ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ᠪᠣᠯᠤᠨ ᠥᠷᠭᠡᠨ ᠣᠯᠠᠨ ᠲᠥᠮᠡᠨ ᠨᠡᠷ ᠡ᠄ | ᠣᠶᠢᠷ᠎ᠠ ᠶᠢᠨ ᠡᠳᠦᠷ ᠤᠳ ᠲᠤ ᠨᠠᠮ ᠤᠨ ᠲᠥᠪ ᠬᠤᠷᠢᠶᠠᠨ ᠤ ᠨᠢᠭᠡᠳᠦᠯᠲᠡᠶ ᠤᠳᠤᠷᠢᠳᠤᠯᠭ᠎ᠠ᠂ ᠨᠢᠭᠡᠳᠦᠯᠲᠡᠶ | ᠵᠢᠯᠤᠭᠤᠳᠤᠯᠭ᠎ᠠ᠂ ᠨᠢᠭᠡᠳᠦᠯᠲᠡᠶ ᠪᠠᠶᠢᠷᠢᠯᠠᠭᠤᠯᠤᠯᠲᠠ ᠳᠣᠤᠷ᠎ᠠ ᠪᠦᠬᠦ ᠣᠯᠣᠰ ᠤᠨ ᠬᠢᠵᠢᠭ ᠤᠨ ᠪᠠᠶᠢᠳᠠᠯ ᠲᠤ | ᠬᠤᠪᠢᠷᠠᠯᠳᠠ ᠭᠠᠷᠴᠣ ᠰᠠᠷᠬᠡᠶᠢᠯᠡᠨ ᠡᠵᠡᠮᠳᠡᠬᠦ ᠠᠵᠢᠯ ᠢᠳᠡᠪᠬᠢᠳᠡᠢ ᠦᠷ᠎ᠠ ᠪᠦᠳᠣᠮᠵᠢ ᠣᠯᠪᠠ᠃ ᠮᠠᠨ ᠤ ᠬᠤᠰᠢᠭᠤ | ᠦᠪᠡᠷᠳᠡᠬᠡᠨ ᠵᠠᠰᠠᠬᠤ ᠣᠷᠣᠨ ᠤ ᠨᠠᠮ ᠤ ᠬᠤᠷᠢᠶ᠎ᠠ᠂ ᠦᠪᠡᠷᠳᠡᠬᠡᠨ ᠵᠠᠰᠠᠬᠤ ᠣᠷᠣᠨ ᠤ ᠵᠠᠰᠠᠭ ᠤᠨ ᠣᠷᠳᠣᠨ ᠪᠠ | ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠰᠢᠢᠳᠪᠣᠷᠢᠳᠣ ᠪᠣᠳᠣᠯᠭ᠎ᠠ ᠶᠢᠨ | ᠪᠠᠶᠢᠷᠢᠯᠠᠭᠤᠯᠣᠯᠳᠠ ᠶᠢ ᠨᠠᠷᠢᠨ ᠬᠢᠨᠠᠮᠠᠭᠠᠢ ᠨᠠᠶᠢᠳᠠᠪᠣᠷᠢᠵᠢᠭᠤᠯᠣᠨ ᠪᠥᠬᠦ ᠬᠤᠰᠢᠭᠤᠨ ᠤ ᠠᠷᠠᠳ ᠲᠦᠮᠡᠨ | ᠪᠦᠬᠦᠳᠡᠬᠡᠷ ᠢᠶᠠᠷ ᠢᠶᠠᠨ ᠬᠦᠳᠡᠯᠦᠯᠴᠡᠨ ᠲᠦᠮᠡᠨ ᠣᠯᠠᠨ ᠢᠶᠠᠷ ᠢᠶᠠᠨ ᠨᠢᠭᠳᠠᠷᠠᠵᠣ ᠬᠦᠴᠢᠷ ᠪᠡᠷᠬᠡ ᠶᠢ ᠳᠣᠭᠤᠯᠬᠤ | ᠬᠦᠴᠦᠷᠬᠡᠭ ᠶᠡᠭᠡ ᠬᠦᠴᠦᠨ ᠢ ᠨᠢᠭᠳᠠᠷᠠᠭᠤᠯᠪᠠ᠃ ᠡᠨᠡᠬᠦ ᠳᠠᠷᠢ ᠶᠢᠨ ᠣᠳᠤᠭ᠎ᠠ ᠳᠣᠭᠤᠰᠣ ᠦᠬᠡᠢ ︽ᠳᠠᠶᠢᠨ︾ ᠤ | ᠳᠣᠮᠳᠠ ᠥᠷᠭᠡᠨ ᠣᠯᠠᠨ ᠡᠮᠴᠢ ᠰᠤᠪᠢᠯᠠᠭᠴᠢᠳ ᠪᠠ ᠥᠷᠭᠡᠨ ᠣᠯᠠᠨ ᠺᠠᠳ᠋ᠷ ᠠᠵᠢᠯᠲᠠᠨ ᠠᠵᠢᠯᠴᠢᠳ ᠶᠠᠳᠠᠷᠠᠯ | ᠵᠦᠳᠡᠷᠡᠯ ᠢᠶᠠᠨ ᠬᠠᠶᠢᠬᠤᠷᠣᠯ ᠦᠬᠡᠢ ᠡᠮᠣᠨ᠎ᠠ ᠹᠷᠣᠨᠲ ᠢ ᠪᠠᠲᠤ ᠰᠠᠬᠢᠵᠤ ᠥᠷᠭᠡᠨ ᠣᠯᠠᠨ ᠡᠪ ᠬᠠᠮᠲᠤ ᠨᠠᠮ ᠤᠨ | ᠭᠡᠰᠢᠭᠦᠳ ᠬᠤᠰᠢᠭᠤᠴᠢ ᠦᠢᠯᠡᠳᠦᠯ ᠢᠶᠠᠨ ᠪᠠᠳᠠᠷᠠᠭᠤᠯᠤᠨ ᠲᠦᠷᠦᠭᠦᠯᠡᠨ ᠭᠠᠪᠰᠢᠭᠠᠶᠢᠯᠠᠵᠠᠭᠠᠨᠠ᠃ ᠥᠷᠭᠡᠨ ᠣᠯᠠᠨ | ᠠᠷᠠᠳ ᠲᠦᠮᠡᠨ ᠤᠷᠢᠶᠠᠯᠠᠭ᠎ᠠ ᠶᠢ ᠳᠠᠭᠠᠵᠤ ᠢᠳᠡᠪᠬᠢᠲᠡᠶ ᠬᠠᠮᠵᠢᠯᠴᠠᠨ ᠬᠤᠪᠢ ᠨᠡᠮᠡᠷᠢ ᠦᠵᠡᠬᠦᠯᠵᠣ ᠬᠤᠯᠪᠣᠭᠠᠯᠠᠨ | ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠴᠤᠭᠴᠠᠯᠠᠵᠤ ᠪᠥᠬᠦ | ᠬᠤᠰᠢᠭᠤᠨ ᠳᠤ ᠣᠳᠣᠬᠠᠨ ᠳᠤ ᠪᠣᠯᠳᠠᠯ᠎ᠠ ᠤᠨᠤᠰᠢᠯᠠᠭᠰᠠᠨ ᠪᠤᠶᠤ ᠰᠡᠵᠢᠭᠯᠡᠯᠲᠡᠶ ᠡᠪᠡᠳᠴᠢᠨ ᠤ ᠵᠢᠱᠢᠶ᠎ᠡ ᠨᠢᠭᠡ ᠴᠦ | ᠢᠯᠡᠷᠡᠭᠰᠡᠨ ᠦᠭᠡᠢ ᠪᠠᠶᠢᠵᠤ ᠣᠯᠠᠨ ᠢᠶᠠᠷ ᠢᠶᠠᠨ ᠨᠤᠮᠢᠨ ᠲᠠᠩᠰᠤᠭ ᠦᠦᠰᠢᠨ ᠤ ᠠᠷᠢᠭᠤᠨ ᠬᠥᠷᠥᠰᠥ ᠶᠢ ᠬᠠᠮᠳᠣ ᠪᠠᠷ | ᠰᠠᠬᠢᠨ ᠬᠠᠮᠠᠭᠠᠯᠠᠵᠤ ᠥᠪᠡᠷ ᠤᠨ ᠵᠣᠯ ᠵᠢᠷᠭᠠᠯᠲᠤ ᠬᠡᠷ ᠣᠷᠣᠨ ᠢᠶᠠᠨ ᠰᠠᠬᠢᠨ ᠬᠠᠮᠠᠭᠠᠯᠠᠭᠰᠠᠨ ᠪᠠᠶᠢᠨ᠎ᠠ᠃ ᠡ᠊ᠨᠳᠡ | ᠪᠢᠳᠡ ᠲᠠ ᠪᠦᠬᠦᠳᠡ ᠲᠤ ᠴᠢᠩ ᠰᠡᠳᠬᠢᠯ ᠤᠨ ᠲᠠᠯᠠᠷᠬᠠᠯ ᠢᠶᠠᠨ ᠲᠡᠪᠰᠢᠬᠦᠯᠬᠦ ᠶᠢᠨ ᠬᠠᠮᠲᠤ ᠡᠷᠬᠢᠮ ᠳᠡᠭᠡᠳᠦ | ᠬᠦᠨᠳᠦᠳᠬᠡᠯ ᠢᠶᠠᠨ ᠳᠡᠪᠰᠢᠭᠦᠯᠵᠤ ᠪᠠᠶᠢᠨ᠎ᠠ︕ | ᠨᠠᠮ ᠤᠨ ᠲᠥᠪ ᠬᠤᠷᠢᠶᠠᠨ ᠤ ᠰᠤᠳᠤᠯᠤᠨ ᠮᠠᠭᠠᠳᠯᠠᠯᠳᠠ ᠪᠠ ᠡᠷᠬᠡ ᠰᠦᠷᠲᠦ ᠲᠤᠰᠬᠠᠶ ᠮᠡᠷᠭᠡᠵᠢᠯᠲᠡᠨ ᠤ | ᠵᠠᠳᠠᠯᠤᠯᠲᠠ ᠶᠢ ᠦᠨᠳᠦᠰᠦᠯᠡᠪᠡᠯ ᠣᠶᠢᠷ᠎ᠠ ᠶᠢᠨ ᠨᠢᠭᠡ ᠬᠤᠭᠤᠴᠠᠭ᠎ᠠ ᠪᠤᠯ ᠮᠥᠨ ᠯᠡ ᠰᠢᠨ᠎ᠡ ᠲᠢᠳᠢᠮᠯᠢᠭ ᠠᠭᠤᠰᠬᠢᠨ | ᠦᠷᠪᠢᠰᠦᠯ ᠳᠤ ᠬᠠᠯᠳᠠᠪᠤᠷᠢᠯᠠᠭᠰᠠᠨ ᠡᠪᠡᠳᠴᠢᠲᠡᠨ ᠤ ᠢᠯᠡᠷᠡᠬᠦ ᠬᠤᠭᠤᠴᠠᠭ᠎ᠠ ᠪᠠᠶᠢᠵᠤ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠬᠠᠮᠤᠭ ᠤᠨ ᠬᠦᠴᠢᠷᠲᠠᠢ ᠵᠠᠩᠭᠢᠯᠠᠭ᠎ᠠ ᠶᠢᠨ ᠱᠠᠲᠤᠨ ᠳᠤ ᠤᠷᠤᠵᠤ ᠠᠵᠢᠯ | ᠦᠢᠯᠡᠳᠪᠦᠷᠢᠯᠡᠯ ᠤᠨ ᠰᠡᠷᠬᠦᠯᠲᠡ ᠡᠮᠬᠢ ᠵᠢᠷᠤᠮ ᠲᠠᠢ ᠠᠭᠢᠬᠤ ᠶᠢ ᠳᠠᠭᠠᠯᠳᠤᠨ ᠬᠥᠮᠦᠰ ᠤᠨ ᠰᠢᠯᠵᠢᠯᠲᠡ ᠲᠠᠰᠤᠷᠠᠯᠲᠠ | ᠥᠬᠡᠶ ᠨᠡᠮᠡᠭᠳᠡᠵᠤ ᠰᠡᠷᠭᠡᠶᠢᠯᠡᠨ ᠡᠵᠡᠮᠳᠡᠬᠦ ᠳᠠᠷᠤᠯᠲᠠ ᠢᠯᠡᠳᠲᠡ ᠶᠡᠬᠡᠰᠦᠨ᠂ ᠪᠠᠶᠢᠳᠠᠯ ᠮᠥᠨ ᠬᠦ ᠨᠠᠷᠢᠨ | ᠪᠤᠳᠤᠯᠢᠶᠠᠨᠲᠠᠢ ᠬᠦᠨᠳᠦ ᠨᠣᠴᠢᠲᠠᠶ ᠪᠠᠶᠢᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ | ᠲᠠᠶᠢᠯᠠᠯᠳᠤᠭᠠᠨ ᠳᠠᠭᠤᠰᠤᠭ᠎ᠠ ᠥᠬᠡᠶ ᠪᠠᠶᠢᠨ᠎ᠠ᠃ ᠪᠢᠳᠡ ᠶᠠᠭᠠᠬᠢᠭᠰᠠᠨ ᠴᠤ ᠰᠤᠯᠠᠷᠠᠭᠤᠯᠵᠤ ᠪᠣᠯᠬᠤ ᠦᠭᠡᠢ᠂ | ᠶᠠᠭᠠᠬᠢᠭᠰᠠᠨ ᠴᠤ ᠪᠣᠯᠭᠤᠮᠵᠢ ᠦᠭᠡᠢ ᠪᠠᠶᠢᠵᠤ ᠪᠣᠯᠬᠤ ᠦᠭᠡᠢ᠂ ᠳᠠᠶᠢᠨ ᠠᠴᠠ ᠬᠠᠰᠢᠷᠠᠬᠤ ᠦᠵᠡᠯ ᠰᠠᠨᠠᠭ᠎ᠠ ᠪᠠ | ᠠᠵᠠ ᠵᠠᠪᠰᠢᠶᠠᠨ ᠭᠤᠷᠢᠳᠠᠭᠰᠠᠨ ᠪᠤᠳᠤᠯ ᠢ ᠡᠷᠬᠡᠪᠰᠢ ᠡᠷᠡᠰ ᠲᠡᠪᠴᠢᠵᠤ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠡᠨᠡ ᠬᠦ ᠠᠵᠢᠯ ᠢ ᠢᠮᠠᠭᠲᠠ ᠴᠢᠩᠭ᠎ᠠ ᠠᠳᠬᠤᠵᠣ ᠡᠨᠡ ᠤᠳᠠᠭᠠᠨ ᠤ ᠠᠷᠠᠳ ᠤᠨ ᠳᠠᠶᠢᠨ ᠤ ᠪᠦᠬᠦ | ᠲᠠᠯ᠎ᠠ ᠶᠢᠨ ᠢᠯᠠᠯᠲᠠ ᠶᠢ ᠡᠴᠦᠰ ᠲᠡᠭᠡᠨ ᠲᠡᠮᠡᠴᠡᠨ ᠤᠯᠬᠤ ᠪᠣᠯᠲᠠᠯ᠎ᠠ ᠦᠷᠭᠦᠯᠵᠢᠯᠡᠨ ᠴᠢᠩᠭ᠎ᠠ ᠰᠡᠷᠭᠡᠶᠢᠯᠡᠨ ᠰᠠᠬᠢᠬᠤ | ᠬᠡᠷᠡᠭᠲᠡᠶ᠃ | ᠣᠳᠣᠬᠠᠨ ᠳᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠣᠨᠴᠠ ᠪᠦᠲᠦᠮᠵᠢᠲᠡᠶ ᠠᠷᠭ᠎ᠠ ᠪᠠᠷᠢᠯ ᠬᠠᠷᠠᠬᠠᠨ ᠪᠠᠶᠢᠬᠤ ᠥᠬᠡᠶ᠂ ᠴᠥᠭᠡᠨ ᠪᠤᠰᠤ ᠭᠠᠵᠠᠷ ᠲᠤ ᠪᠠᠰᠠ | ᠣᠨᠣᠰᠢᠯᠠᠭᠰᠠᠨ ᠡᠪᠡᠳᠴᠢᠨ ᠤ ᠵᠢᠱᠢᠶ᠎ᠡ ᠲᠠᠢ ᠤᠶᠢᠷᠠᠳᠤᠭᠰᠠᠨ ᠲᠡᠤᠭᠡ ᠦᠬᠡᠢ ᠣᠨᠣᠰᠢᠯᠠᠭᠰᠠᠨ ᠡᠪᠡᠳᠴᠢᠨ ᠤ | ᠵᠢᠱᠢᠶ᠎ᠡ ᠵᠢᠴᠢ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠰᠠᠳ ᠢᠯᠡᠷᠡᠭᠰᠡᠨ ᠪᠠᠶᠢᠨ᠎ᠠ᠃ ᠲᠤᠰᠬᠠᠶ | ᠮᠡᠷᠭᠡᠵᠢᠯᠲᠡᠨ ᠠᠴᠠ᠄ ᠰᠠᠨᠠᠭᠠᠴᠢᠯᠠᠭ᠎ᠠ ᠠᠴᠠ ᠪᠠᠨ ᠭᠡᠷ ᠲᠡᠭᠡᠨ ᠰᠠᠭᠤᠵᠤ ᠭᠠᠳᠠᠭᠰᠢ ᠭᠠᠷᠬᠤ ᠥᠬᠡᠶ ᠪᠠᠶᠢᠬᠤ ᠪᠤᠯ | ᠮᠥᠨ ᠬᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠤᠭ ᠤᠨ ᠪᠦᠲᠦᠮᠵᠢᠲᠡᠶ ᠠᠷᠭ᠎ᠠ ᠮᠥᠨ᠂ ᠮᠥᠨ ᠯᠡ | ᠸᠢᠷᠦ᠋ᠰ ᠢ ᠬᠤᠷᠢᠭᠯᠠᠬᠤ ᠬᠠᠮᠤᠭ ᠤᠨ ᠲᠤᠰᠠᠲᠠᠶ ᠡᠮ ᠮᠥᠨ᠃ ᠬᠢᠵᠢᠭ ᠤᠨ ᠪᠠᠶᠢᠳᠠᠯ ᠤᠨ ᠰᠡᠷᠡᠮᠵᠢ ᠶᠢᠨ ᠳᠣᠬᠢᠶ᠎ᠠ ᠶᠢ | ᠬᠦᠴᠦᠨ ᠦᠬᠡᠢ ᠪᠣᠯᠭᠠᠭᠠᠳᠣᠢ ᠪᠣᠯᠬᠤᠷ ᠣᠯᠠᠨ ᠢᠶᠠᠷ ᠢᠶᠠᠨ ᠪᠠᠰᠠ ᠬᠦᠯᠢᠶᠡᠵᠡᠭᠡᠵᠤ ᠬᠦᠯᠢᠴᠡᠵᠡᠭᠡᠨ ᠦᠷᠭᠦᠯᠵᠢᠯᠡᠨ | ᠰᠠᠨᠠᠭ᠎ᠠ ᠠᠮᠤᠷ ᠭᠡᠷ ᠲᠡᠭᠡᠨ ᠰᠠᠭᠤᠨ ᠥᠪᠡᠷ ᠤᠨ ᠪᠡᠶ᠎ᠡ ᠪᠠ ᠭᠡᠷ ᠤᠨ ᠬᠥᠮᠦᠰ ᠢᠶᠠᠨ ᠰᠠᠶᠢᠳᠣᠷ ᠬᠠᠮᠢᠶᠠᠷᠴᠤ ᠲᠥᠷᠥᠯ | ᠰᠠᠳᠤᠨ᠂ ᠨᠠᠶᠢᠵᠠ ᠨᠥᠬᠦᠳ ᠢᠶᠠᠨ ᠢᠳᠬᠠᠨ ᠳᠤᠲᠠᠭᠤ ᠭᠠᠳᠠᠭᠰᠢ ᠭᠠᠷᠴᠤ ᠠᠶᠢᠯ ᠲᠣᠭᠤᠷᠢᠬᠤ ᠦᠭᠡᠶ᠂ ᠬᠠᠮᠲᠤ | ᠬᠤᠭᠤᠯᠠᠯᠠᠬᠤ ᠦᠭᠡᠶ᠂ ᠴᠤᠭᠯᠠᠭᠠᠨ ᠨᠠᠶᠢᠷ ᠬᠢᠬᠦ ᠦᠭᠡᠶ ᠪᠠᠶᠢᠬᠤ ᠬᠡᠷᠡᠭᠲᠡᠶ᠃ ᠣᠨᠴᠠᠭᠠᠶ ᠪᠠᠶᠢᠳᠠᠯ ᠳᠣᠣᠷ᠎ᠠ | ᠭᠠᠳᠠᠭᠰᠢ ᠭᠠᠷᠬᠤ ᠳᠠᠭᠠᠨ ᠠᠮᠠᠪᠴᠢ ᠵᠡᠭᠦᠬᠦ ᠬᠡᠷᠡᠭᠲᠡᠶ᠂ ᠥᠪᠡᠷ ᠤᠨ ᠪᠡᠶ᠎ᠡ ᠪᠠᠨ ᠰᠠᠶᠢᠲᠤᠷ ᠬᠠᠮᠠᠭᠠᠯᠠᠵᠤ ᠬᠠᠮᠤᠭ ᠤᠨ | ᠶᠡᠭᠡ ᠴᠢᠷᠮᠠᠶᠢᠯᠭ᠎ᠠ ᠭᠠᠷᠭᠠᠵᠤ ᠪᠠᠶᠢᠭᠠᠳ ᠬᠥᠮᠦᠰ ᠤᠨ ᠴᠤᠭᠯᠠᠷᠠᠯ ᠢ ᠪᠠᠭᠠᠰᠬᠠᠵᠤ ᠨᠢᠭᠡ ᠴᠠᠭ ᠤᠨ ᠪᠣᠯᠭᠤᠮᠵᠢ | ᠥᠬᠡᠶ ᠠᠴᠠ ᠪᠣᠯᠵᠣ ᠥᠩᠭᠡᠷᠡᠭᠰᠡᠨ ᠤ ᠭᠠᠪᠢᠶ᠎ᠠ ᠪᠠᠨ ᠶᠠᠭᠠᠬᠢᠭᠰᠠᠨ ᠴᠤ ᠠᠯᠳᠠᠵᠣ ᠪᠣᠯᠬᠤ ᠥᠬᠡᠶ᠃ | ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠭᠤᠤᠯᠳᠠᠯᠭ᠎ᠠ ᠪᠠᠨ ᠳᠣᠪᠤᠶᠢᠯᠭᠠᠨ ᠨᠢᠭᠡᠳᠦᠯᠲᠡᠶ | ᠲᠥᠯᠥᠪᠯᠡᠨ ᠬᠠᠮᠳᠣ ᠳᠤᠨᠢ ᠬᠠᠷᠠᠭᠠᠯᠵᠠᠵᠤ ᠲᠥᠷᠥᠯ ᠬᠤᠪᠢᠶᠠᠨ ᠵᠢᠯᠣᠭᠤᠳᠣᠨ ᠣᠷᠣᠨ ᠬᠤᠪᠢᠶᠠᠨ ᠲᠥᠷᠥ ᠶᠢᠨ | ᠪᠣᠳᠣᠯᠭ᠎ᠠ ᠬᠡᠷᠡᠭᠵᠢᠬᠦᠯᠬᠦ ᠵᠠᠷᠴᠢᠮ ᠶᠣᠰᠣᠭᠠᠷ ︽ᠭᠠᠳᠠᠨ᠎ᠡ ᠠᠴᠠ ᠬᠢᠵᠢᠭ ᠤᠷᠤᠵᠤ ᠢᠷᠡᠬᠦ ᠶᠢ ᠰᠡᠷᠬᠡᠶᠢᠯᠡᠨ | ᠣᠨᠣᠪᠴᠢᠲᠠᠶ ᠤᠷᠢᠳᠴᠢᠯᠠᠨ ᠰᠡᠷᠡᠮᠵᠢᠯᠡᠭᠦᠯᠬᠦ︾ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠶᠢ ᠴᠢᠩᠭ᠎ᠠ | ᠨᠠᠶᠢᠲᠠᠪᠤᠷᠢᠵᠢᠭᠤᠯᠵᠤ ᠬᠢᠵᠢᠭ ᠤᠨ ᠪᠠᠶᠢᠳᠠᠯ ᠢ ᠪᠦᠬᠦ ᠬᠦᠴᠦᠨ ᠢᠶᠠᠷ ᠢᠶᠠᠨ ᠬᠤᠷᠢᠭᠯᠠᠬᠤ ᠶᠢᠨ ᠬᠠᠮᠲᠤ | ᠥᠭᠡᠷᠡᠴᠢᠯᠡᠯᠲᠡ ᠬᠦᠭᠵᠢᠬᠦᠯᠦᠯᠲᠡ ᠠᠮᠤᠷ ᠲᠣᠭᠲᠠᠭᠤᠨ ᠤ ᠡᠯ᠎ᠡ ᠲᠦᠷᠦᠯ ᠤᠨ ᠠᠵᠢᠯ ᠢ ᠨᠢᠭᠡᠳᠦᠯᠲᠡᠶ ᠲᠥᠯᠥᠪᠯᠡᠨ | ᠰᠠᠶᠢᠲᠤᠷ ᠠᠳᠬᠤᠵᠤ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠬᠡᠷᠡᠭᠲᠡᠶ᠃ | ᠠᠵᠤ ᠠᠬᠤᠶᠢᠯᠠᠯ ᠤᠨ ᠡᠮᠬᠢ ᠵᠢᠷᠤᠮ ᠲᠠᠢ ᠠᠵᠢᠯ ᠢᠶᠠᠨ ᠰᠡᠷᠭᠦᠭᠡᠬᠦ ᠶᠢ ᠳᠡᠮᠵᠢᠵᠦ ᠪᠠᠯᠠ ᠣᠷᠣᠭᠤᠯᠤᠯᠲᠠ ᠶᠢᠨ | ᠡᠷᠴᠢᠮ ᠢ ᠴᠢᠩᠭᠠᠷᠠᠭᠤᠯᠤᠨ ᠬᠠᠪᠤᠷ ᠤᠨ ᠤᠯᠠᠷᠢᠯ ᠤᠨ ᠮᠠᠯ ᠲᠠᠷᠢᠶᠠᠯᠠᠩ ᠠᠵᠤ ᠠᠬᠤᠶ ᠶᠢᠨ ᠦᠢᠯᠡᠳᠪᠦᠷᠢᠯᠡᠯ ᠪᠣᠯᠤᠨ | ᠠᠹᠷᠢᠺᠠ ᠲᠢᠪ ᠤᠨ ᠭᠠᠭ᠋ᠠᠶ ᠶᠢᠨ ᠬᠢᠵᠢᠭ᠂ ᠬᠤᠯᠤᠭᠠᠨ᠎ᠠ ᠶᠢᠨ ᠬᠢᠵᠢᠭ ᠵᠡᠷᠭᠡ ᠬᠦᠨᠳᠦ ᠶᠡᠭᠡ ᠬᠠᠯᠳᠠᠪᠤᠷᠢᠲᠤ | ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠠᠳᠬᠤᠵᠤ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ | ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ ᠰᠠᠭᠤᠭᠠᠯᠢ ᠠᠷᠠᠳ ᠤᠨ ᠬᠡᠷᠡᠭᠯᠡᠭᠡ ᠶᠢ ᠲᠣᠭᠲᠠᠭᠤᠨ ᠢᠶᠠᠷ | ᠠᠬᠢᠭᠤᠯᠵᠤ ᠢᠯᠠᠩᠭᠤᠶ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠯ᠎ᠠ ᠪᠠᠷ ᠢᠯᠡᠷᠡᠬᠦᠯᠦᠭᠰᠡᠨ ᠳᠤᠲᠠᠭᠤᠳᠠᠯ | ᠪᠠ ᠡᠮᠵᠡᠭ ᠲᠠᠢ ᠲᠠᠯ᠎ᠠ ᠳᠤ ᠴᠢᠭᠯᠡᠭᠦᠯᠦᠨ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ | ᠲᠡᠭᠦᠯᠳᠡᠷᠵᠢᠭᠦᠯᠵᠦ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠦᠳᠡᠯᠭᠡᠭᠡᠨ ᠪᠠ ᠣᠷᠣᠰᠢᠨ ᠰᠠᠭᠤᠷᠢᠰᠢᠬᠤ | ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠶᠡᠬᠡᠪᠡᠷ ᠥᠷᠨᠢᠭᠦᠯᠵᠦ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠬᠢᠵᠢᠭ ᠢ ᠰᠡᠷᠭᠡᠶᠢᠯᠡᠬᠦ ᠪᠠ ᠬᠦᠨᠳᠦ ᠶᠡᠭᠡ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ | ᠳᠡᠭᠡᠭᠰᠢᠯᠡᠭᠦᠯᠬᠦ ᠬᠡᠷᠡᠭᠲᠡᠶ᠃ | ᠬᠦᠭᠡᠭᠡ ᠡᠪᠦᠯ ᠪᠤᠴᠠᠵᠤ ᠤᠷᠢᠬᠠᠨ ᠬᠠᠪᠤᠷ ᠰᠠᠭᠠᠳᠠᠯ᠎ᠠ᠃ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ | ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠪᠦᠬᠦ ᠬᠤᠰᠢᠭᠤᠨ ᠤ ᠠᠷᠠᠳ ᠲᠦᠮᠡᠨ | ᠬᠠᠮᠲᠤ ᠪᠠᠷ ᠴᠢᠷᠮᠠᠶᠢᠨ ᠡᠯ᠎ᠡ ᠠᠵᠢᠯ ᠲᠥᠷᠥᠯ ᠤᠨ ᠬᠢᠨ ᠬᠠᠮᠲᠤ ᠪᠠᠷ ᠰᠠᠷᠬᠡᠶᠢᠯᠡᠨ ᠰᠠᠬᠢᠵᠤ ᠰᠢᠷᠭᠠᠭᠤ | ᠬᠠᠲᠠᠭᠤᠵᠢᠯᠲᠠᠢ ᠪᠠᠷ ᠬᠤᠪᠢ ᠨᠡᠮᠡᠷᠢ ᠪᠠᠨ ᠦᠵᠡᠬᠦᠯᠦᠨ ᠬᠠᠮᠲᠤ ᠪᠠᠷ ᠲᠡᠮᠡᠴᠡᠪᠡᠯ ᠪᠢᠳᠡ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠷᠠᠳ ᠤᠨ ᠳᠠᠶᠢᠨ᠂ ᠶᠡᠷᠦᠩᠬᠡᠢ ᠲᠠᠶᠢᠯᠠᠯᠳᠤᠭᠠᠨ᠂ ᠬᠤᠷᠢᠭᠯᠠᠯᠲᠠ ᠶᠢᠨ ᠲᠠᠶᠢᠯᠠᠯᠳᠤᠭᠠᠨ ᠢ | ᠯᠠᠪᠳᠠᠶ᠎ᠠ ᠰᠠᠶᠢᠲᠤᠷ ᠬᠢᠵᠦ ᠢᠯᠠᠯᠲᠠ ᠤᠯᠤᠨ᠎ᠡ ᠭᠡᠳᠡᠭ ᠢ ᠪᠠᠲᠤ ᠢᠲᠡᠭᠡᠵᠦ ᠪᠠᠶᠢᠨ᠎ᠠ︕ ᠨᠤᠮᠢᠨ ᠲᠠᠩᠰᠤᠭ ᠦᠤᠰᠢᠨ | ᠤ ᠢᠷᠡᠬᠦ ᠮᠠᠷᠭᠠᠰᠢ ᠨᠠᠩ ᠰᠠᠶᠢᠨ ᠰᠠᠶᠢᠬᠠᠨ ᠪᠣᠯᠤᠨ᠎ᠠ︕ | | | | ᠦᠤᠰᠢᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ | ᠭᠠᠵᠠᠷ | 2020 ᠣᠨ ᠤ 2 ᠰᠠᠷ᠎ᠠ ᠶᠢᠨ 17 ᠤ ᠡᠳᠦᠷ |