᠢᠭᠤ ᠱᠠᠳᠣᠨ ᠠᠴᠠ 240 ᠭᠠᠷᠣᠢ ᠳᠦᠮᠡᠨ ᠲᠦᠬᠦᠷᠢᠭ‌ᠢ ᠳᠣᠰᠪᠣᠷᠢ ᠪᠡᠯᠡ ᠣᠷᠣᠭᠤᠯᠣᠨ ᠳᠡᠳᠭᠦᠭᠰᠡᠨ ᠪᠠᠶᠢᠨ᠎ᠠ᠃  
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号