ᠤᠢᠢᠷ᠎ᠠ ᠶᠢᠨ ᠡᠳᠦᠷ᠂ ᠬᠤᠲᠠ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ᠂ ᠠᠵᠢᠯ ᠢᠶᠠᠨ ᠰᠡᠷᠭᠦᠭᠡᠨ ᠦᠢᠯᠡᠳᠪᠦᠷᠢᠯᠡᠯ ᠢᠶᠠᠨ ᠰᠡᠷᠭᠦᠭᠡᠬᠦ ᠪᠤᠯᠤᠨ ᠬᠠᠪᠤᠷ ᠤᠨ | ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠸᠢᠳᠢᠣ᠋ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ᠃ ᠬᠤᠷᠠᠯ ᠠᠴᠠ | ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ | ᠠᠷᠭᠠᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ︽ᠲᠥᠷᠥᠯ ᠬᠤᠪᠢᠶᠠᠨ ᠵᠢᠯᠣᠭᠤᠳᠴᠤ | ᠣᠨᠣᠪᠴᠢᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠢᠭᠡᠳ ᠠᠵᠤ | ᠠᠬᠤᠶ ᠨᠡᠶᠢᠭᠡᠮ ᠤᠨ ᠬᠥᠭᠵᠢᠯᠲᠡ ᠶᠢᠨ ᠠᠵᠢᠯ ᠢ ᠨᠢᠭᠡᠳᠦᠯᠲᠡᠶ ᠲᠦᠯᠦᠪᠵᠢᠭᠦᠯᠦᠨ ᠰᠠᠶᠢᠲᠤᠷ ᠬᠢᠬᠦ ᠲᠤᠬᠠᠶ ᠰᠠᠨᠠᠯ︾ | ᠢ ᠤᠯᠠᠮᠵᠢᠯᠠᠨ ᠰᠤᠷᠤᠯᠴᠠᠵᠤ᠂ ᠪᠥᠬᠦ ᠬᠤᠲᠠ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠪᠤᠯᠤᠨ ᠠᠵᠢᠯ ᠢᠶᠠᠨ ᠰᠡᠷᠭᠦᠭᠡᠨ ᠦᠢᠯᠡᠳᠪᠦᠷᠢᠯᠡᠯ ᠢᠶᠠᠨ ᠰᠡᠷᠭᠦᠭᠡᠬᠦ᠂ ᠬᠠᠪᠤᠷ ᠤᠨ | ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠪᠠᠶᠢᠳᠠᠯ ᠢ ᠮᠡᠳᠡᠭᠳᠡᠬᠦ ᠶᠢᠨ ᠬᠠᠮᠲᠤ ᠬᠠᠮᠢᠶ᠎ᠠ ᠪᠥᠬᠦᠶ ᠠᠵᠢᠯ ᠢᠶᠠᠨ | ᠪᠠᠶᠢᠷᠢᠯᠠᠭᠤᠯᠤᠬᠰᠠᠨ ᠪᠠᠶᠢᠨ᠎ᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ | ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠵᠢᠯᠣᠭᠤᠳᠬᠤ ᠭᠠᠵᠠᠷ ᠤᠨ ᠶᠡᠷᠦᠩᠬᠡᠶ ᠵᠢᠯᠣᠭᠤᠳᠣᠭᠴᠢ ᠰᠡᠴᠡᠨᠪᠢᠯᠢᠭ ᠬᠤᠷᠠᠯ ᠢ ᠡᠷᠬᠢᠯᠡᠵᠤ ᠶᠠᠷᠢᠶ᠎ᠠ ᠲᠠᠯᠪᠢᠪᠠ᠃ | ᠬᠤᠳᠠ ᠶᠢᠨ ᠣᠯᠣᠰ ᠳᠦᠷᠦ ᠶᠢᠨ ᠵᠦᠪᠯᠡᠯᠬᠡᠨ ᠤ ᠳᠡᠳ᠋ ᠳᠡᠷᠢᠬᠦᠯᠡᠭᠴᠢ ᠬᠤᠯᠪᠣᠭᠠᠯᠠᠨ ᠳᠠᠭᠠᠭᠠᠴᠢᠯᠠᠵᠦ ᠬᠢᠨᠠᠨ | ᠵᠢᠯᠣᠭᠤᠳᠬᠤ ᠳᠣᠭᠤᠶᠢᠯᠠᠩ ᠤᠨ ᠳᠠᠷᠤᠭ᠎ᠠ ᠮᠠ᠊ ᠭᠠᠷᠣᠳᠢ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ | ᠬᠤᠰᠢᠭᠤ ᠳᠠᠷᠤᠭ᠎ᠠ ᠵᠣᠣ ᠹᠧᠢ ᠯᠣ᠋᠂ ᠬᠤᠰᠢᠭᠤ ᠣᠳᠣᠷᠢᠳᠣᠯᠭ᠎ᠠ ᠰᠣᠷᠭᠠᠯᠲᠣ᠂ ᠯᠠᠨ ᠲᠢᠶᠠᠨ᠂ ᠵᠠᠩ ᡁᠢ ᠰᠢᠦ᠋ᠩ᠂ | ᠹᠧᠩ ᡁᠢ ᠮᠢᠩ᠂ ᠯᠢ ᠵᠦᠩ ᠯᠢᠨ᠂ ᠭᠤᠣ ᠬᠤ᠋᠂ ᠪᠠᠶᠠᠨᠴᠡᠩᠬᠡᠯ᠂ ᠪᠠᠶᠠᠨᠴᠢᠮᠡᠭ ᠵᠢᠴᠢ ᠬᠠᠮᠢᠶ᠎ᠠ ᠪᠦᠬᠦᠢ ᠰᠠᠯᠠᠭ᠎ᠠ | ᠮᠦᠴᠢᠷ ᠤᠨ ᠬᠠᠷᠢᠭᠤᠴᠠᠯᠭᠠᠳᠠᠨ ᠮᠠᠨ ᠤ ᠬᠤᠰᠢᠭᠤᠨ ᠤ ᠬᠤᠪᠢᠶᠠᠷᠢ ᠬᠤᠷᠠᠯ ᠤᠨ ᠳᠠᠯᠠᠪᠠᠢ ᠳᠤ ᠬᠤᠷᠠᠯ ᠳᠤ | ᠣᠷᠣᠯᠴᠠᠪᠠ᠃ | ᠰᠡᠴᠡᠨᠪᠢᠯᠢᠭ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ | ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠲᠧᠯᠸᠢᠰ ᠳ᠋ᠢᠶᠡᠩᠬᠤᠸᠠ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ | ᠪᠠᠶᠢᠷᠢᠯᠠᠭᠤᠯᠤᠯᠲᠠ ᠶᠣᠰᠣᠭᠠᠷ ᠪᠠᠶᠢᠳᠠᠯ ᠪᠠ ᠡᠭᠦᠷᠭᠡ ᠶᠢ ᠲᠣᠳᠣᠷᠬᠠᠶ ᠲᠠᠨᠢᠨ᠂ ᠨᠢᠭᠡᠳᠦᠯᠲᠡᠶ ᠲᠥᠯᠥᠪᠵᠢᠬᠦᠯᠦᠨ | ᠨᠡᠶᠢᠲᠡᠮ ᠳᠤᠨᠢ ᠬᠠᠷᠠᠭᠠᠯᠵᠠᠵᠤ᠂ ᠲᠥᠷᠥ ᠶᠢᠨ ᠪᠣᠳᠣᠯᠭ᠎ᠠ ᠶᠢ ᠣᠨᠣᠪᠴᠢᠲᠠᠶ ᠬᠡᠷᠡᠭᠵᠢᠭᠦᠯᠦᠨ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠶᠢ ᠰᠠᠶᠢᠲᠤᠷ ᠬᠢᠬᠦ ᠶᠢᠨ ᠬᠠᠮᠲᠤ ᠪᠥᠬᠦ ᠬᠤᠲᠠ ᠶᠢᠨ ᠠᠵᠤ ᠠᠬᠤᠶᠢᠯᠠᠯ ᠤᠨ ᠠᠵᠢᠯ ᠢᠶᠠᠨ | ᠰᠡᠷᠭᠦᠭᠡᠨ ᠦᠢᠯᠡᠳᠪᠦᠷᠢᠯᠡᠯ ᠢᠶᠠᠨ ᠰᠡᠷᠭᠦᠭᠡᠬᠦ᠂ ︽ᠮᠠᠯ ᠠᠵᠤ ᠠᠬᠤᠢ ᠲᠠᠷᠢᠶᠠᠯᠠᠩ᠂ ᠮᠠᠯᠵᠢᠬᠤ ᠲᠠᠷᠢᠶᠠᠯᠠᠬᠤ ᠤᠷᠤᠨ᠂ | ᠮᠠᠯᠴᠢᠨ ᠲᠠᠷᠢᠶᠠᠴᠢᠨ︾ ᠵᠡᠷᠭᠡ ᠭᠤᠤᠯᠳᠠᠯᠭ᠎ᠠ ᠲᠠᠢ ᠠᠵᠢᠯ ᠢ ᠲᠦᠷᠭᠡᠨ ᠠᠬᠢᠭᠤᠯᠵᠤ᠂ ᠪᠥᠬᠦ ᠤᠨ ᠤ ᠬᠠᠷᠠᠯᠲᠠ | ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠵᠤ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ | ᠪᠡᠶᠡᠯᠡᠬᠦᠯᠬᠦ ᠰᠢᠢᠳᠪᠦᠷᠢᠲᠤ ᠢᠯᠠᠯᠲᠠ ᠶᠢ ᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃ | ᠰᠡᠴᠡᠨᠪᠢᠯᠢᠭ ᠵᠠᠮ ᠬᠠᠷᠢᠯᠴᠠᠭᠠᠨ ᠤ ᠪᠤᠭᠤᠮᠲᠠ ᠶᠢᠨ ᠰᠡᠷᠭᠡᠶᠢᠯᠡᠯᠲᠡ ᠶᠢᠨ ᠱᠤᠭᠤᠮ ᠢ ᠰᠠᠬᠢᠵᠤ᠂ ᠨᠢᠰᠬᠡᠯ ᠤᠨ | ᠪᠠᠭᠤᠳᠠᠯ᠂ ᠭᠠᠯᠲᠤ ᠲᠡᠷᠭᠡᠨ ᠤ ᠥᠷᠲᠡᠭᠡ ᠵᠡᠷᠭᠡ ᠲᠠᠯᠠᠪᠤᠷ ᠢ ᠦᠯᠡᠳᠡᠭᠡᠯ ᠦᠭᠡᠢ ᠪᠠᠶᠢᠴᠠᠭᠠᠬᠤ ᠬᠠᠮᠢᠶᠠᠷᠤᠯᠲᠠ ᠶᠢ | ᠴᠢᠩᠭᠠᠳᠬᠠᠵᠤ᠂ ᠶᠠᠪᠤᠴᠠ ᠶᠢ ᠰᠢᠯᠢᠳᠡᠭᠵᠢᠭᠦᠯᠦᠨ᠂ ᠡᠭᠦᠷᠭᠡ ᠴᠢᠳᠠᠪᠤᠷᠢ ᠪᠠᠨ ᠴᠢᠩᠭᠠᠳᠬᠠᠵᠤ᠂ ᠠᠰᠢᠭᠯᠠᠮᠵᠢ ᠶᠢ | ᠳᠡᠭᠡᠭᠰᠢᠯᠡᠭᠦᠯᠦᠨ᠂ ᠬᠢᠵᠢᠭ ᠤᠨ ᠪᠠᠶᠢᠳᠠᠯ ᠤᠨ ᠭᠠᠳᠠᠨ᠎ᠠ ᠠᠴᠠ ᠤᠷᠤᠵᠤ ᠢᠷᠡᠬᠦ ᠶᠢ ᠡᠷᠡᠰ ᠬᠤᠷᠢᠭᠯᠠᠬᠤ ᠬᠡᠷᠡᠭᠲᠡᠶ᠃ | ᠨᠡᠶᠢᠭᠡᠮ ᠲᠣᠭᠤᠷᠢᠭ᠂ ᠭᠠᠴᠠᠭ᠎ᠠ ᠲᠣᠰᠬᠤᠨ ᠤ ᠰᠡᠷᠭᠡᠶᠢᠯᠡᠨ ᠡᠵᠡᠮᠳᠡᠬᠦ ᠰᠡᠷᠭᠡᠶᠢᠯᠡᠯᠲᠡ ᠶᠢᠨ ᠱᠤᠭᠤᠮ ᠢ ᠪᠠᠲᠤ | ᠰᠠᠬᠢᠵᠤ᠂ ᠰᠡᠷᠭᠡᠶᠢᠯᠡᠨ ᠡᠵᠡᠮᠳᠡᠬᠦ ᠬᠦᠴᠦᠨ ᠢ ᠳᠣᠷᠣᠭᠰᠢ ᠪᠠᠭᠤᠯᠭᠠᠬᠤ ᠶᠢ ᠠᠬᠢᠭᠤᠯᠵᠤ᠂ ᠰᠠᠭᠤᠭᠠᠯᠢ ᠠᠷᠠᠳ ᠤᠨ | ᠲᠣᠭᠤᠷᠢᠭ᠂ ᠭᠠᠴᠠᠭ᠎ᠠ ᠲᠣᠰᠬᠤᠨ ᠤ ᠳᠤᠭᠤᠶᠢᠯᠠᠩ ᠪᠠ ᠬᠤᠲᠠ ᠪᠠᠯᠭᠠᠰᠤ ᠶᠢᠨ ᠬᠠᠭᠤᠴᠢᠨ ᠤᠷᠤᠨ ᠰᠠᠭᠤᠴᠠ᠂ | ᠬᠤᠲᠠ ᠶᠢᠨ ᠲᠡᠭᠦᠷᠭᠡ ᠶᠢᠨ ᠬᠢᠨᠠᠨ ᠬᠠᠮᠢᠶᠠᠷᠤᠭᠴᠢ ᠥᠬᠡᠶ ᠲᠣᠭᠤᠷᠢᠭ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ | ᠴᠢᠩᠭᠠᠳᠬᠠᠨ᠂ ᠵᠦᠢ ᠵᠤᠬᠢᠰᠲᠠᠢ ᠪᠠᠷ ᠵᠢᠵᠢᠭᠦᠷᠯᠡᠭᠦᠯᠵᠤ᠂ ᠮᠡᠳᠡᠭᠡ ᠵᠠᠩᠭᠢᠴᠢᠯᠡᠯᠲᠠ ᠶᠢᠨ ᠠᠷᠭ᠎ᠠ ᠪᠠᠷᠢᠯ ᠢ | ᠳᠡᠯᠭᠡᠷᠡᠭᠦᠯᠦᠨ᠂ ᠣᠯᠠᠨ ᠲᠦᠮᠡᠨ ᠢ ᠳᠠᠶᠢᠴᠢᠯᠠᠨ ᠬᠠᠮᠲᠤ ᠪᠠᠷ ᠰᠡᠷᠭᠡᠶᠢᠯᠡᠵᠦ ᠬᠠᠮᠲᠤ ᠪᠠᠷ ᠵᠠᠰᠠᠬᠤ ᠶᠢ ᠤᠬᠠᠭᠤᠯᠵᠤ᠂ | ᠡᠷᠦᠬᠡ ᠪᠤᠯᠭᠠᠨ᠂ ᠬᠦᠮᠦᠨ ᠪᠤᠯᠭᠠᠨ ᠳᠤ ᠴᠦᠮ ᠪᠦᠷᠭᠦᠭᠦᠯᠬᠦ ᠶᠢ ᠪᠠᠲᠤᠯᠠᠬᠤ ᠬᠡᠷᠡᠭᠲᠡᠶ᠃ ᠡᠮᠴᠢᠯᠡᠭᠡᠨ ᠤ ᠰᠢᠭᠰᠢᠨ | ᠪᠠᠶᠢᠴᠠᠭᠠᠬᠤ ᠰᠡᠷᠭᠡᠶᠢᠯᠡᠯᠲᠡ ᠶᠢᠨ ᠱᠤᠭᠤᠮ ᠢ ᠪᠠᠲᠤ ᠰᠠᠬᠢᠵᠤ᠂ ᠡᠯ᠎ᠡ ᠲᠥᠷᠥᠯ ᠤᠨ ᠡᠮᠨᠡᠯᠭᠡ ᠶᠢᠨ ᠬᠤᠷᠢᠶ᠎ᠠ᠂ | ᠡᠮᠴᠢᠯᠡᠭᠡᠨ ᠤ ᠭᠠᠵᠠᠷ ᠤᠨ ᠵᠠᠬᠢᠷᠤᠨ ᠬᠠᠮᠢᠶᠠᠷᠬᠤ ᠠᠷᠭ᠎ᠠ ᠬᠡᠮᠵᠢᠶ᠎ᠡ ᠶᠢ ᠴᠢᠩᠭᠠᠳᠬᠠᠵᠤ᠂ ᠡᠮᠴᠢᠯᠡᠭᠡᠨ ᠤ ᠰᠡᠷᠭᠡᠶᠢᠯᠡᠨ | ᠡᠵᠡᠮᠳᠡᠬᠦ ᠪᠠ ᠠᠪᠤᠷᠠᠨ ᠡᠮᠴᠢᠯᠠᠭᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠭᠠᠬᠤ | ᠪᠡᠯᠡᠳᠬᠡᠯ ᠲᠥᠰᠦᠯ ᠢ ᠲᠡᠭᠦᠯᠳᠡᠷᠵᠢᠭᠦᠯᠵᠦ᠂ ᠠᠵᠢᠯᠲᠠᠨ ᠤ ᠪᠤᠯᠪᠠᠰᠤᠷᠠᠯ᠂ ᠰᠣᠷᠢᠯᠲᠠ ᠶᠢ ᠴᠢᠩᠭᠠᠳᠬᠠᠨ᠂ ᠰᠢᠯᠵᠢᠮᠡᠯ | ᠲᠣᠬᠢᠷᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠮᠡᠳᠡᠭᠡ ᠵᠠᠩᠭᠢ ᠶᠢᠨ ᠮᠡᠳᠡᠭᠦᠯᠤᠯᠲᠡ ᠶᠢ ᠴᠢᠩᠭᠠᠳᠬᠠᠨ᠂ ᠪᠠᠴᠢᠮ | ᠪᠠᠶᠢᠳᠠᠯ ᠢ ᠠᠷᠭᠠᠴᠠᠭᠠᠬᠤ ᠴᠢᠳᠠᠪᠤᠷᠢ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ | ᠰᠡᠴᠡᠨᠪᠢᠯᠢᠭ ᠡᠯ᠎ᠡ ᠱᠠᠲᠤᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠠᠵᠤ ᠠᠬᠤᠶᠢᠯᠠᠯ ᠢ | ᠵᠢᠯᠣᠭᠤᠳᠴᠤ ᠪᠠᠶᠢᠭᠠᠳ ᠠᠵᠢᠯᠲᠠᠨ ᠠᠵᠢᠯᠴᠢᠳ ᠢᠶᠠᠨ ᠠᠯᠢ ᠲᠦᠷᠭᠡᠨ ᠢᠶᠠᠷ ᠵᠣᠬᠢᠶᠠᠨ ᠪᠠᠶᠢᠭᠤᠯᠵᠤ ᠡᠮᠬᠢ | ᠲᠢᠭᠯᠢᠮ ᠲᠠᠢ ᠪᠠᠷ ᠠᠵᠢᠯ ᠤᠨ ᠪᠠᠶᠢᠷᠢᠨ ᠳᠤᠨᠢ ᠪᠤᠴᠠᠭᠤᠯᠵᠤ᠂ ᠠᠵᠤ ᠠᠬᠤᠶᠢᠯᠠᠯ ᠤᠨ ᠬᠦᠴᠢᠷᠳᠡᠯ ᠪᠠ ᠬᠡᠷᠡᠭᠴᠡᠭᠡ | ᠱᠠᠭᠠᠷᠳᠠᠯᠭ᠎ᠠ ᠶᠢ ᠰᠠᠨᠠᠭᠠᠴᠢᠯᠠᠭ᠎ᠠ ᠠᠴᠠ ᠪᠠᠨ ᠤᠶᠢᠯᠠᠭᠠᠨ᠂ ᠠᠵᠤ ᠠᠬᠤᠢᠢᠯᠠᠯ ᠤᠨ ᠪᠣᠳᠠᠳᠤ ᠬᠦᠴᠢᠷᠳᠡᠯ ᠢ ᠨᠢ | ᠵᠣᠬᠢᠴᠠᠭᠤᠯᠤᠨ ᠰᠢᠢᠳᠪᠦᠷᠢᠯᠡᠵᠤ᠂ ᠭᠤᠤᠯᠳᠠᠯᠭ᠎ᠠ ᠲᠠᠢ ᠲᠥᠷᠥᠯ ᠵᠦᠢᠯ ᠤᠨ ᠠᠵᠢᠯ ᠢᠶᠠᠨ ᠰᠡᠷᠭᠦᠭᠡᠨ | ᠦᠢᠯᠡᠳᠪᠦᠷᠢᠯᠡᠯ ᠢᠶᠠᠨ ᠰᠡᠷᠭᠦᠭᠡᠬᠦ ᠬᠠᠮᠢᠶ᠎ᠠ ᠪᠥᠬᠦᠶ ᠦᠢᠯᠡᠴᠢᠯᠡᠭᠡᠨ ᠤ ᠠᠵᠢᠯ ᠢ ᠰᠠᠶᠢᠲᠤᠷ ᠠᠳᠬᠤᠨ᠂ ᠪᠥᠬᠦ | ᠬᠤᠲᠠ ᠶᠢᠨ ᠠᠵᠤ ᠠᠬᠤᠶ ᠶᠢᠨ ᠲᠣᠭᠲᠠᠭᠤᠨ ᠡᠷᠡᠭᠦᠯ ᠢᠶᠠᠷ ᠬᠥᠭᠵᠢᠬᠦ ᠶᠢ ᠴᠢᠷᠮᠠᠶᠢᠨ ᠠᠬᠢᠭᠤᠯᠬᠤ ᠬᠡᠷᠡᠭᠲᠡᠶ ᠭᠡᠵᠦ | ᠱᠠᠭᠠᠷᠳᠠᠪᠠ᠃ | ᠰᠡᠴᠡᠨᠪᠢᠯᠢᠭ ᠡᠯ᠎ᠡ ᠬᠤᠰᠢᠭᠤ ᠲᠣᠭᠤᠷᠢᠭ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ | ᠬᠤᠳᠠᠯᠳᠤᠨ ᠠᠪᠴᠤ ᠬᠠᠳᠠᠭᠠᠯᠠᠬᠤ ᠴᠢᠳᠠᠪᠤᠷᠢ ᠪᠠᠨ ᠲᠡᠭᠡᠭᠰᠢᠯᠡᠭᠦᠯᠬᠦ᠂ ᠲᠠᠷᠢᠶᠠᠴᠢᠨ ᠪᠤᠯᠤᠨ ᠠᠵᠤ ᠠᠬᠤᠶᠢᠯᠠᠯ ᠤᠨ | ᠬᠠᠷᠢᠯᠴᠠᠭ᠎ᠠ ᠬᠤᠯᠪᠤᠭ᠎ᠠ ᠶᠢ ᠴᠢᠩᠭᠠᠳᠬᠠᠬᠤ᠂ ᠮᠥᠩᠭᠦᠨ ᠬᠦᠢᠯᠭᠡᠭᠡᠨ ᠤ ᠳᠡᠮᠵᠢᠯᠭᠡ ᠶᠢ ᠨᠡᠮᠡᠭᠳᠡᠭᠦᠯᠬᠦ ᠵᠡᠷᠭᠡ ᠠᠷᠭ᠎ᠠ | ᠬᠡᠮᠵᠢᠶ᠎ᠡ ᠪᠠᠷ ᠳᠠᠮᠵᠢᠭᠤᠯᠤᠨ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠣᠷᠣᠯᠠᠭᠤᠯᠭ᠎ᠠ | ᠮᠠᠭᠤᠳᠠᠢ ᠪᠠᠶᠢᠬᠤ ᠠᠰᠠᠭᠤᠳᠠᠯ ᠢ ᠵᠠᠪᠠᠯ ᠰᠢᠢᠳᠪᠦᠷᠢᠯᠡᠬᠦ ᠬᠡᠷᠡᠭᠲᠡᠶ᠃ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠵᠤ᠂ | ᠪᠡᠯᠡ ᠮᠥᠩᠭᠦ᠂ ᠪᠠᠷᠠᠭᠠᠨ ᠤ ᠢᠷᠡᠯᠳᠡ ᠶᠢ ᠵᠣᠬᠢᠴᠠᠭᠤᠯᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ | ᠬᠠᠩᠭᠠᠯᠭ᠎ᠠ ᠶᠢ ᠰᠠᠶᠢᠲᠤᠷ ᠵᠣᠬᠢᠶᠠᠨ ᠪᠠᠶᠢᠭᠤᠯᠬᠤ ᠬᠡᠷᠡᠭᠲᠡᠶ᠃ ︽ᠨᠠᠮ ᠤᠨ ᠡᠭᠦᠷ + ᠠᠵᠤ ᠠᠬᠤᠶᠢᠯᠠᠯ + | ᠬᠤᠷᠰᠢᠶᠠᠵᠢᠯ + ᠮᠠᠯᠴᠢᠨ ᠲᠠᠷᠢᠶᠠᠴᠢᠨ ᠡᠷᠦᠬᠡ︾ ᠶᠢᠨ ᠠᠵᠤ ᠦᠢᠯᠡᠰ ᠤᠨ ᠬᠥᠭᠵᠢᠯᠲᠡ ᠶᠢᠨ ᠵᠠᠭᠪᠤᠷ ᠶᠣᠰᠣᠭᠠᠷ᠂ | ᠵᠣᠬᠢᠶᠠᠨ ᠪᠠᠶᠢᠭᠤᠯᠤᠨ ᠳᠠᠶᠢᠴᠢᠯᠠᠬᠤ᠂ ᠵᠢᠯᠣᠭᠤᠳᠴᠤ ᠦᠢᠯᠡᠴᠢᠯᠡᠬᠦ ᠪᠠᠨ ᠴᠢᠩᠭᠠᠳᠬᠠᠵᠤ᠂ ᠲᠥᠪᠯᠡᠷᠡᠭᠦᠯᠦᠨ | ᠪᠠᠶᠢᠷᠢᠰᠢᠭᠤᠯᠵᠤ᠂ ᠪᠠᠯᠠ ᠮᠥᠩᠭᠦ ᠶᠢ ᠨᠢᠭᠡᠳᠦᠯᠲᠡᠶ ᠲᠥᠯᠥᠪᠵᠢᠭᠦᠯᠦᠨ᠂ ᠲᠠᠷᠢᠶᠠᠯᠠᠩ ᠮᠠᠯ ᠠᠵᠤ ᠠᠬᠤᠶ ᠶᠢᠨ | ᠬᠡᠪᠴᠢᠶᠡᠵᠢᠭᠰᠡᠨ᠂ ᠡᠷᠴᠢᠮᠵᠢᠭᠰᠡᠨ᠂ ᠠᠵᠤ ᠦᠢᠯᠡᠰᠵᠢᠭᠰᠡᠨ᠂ ᠲᠡᠮᠳᠡᠭᠵᠢᠭᠦᠯᠦᠭᠰᠡᠨ ᠬᠥᠭᠵᠢᠯᠲᠡ ᠶᠢ ᠯᠠᠪᠳᠠᠭᠤᠨ | ᠪᠠᠲᠤᠲᠠᠶ ᠠᠬᠢᠭᠤᠯᠬᠤ ᠬᠡᠷᠡᠭᠲᠡᠶ᠃ ᠬᠠᠳᠤᠨ ᠭᠤᠤᠯ ᠤᠨ ᠰᠦᠩ ᠬᠠᠯᠢᠶ᠎ᠠ ᠶᠢ ᠰᠡᠷᠭᠡᠶᠢᠯᠡᠭᠦ᠂ ᠣᠢ ᠰᠢᠭᠤᠶ ᠲᠠᠯ᠎ᠠ | ᠨᠤᠲᠤᠭ ᠤᠨ ᠲᠦᠢᠮᠠᠷ ᠢ ᠰᠡᠷᠭᠡᠶᠢᠯᠡᠬᠦ ᠵᠡᠷᠭᠡ ᠭᠠᠮᠰᠢᠭ ᠢ ᠰᠡᠷᠭᠡᠶᠢᠯᠡᠬᠦ ᠠᠵᠢᠯ ᠢ ᠨᠢᠭᠡᠳᠦᠯᠲᠡᠶ ᠲᠦᠯᠦᠪᠵᠢᠭᠦᠯᠦᠨ | ᠰᠠᠶᠢᠲᠤᠷ ᠠᠳᠬᠤᠬᠤ ᠬᠡᠷᠡᠭᠲᠡᠶ ᠭᠡᠵᠦ ᠴᠢᠬᠤᠯᠠᠴᠢᠯᠠᠬᠰᠠᠨ ᠪᠠᠶᠢᠨ᠎ᠠ᠃ | ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠬᠤ ᠳᠣᠬᠠᠢ ᠮᠠ᠊ ᠭᠠᠷᠣᠳᠢ ᠬᠠᠮᠢᠶ᠎ᠠ ᠪᠦᠬᠦᠢ ᠠᠵᠢᠯ ᠤᠨ | ᠱᠠᠭᠠᠷᠳᠠᠯᠭ᠎ᠠ ᠳᠣᠷᠠᠳᠪᠠ᠃ | ᠵᠣᠣ ᠹᠧᠢ ᠯᠣ᠋ ᠢᠯᠡᠷᠭᠡᠶᠢᠯᠡᠬᠦ ᠳᠡᠭᠡᠨ᠂ ᠣᠳᠣᠬᠠᠨ ᠳᠤ ᠬᠢᠵᠢᠭ ᠢ ᠰᠡᠷᠭᠡᠶᠢᠯᠡᠨ ᠡᠵᠡᠮᠳᠡᠬᠦ ᠬᠠᠮᠤᠭ ᠤᠨ | ᠵᠠᠩᠬᠢᠯᠠᠭ᠎ᠠ ᠶᠢᠨ ᠬᠤᠭᠤᠴᠠᠭᠠᠨ ᠳᠤ ᠪᠠᠶᠢᠨ᠎ᠠ᠃ ᠡᠯ᠎ᠡ ᠰᠣᠮᠣ ᠪᠠᠯᠭᠠᠰᠣ ᠪᠠ ᠰᠠᠯᠠᠭ᠎ᠠ ᠮᠦᠴᠢᠷ᠂ ᠳᠣᠰᠬᠠᠢ ᠳᠦᠷᠦᠯ | ᠵᠦᠢᠯ ᠤᠨ ᠳᠣᠭᠤᠶᠢᠯᠠᠩ ᠤᠨ ᠬᠢᠨ ᠳᠦᠷᠢᠮ ᠳᠣᠭᠳᠠᠭᠠᠯ᠂ ᠪᠠᠶᠢᠴᠠᠭᠠᠯᠳᠠ ᠶᠢᠨ ᠶᠠᠪᠣᠴᠠ ᠪᠠᠨ ᠣᠯᠠᠮ ᠨᠢᠬᠡ | ᠠᠯᠬᠤᠮ ᠨᠠᠷᠢᠯᠢᠭᠵᠢᠭᠤᠯᠵᠦ ᠨᠣᠳᠤᠭ ᠲᠠᠭᠠᠨ ᠪᠣᠴᠠᠵᠦ ᠪᠠᠶᠢᠭ᠎ᠠ ᠬᠦᠮᠦᠰ᠂ ᠠᠵᠢᠯ ᠳᠠᠭᠠᠨ ᠪᠣᠴᠠᠵᠦ ᠪᠠᠶᠢᠭ᠎ᠠ | ᠬᠦᠮᠦᠰ᠂ ᠭᠤᠷᠪᠠᠳᠣᠭᠠᠷ ᠠᠵᠣ ᠦᠢᠯᠡᠰ ᠤᠨ ᠦᠢᠯᠡᠴᠢᠯᠡᠬᠡᠨ ᠤ ᠬᠦᠮᠦᠰ ᠵᠢᠴᠢ ᠭᠠᠳᠠᠨ᠎ᠠ ᠣᠷᠣᠨ ᠠᠴᠠ ᠪᠣᠴᠠᠵᠦ | ᠪᠠᠶᠢᠭ᠎ᠠ ᠪᠠᠭᠰᠢ ᠰᠣᠷᠣᠭᠴᠢᠳ ᠵᠡᠷᠭᠡ ᠭᠤᠣᠯᠳᠠᠯᠭ᠎ᠠ ᠲᠠᠢ ᠬᠦᠮᠦᠰ ᠤᠨ ᠪᠠᠶᠢᠴᠠᠭᠠᠯᠳᠠ ᠬᠠᠮᠢᠶᠠᠷᠤᠯᠲᠠ ᠪᠠᠨ | ᠴᠢᠩᠭᠠᠳᠬᠠᠵᠦ ᠪᠠᠶᠢᠴᠠᠭᠠᠬᠤ ᠴᠡᠭ ᠪᠠ ᠰᠠᠭᠤᠭᠠᠯᠢ ᠠᠷᠠᠳ ᠤᠨ ᠳᠣᠭᠤᠷᠢᠭ ᠤᠨ ᠪᠠᠶᠢᠴᠠᠭᠠᠯᠳᠠ ᠶᠢ ᠣᠯᠠᠮ | ᠨᠠᠷᠢᠯᠢᠭᠵᠢᠭᠤᠯᠵᠦ ᠣᠯᠠᠮ ᠴᠢᠩᠭ᠎ᠠ ᠪᠣᠯᠭᠠᠵᠦ ᠠᠵᠣ ᠠᠬᠤᠶᠢᠯᠠᠯ ᠤᠨ ᠦᠢᠯᠡᠳᠪᠦᠷᠢ ᠰᠡᠷᠬᠦᠬᠡᠬᠦ ᠠᠵᠢᠯ ᠢ ᠳᠡᠰ | ᠳᠠᠷᠠᠭ᠎ᠠ ᠲᠠᠢ ᠵᠣᠬᠢᠶᠠᠨ ᠪᠠᠶᠢᠭᠤᠯᠵᠦ ᠭᠤᠷᠪᠠᠳᠣᠭᠠᠷ ᠠᠵᠣ ᠦᠢᠯᠡᠰ ᠤᠨ ᠦᠢᠯᠡᠴᠢᠯᠡᠬᠡᠨ ᠤ ᠦᠢᠯᠡᠰ ᠢ ᠠᠯᠬᠤᠮ | ᠠᠯᠬᠤᠮ ᠢᠶᠠᠷ ᠰᠡᠷᠬᠦᠬᠡᠵᠦ ᠬᠢᠵᠢᠭ ᠤᠨ ᠬᠠᠯᠳᠠᠪᠣᠷᠢᠯᠠᠨ ᠣᠷᠣᠵᠦ ᠢᠷᠡᠬᠦ ᠵᠠᠮ ᠢ ᠡᠷᠡᠰ ᠳᠠᠰᠣᠯᠬᠤ ᠬᠡᠷᠡᠭᠲᠡᠢ᠃ | ᠠᠵᠣ ᠠᠬᠤᠶᠢᠯᠠᠯ ᠢ ᠬᠠᠪᠰᠣᠷᠣᠨ ᠳᠡᠭᠡᠭᠡᠪᠦᠷᠢ ᠶᠢᠨ ᠬᠦᠴᠦᠨ᠂ ᠲᠦᠬᠦᠬᠡᠢ ᠮᠠᠲ᠋ᠧᠷᠢᠶᠠᠯ᠂ ᠬᠦᠮᠦᠨ ᠬᠦᠷᠦᠯᠴᠡᠬᠦ | ᠦᠬᠡᠢ ᠠᠰᠠᠭᠤᠳᠠᠯ ᠢ ᠰᠢᠢᠳᠪᠦᠷᠢᠯᠡᠵᠤ ᠦᠳᠳᠡᠷ ᠲᠦᠷᠭᠡᠨ ᠢᠶᠠᠷ ᠦᠢᠯᠡᠳᠪᠦᠷᠢᠯᠡᠯ ᠢᠶᠠᠨ ᠰᠡᠷᠬᠦᠬᠡᠬᠦ ᠬᠡᠷᠡᠭᠲᠡᠢ᠃ | ᠡᠷᠳᠡᠨᠢ ᠰᠢᠰᠢ ᠶᠢ ᠪᠣᠷᠣᠯᠠᠭᠤᠯᠬᠤ᠂ ᠳᠠᠷᠢᠶᠠᠯᠠᠩ ᠤᠨ ᠪᠦᠲᠦᠭᠡᠭᠳᠡᠬᠦᠨ ᠢ ᠰᠢᠯᠵᠢᠬᠦᠯᠦᠨ ᠬᠡᠷᠡᠭᠯᠡᠬᠦ᠂ ᠳᠦᠯ ᠳᠣᠰᠬᠤ | ᠪᠠ ᠠᠮᠢᠳᠠᠨ ᠤ ᠬᠢᠵᠢᠭ ᠤᠨ ᠰᠡᠷᠭᠡᠶᠢᠯᠡᠯᠳᠡ ᠵᠡᠷᠭᠡ ᠶᠢ ᠨᠢᠬᠡᠳᠦᠯᠳᠡᠢ ᠳᠦᠯᠦᠪᠯᠡᠵᠦ ᠰᠢᠨᠵᠢᠯᠡᠭᠡ ᠮᠡᠷᠭᠡᠵᠢᠯ ᠤᠨ | ᠦᠢᠯᠡᠴᠢᠯᠡᠭᠡ ᠬᠠᠩᠭᠠᠵᠦ ᠪᠦᠬᠦ ᠳᠠᠯ᠎ᠠ ᠪᠠᠷ ᠴᠢᠨᠡᠬᠡᠯᠢᠭ ᠨᠡᠶᠢᠬᠡᠮ ᠢ ᠪᠠᠶᠢᠭᠤᠯᠤᠨ ᠪᠦᠲᠦᠭᠡᠬᠦ ᠵᠠᠩᠬᠢᠯᠠᠭ᠎ᠠ ᠶᠢᠨ ᠵᠢᠯ | ᠤᠨ ᠰᠠᠶᠢᠨ ᠡᠬᠢᠯᠡᠯᠳᠡ ᠶᠢ ᠪᠣᠢ ᠪᠣᠯᠭᠠᠬᠤ ᠶᠢ ᠪᠠᠳᠣᠯᠠᠬᠤ ᠬᠡᠷᠡᠭᠲᠡᠢ ᠬᠡᠪᠡ᠃ | |