ᠰᠠᠶᠢᠨ ᠳᠤᠷ᠎ᠠ ᠶᠢᠨ ᠦᠰᠣᠴᠢᠳ ᠡᠮᠣᠨ᠎ᠡ ᠹᠷᠤᠨᠲ ᠲᠤ ᠣᠶᠢᠯᠡᠴᠢᠯᠡᠵᠣ ᠪᠠᠶᠢᠨ᠎ᠠ
ᠨᠡᠶᠢᠲᠡᠯᠡᠭᠰᠡᠨ ᠴᠠᠭ᠄
2020-02-20
     ᠰᠢᠨ᠎ᠡ ᠲᠢᠳᠢᠮᠯᠢᠭ ᠠᠭᠤᠰᠬᠢᠨ ᠦᠷᠪᠢᠰᠣᠯ ᠤᠨ ᠬᠢᠵᠢᠭ ᠤᠨ ᠪᠠᠶᠢᠳᠡᠯ ᠢ ᠰᠡᠷᠭᠡᠶᠢᠯᠡᠨ ᠡᠵᠡᠮᠳᠡᠬᠦ ᠵᠠᠩᠭᠢᠯᠠᠭ᠎ᠠ ᠶᠢᠨ ᠮᠦᠴᠡ ᠳᠤ ᠮᠠᠨ ᠤ ᠬᠤᠰᠢᠭᠤᠨ ᠤ ᠨᠡᠶᠢᠬᠡᠮ ᠤᠨ ᠡᠯ᠎ᠡ ᠡᠳᠡᠭᠡᠳ ᠤᠨ ᠬᠢᠨ ᠪᠡᠯᠡ ᠮᠦᠩᠬᠦ᠂ ᠡᠳ᠋ ᠪᠣᠳᠠᠰ ᠢᠶᠠᠷ ᠳᠣᠰᠠᠯᠠᠵᠣ ᠪᠠᠶᠢᠬᠤ ᠳᠤ ᠰᠠᠶᠢᠨ ᠳᠤᠷ᠎ᠠ ᠶᠢᠨ ᠦᠰᠣᠴᠢᠳ ᠦᠪᠡᠷ ᠦᠪᠡᠷ ᠤᠨ ᠢᠶᠠᠨ ᠮᠡᠷᠭᠡᠵᠢᠯ ᠴᠢᠳᠡᠪᠣᠷᠢ ᠪᠠᠷ ᠡᠮᠣᠨ᠎ᠡ ᠹᠷᠤᠨᠲ ᠤᠨ ᠠᠵᠢᠯᠳᠡᠳ ᠲᠤ ᠣᠶᠢᠯᠡᠴᠢᠯᠡᠵᠣ ᠪᠠᠶᠢᠨ᠎ᠠ᠃ ᠭᠠᠯᠠᠭᠤᠲᠣ ᠪᠠᠯᠭᠠᠰᠣᠨ ᠳᠡᠭᠡᠷ᠎ᠡ ᠦᠰᠤ ᠬᠠᠶᠢᠴᠢᠯᠠᠬᠤ ᠦᠷᠣᠭᠡ ᠡᠷᠬᠢᠯᠡᠵᠣ ᠪᠠᠶᠢᠭ᠎ᠠ ᠮᠠᠯᠴᠢᠨ ᠪᠦᠰᠡᠬᠦᠢ ᠰᠠᠨᠵᠢᠳᠮ᠎ᠠ ᠣᠶᠢᠷ᠎ᠠ ᠶᠢᠨ ᠡᠳᠣᠷ ᠮᠠᠨ ᠤ ᠬᠤᠰᠢᠭᠤᠨ ᠠᠴᠠ ᠱᠠᠨᠰᠢ ᠮᠤᠵᠢ ᠶᠢᠨ ᠲᠠᠮᠠᠭᠡᠲᠣ ᠬᠤᠲᠠ ᠭᠦᠷᠬᠦ ᠵᠠᠰᠠᠮᠠᠯ ᠵᠠᠮ ᠤᠨ ᠪᠠᠶᠠᠠᠴᠠᠶᠢᠳᠠᠮ ᠳᠣᠰᠬᠤᠨ ᠳᠠᠬᠢ ᠪᠠᠶᠢᠴᠠᠭᠠᠬᠤ ᠴᠡᠭ᠂ ᠤᠯᠠᠭᠠᠨᠳᠤᠯᠤᠭᠠᠢ ᠳᠠᠬᠢ ᠬᠠᠰᠢᠨ ᠪᠠᠶᠢᠴᠠᠭᠠᠬᠤ ᠴᠡᠭ ᠲᠤ ᠬᠦᠷᠴᠣ ᠠᠳᠡ ᠡᠬᠡᠯᠵᠢᠯᠡᠨ ᠵᠢᠵᠢᠭᠦᠷᠯᠡᠵᠣ ᠪᠠᠶᠢᠭ᠎ᠠ ᠬᠠᠮᠢᠶ᠎ᠠ ᠪᠦᠬᠦᠢ ᠲᠠᠪᠣᠨ ᠪᠠᠶᠢᠭᠤᠯᠭ᠎ᠠ ᠶᠢᠨ ᠬᠤᠷᠢ ᠭᠠᠷᠣᠢ ᠺᠠᠳ᠋ᠷ ᠠᠵᠢᠯᠳᠡᠨ ᠪᠣᠯᠣᠨ ᠴᠡᠷᠢᠭ ᠴᠠᠭᠳᠠᠭ᠎ᠠ ᠨᠠᠷ ᠲᠤ ᠦᠨ᠎ᠡ ᠳᠦᠯᠤᠪᠣᠷᠢ ᠦᠬᠡᠢ ᠪᠠᠷ ᠬᠡᠵᠢᠭᠡ ᠦᠰᠣ ᠶᠢ ᠨᠢ ᠵᠠᠰᠠᠨ ᠦᠭᠴᠣ ᠦᠪᠡᠷ ᠤᠨ ᠰᠣᠷᠣᠭᠰᠠᠨ ᠮᠡᠷᠭᠡᠵᠢᠯ ᠢᠶᠠᠷ ᠢᠶᠠᠨ ᠬᠠᠪᠰᠣᠷᠣᠯᠭ᠎ᠠ ᠦᠵᠡᠬᠦᠯᠦᠯ᠎ᠡ᠃
     ᠬᠤᠰᠢᠭᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠬᠢ ᠶᠢᠨ ᠨᠢᠭᠡᠳᠦᠭᠡᠷ ᠲᠤᠮᠳᠠ ᠠᠩᠬᠢ ᠶᠢᠨ ᠴᠠᠭᠳᠠᠭ᠎ᠠ ᠮᠦᠩᠬᠡᠪᠠᠶᠠᠷ᠄ ︽ᠪᠢᠳᠠ ᠦᠪᠦᠷ ᠮᠤᠩᠭᠤᠯ ᠪᠤᠯᠤᠨ ᠱᠠᠨᠰᠢ ᠶᠢᠨ ᠵᠠᠭᠠᠭ ᠲᠡᠭᠡᠷ᠎ᠡ ᠵᠢᠵᠢᠭᠦᠷᠯᠡᠭᠡᠳ ᠬᠤᠷᠢᠭᠠᠳ ᠬᠤᠨᠤᠭ ᠪᠤᠯᠵᠠᠢ᠃ ᠡᠨᠡ ᠤᠳᠠᠭᠠᠨ ᠤ ᠬᠢᠵᠢᠭ ᠤᠨ ᠤᠨᠴᠠᠭᠠᠢ ᠪᠠᠶᠢᠳᠠᠯ ᠳᠤ ᠦᠰᠦ ᠠᠪᠬᠤ ᠭᠠᠵᠠᠷ ᠴᠦᠮ ᠡᠬᠦᠳᠡ ᠪᠠᠨ ᠬᠠᠭᠠᠵᠤ ᠭᠡᠵᠢᠭᠡ ᠦᠰᠦ ᠠᠪᠳᠠᠭ ᠭᠠᠵᠠᠷ ᠪᠠᠶᠢᠬᠤ ᠦᠬᠡᠢ᠃ ᠰᠠᠶᠢᠨ ᠲᠤᠷ᠎ᠠ ᠶᠢᠨ ᠦᠢᠯᠡᠴᠢᠯᠡᠭᠡᠨ ᠤ ᠬᠦᠮᠦᠰ ᠢᠷᠡᠵᠦ ᠭᠡᠵᠢᠬᠡ ᠦᠰᠦ ᠠᠪᠴᠤ ᠦᠭᠭᠦᠭᠰᠡᠨ ᠨᠢ ᠮᠠᠨᠤᠰ ᠲᠤ ᠲᠤᠩ ᠲᠦᠬᠦᠮ ᠦᠵᠡᠬᠦᠯᠦᠯ᠎ᠡ᠂ ᠭᠡᠵᠢᠭᠡ ᠦᠰᠦ ᠪᠠᠨ ᠵᠠᠰᠠᠴᠢᠬᠠᠭᠠᠳ ᠠᠵᠢᠯ ᠳᠤ ᠪᠠᠨ ᠭᠠᠷᠬᠤ ᠳᠤ ᠴᠤ ᠴᠤᠭ ᠰᠦᠯᠳᠡ ᠲᠠᠢ︾ ᠭᠡᠵᠤ ᠶᠠᠷᠢᠵᠤ ᠪᠠᠶᠢᠯ᠎ᠠ᠃  
     ᠰᠠᠨᠵᠢᠳᠮ᠎ᠠ ᠲᠠᠢ ᠠᠳᠠᠯᠢ ᠪᠠᠷ ᠭᠠᠯᠠᠭᠤᠲᠤ ᠪᠠᠯᠭᠠᠰᠤᠨ ᠤ ᠵᠢᠩ ᠯᠢ ᠦᠰᠦ ᠭᠤᠶᠤᠯᠠᠵᠤ ᠵᠠᠰᠠᠬᠤ ᠭᠠᠵᠠᠷ  ᠤᠨ ᠬᠤᠶᠠᠷ ᠦᠰᠦᠴᠢᠨ ᠮᠠᠨ ᠤ ᠬᠤᠰᠢᠭᠤᠨ ᠤ ᠲᠤᠲᠤᠭᠠᠳᠤ ᠶᠢ ᠬᠠᠮᠠᠭᠠᠯᠠᠬᠤ ᠲᠤᠪᠴᠢᠶᠠᠨ ᠳᠤ ᠭᠦᠷᠴᠦ ᠴᠡᠷᠢᠭ ᠴᠠᠭᠳᠠᠭ᠎ᠠ ᠨᠠᠷ ᠲᠤ ᠰᠠᠶᠢᠨ ᠲᠤᠷ᠎ᠠ ᠠᠴᠠ ᠪᠠᠨ ᠭᠡᠵᠢᠭᠡ ᠦᠰᠦ ᠶᠢ ᠨᠢ ᠵᠠᠰᠠᠵᠤ ᠲᠡᠳᠡᠨᠡᠷ ᠤᠨ ᠨᠢᠭᠡᠳᠦᠭᠡᠷ ᠹᠠᠷᠤᠨᠲ ᠳᠡᠭᠡᠷ᠎ᠡ ᠭᠠᠪᠰᠢᠭᠠᠶᠢᠯᠠᠨ ᠠᠵᠢᠯᠯᠠᠬᠤ ᠳᠤ ᠨᠢ ᠬᠠᠰᠤᠷᠤᠯᠭ᠎ᠠ ᠦᠵᠡᠬᠦᠯᠦᠭᠰᠡᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号