ᠬᠠᠮᠲᠣ ᠣᠯᠠᠨ ᠢᠶᠠᠷ ᠪᠦᠯᠬᠦᠮᠳᠡᠨ ᠨᠢᠭ᠌ᠳᠡᠷᠡᠵᠣ ᠬᠠᠯᠳᠠᠪᠣᠷᠢᠲᠣ ᠬᠢᠵᠢᠭ ᠢ ᠰᠡᠷᠭᠡᠶᠢᠯᠡᠨ ᠡᠵᠡᠮᠳᠡᠵᠣ ᠪᠠᠶᠢᠭ᠎ᠠ | ᠵᠠᠩᠭᠢᠯᠠᠭ᠎ᠠ ᠶᠢᠨ ᠴᠠᠭ ᠮᠦᠴᠡ ᠳᠤ ᠥᠪᠥᠷ ᠮᠣᠩᠭᠤᠯ ᠤᠨ ᠳ᠋ᠢᠩ ᠱᠦᠨ ᠲᠠᠷᠢᠶᠠᠯᠠᠩ ᠮᠠᠯ ᠠᠵᠤ ᠠᠬᠤᠶ ᠶᠢᠨ | ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠰᠢᠷᠬᠤᠰᠣᠨ ᠪᠠᠯᠭᠠᠰᠤᠨ ᠤ ᠬᠢᠵᠢᠭ ᠢ ᠰᠡᠷᠭᠡᠶᠢᠯᠡᠨ ᠡᠵᠡᠮᠳᠡᠬᠦ | ᠨᠢᠭᠡᠳᠦᠭᠡᠷ ᠹᠷᠣᠨᠲ ᠤᠨ ᠠᠵᠢᠯᠲᠠᠳ ᠲᠤ 8000 ᠵᠢᠩ ᠢᠳᠡᠰᠢᠨ ᠨᠣᠭᠤᠭ᠎ᠠ ᠬᠦᠷᠭᠡᠵᠦ ᠬᠢᠵᠢᠭ ᠢ ᠰᠡᠷᠬᠡᠶᠢᠯᠡᠨ | ᠡᠵᠡᠮᠳᠡᠬᠦ ᠨᠢᠭᠡᠳᠦᠭᠡᠷ ᠹᠷᠦᠨᠲ ᠤᠨ ᠠᠵᠢᠯᠲᠠᠳ ᠤᠨ ᠰᠡᠳᠬᠢᠯ ᠢ ᠲᠣᠯᠠᠭᠠᠴᠠᠭᠤᠯᠵᠣ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠲᠠᠶᠢᠯᠠᠯᠳᠣᠭᠠᠨ ᠡᠷᠡᠰ ᠢᠯᠠᠯᠲᠠ ᠤᠯᠬᠤ ᠳᠤ ᠬᠦᠴᠦᠨ ᠴᠢᠳᠠᠯ ᠢᠶᠠᠨ ᠡᠷᠭᠦᠪᠡ᠃ | ᠰᠢᠷᠬᠤᠰᠣᠨ ᠪᠠᠯᠭᠠᠰᠤ ᠨᠢ ᠱᠠᠨᠰᠢ ᠮᠤᠵᠢ ᠶᠢᠨ ᠵᠠᠮᠪᠠ ᠶᠢᠨ ᠳᠠᠯ᠎ᠠ ᠰᠢᠶᠠᠨ ᠪᠣᠯᠤᠨ ᠬᠦᠨᠦᠭ ᠰᠢᠶᠠᠨ ᠲᠠᠢ ᠵᠠᠭᠠᠭ | ᠨᠡᠶᠢᠯᠡᠵᠦ᠂ ᠮᠣᠵᠢ ᠠᠯᠤᠰᠯᠠᠭᠰᠠᠨ ᠭᠤᠤᠯ ᠵᠠᠮ ᠪᠣᠯᠤᠨ ᠡᠯ᠎ᠡ ᠵᠠᠮ ᠤᠨ ᠠᠭᠤᠯᠵᠠᠷ ᠪᠣᠯᠬᠤ ᠣᠷᠣᠨ ᠪᠣᠯᠣᠨ᠎ᠠ᠃ | ᠴᠠᠭᠠᠨ ᠰᠠᠷ᠎ᠠ ᠶᠢᠨ ᠰᠢᠨ᠎ᠡ ᠶᠢᠨ ᠬᠤᠶᠠᠷ ᠠᠴᠠ ᠡᠬᠢᠯᠡᠨ ᠪᠠᠯᠭᠠᠰᠤᠨ ᠤ 140 ᠭᠠᠷᠤᠶ ᠺᠠᠳ᠋ᠷ ᠠᠵᠢᠯᠲᠠᠨ 24 ᠴᠠᠭ | ᠢᠶᠠᠷ ᠡᠭᠡᠯᠵᠢᠯᠡᠨ ᠵᠢᠵᠢᠭᠦᠷᠯᠡᠵᠣ᠂ ᠵᠢᠵᠢᠬᠦᠷ ᠤᠨ ᠺᠠᠳ᠋ᠷ ᠠᠵᠢᠯᠲᠠᠨ ᠤ ᠠᠵᠢᠯ ᠠᠮᠢᠳᠤᠷᠠᠯ ᠤᠨ ᠨᠦᠬᠦᠴᠡᠯ ᠪᠡᠷᠬᠡ | ᠬᠠᠲᠠᠭᠤᠵᠢᠯᠲᠠᠶ ᠪᠠᠶᠢᠬᠤ ᠶᠢ ᠥᠪᠥᠷ ᠮᠣᠩᠭᠤᠯ ᠤᠨ ᠳ᠋ᠢᠩ ᠱᠦᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠭᠡ | ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠢᠨ ᠣᠯᠵᠤ ᠮᠡᠳᠡᠭᠡᠳ ᠠᠵᠢᠯᠴᠢᠳ ᠢᠶᠠᠨ ᠵᠣᠬᠢᠶᠠᠨ ᠪᠠᠶᠢᠭᠤᠯᠤᠨ ᠬᠠᠮᠤᠭ | ᠤᠨ ᠰᠢᠨ᠎ᠡ ᠰᠣᠷᠭᠤᠭ ᠢᠳᠡᠰᠢᠨ ᠨᠣᠭᠤᠭ᠎ᠠ ᠶᠢ ᠲᠡᠭᠦᠵᠦ᠂ ᠨᠢᠭᠡᠳᠦᠭᠡᠷ ᠹᠷᠦᠨᠲ ᠤᠨ ᠬᠢᠵᠢᠭ ᠢ ᠰᠡᠷᠬᠡᠶᠢᠯᠡᠨ | ᠡᠵᠡᠮᠳᠡᠬᠦ ᠠᠵᠢᠯᠲᠠᠳ ᠲᠤ ᠬᠦᠷᠬᠡᠭᠰᠡᠨ ᠪᠢᠯᠡ᠃ ᠥᠪᠥᠷ ᠮᠣᠩᠭᠤᠯ ᠤᠨ ᠳ᠋ᠢᠩ ᠱᠦᠨ ᠲᠠᠷᠢᠶᠠᠯᠠᠩ ᠮᠠᠯ ᠠᠵᠤ | ᠠᠬᠤᠶ ᠶᠢᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ 2019 ᠣᠨ ᠠᠴᠠ ᠡᠬᠢᠯᠡᠨ ᠪᠥᠲᠥᠭᠡᠨ | ᠪᠠᠶᠢᠭᠤᠯᠣᠯᠳᠠ ᠬᠢᠵᠣ ᠶᠡᠷᠦᠩᠬᠡᠶ ᠪᠠᠯᠠ ᠣᠷᠣᠭᠤᠯᠤᠯᠲᠠ ᠨᠢ 1.06 ᠳ᠋ᠦᠩᠰᠢᠭᠤᠷ ᠲᠥᠭᠦᠷᠢᠭ ᠤᠨ 500 ᠲᠣᠮᠣ | ᠫᠧᠩ ᠰᠠᠷᠠᠪᠴᠢ ᠪᠠᠶᠢᠭᠤᠯᠬᠤ ᠪᠠᠷ ᠲᠦᠯᠥᠪᠯᠡᠨ ᠣᠲᠣ ᠨᠢᠭᠡᠨᠲᠡ 180 ᠲᠣᠮᠣ ᠫᠧᠩ ᠰᠠᠷᠠᠪᠴᠢ ᠶᠢ | ᠪᠠᠶᠢᠭᠤᠯᠣᠭᠠᠳ ᠠᠰᠢᠭᠯᠠᠯᠳᠠ ᠳᠤ ᠣᠷᠣᠭᠤᠯᠣᠭᠰᠠᠨ ᠪᠠᠶᠢᠭ᠎ᠠ ᠶᠣᠮ᠃ | ᠤᠶᠢᠯᠠᠭᠠᠭᠰᠠᠨ ᠢᠶᠠᠷ᠂ ᠥᠪᠥᠷ ᠮᠣᠩᠭᠤᠯ ᠤᠨ ᠳ᠋ᠢᠩ ᠱᠦᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠭᠡ | ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠢᠨ ᠡᠳᠦᠷ ᠪᠦᠷᠢ ᠭᠠᠯᠠᠭᠤᠲᠤ ᠪᠠᠯᠭᠠᠰᠣᠨ ᠤ ᠵᠠᠬ᠎ᠠ ᠳᠡᠯᠭᠡᠭᠦᠷ ᠲᠤ | 4000 ᠵᠢᠩ ᠢᠳᠡᠰᠢᠨ ᠨᠤᠭᠤᠭ᠎ᠠ ᠬᠠᠩᠭᠠᠨ ᠥᠭᠴᠦ ᠪᠠᠶᠢᠨ᠎ᠠ᠃ |