ᠬᠠᠯᠠᠭᠤᠨ ᠲᠤᠯᠠᠭᠠᠨ ᠥᠷᠯᠥᠭᠡᠨ ᠤ ᠬᠤᠭᠤᠯᠠ ᠬᠢᠵᠢᠭ ᠰᠡᠷᠭᠡᠶᠢᠯᠡᠯᠲᠡ ᠶᠢᠨ ᠡᠮᠦᠨ᠎ᠡ ᠹᠷᠣᠨᠲ ᠤᠨ ᠠᠵᠢᠯᠲᠠᠨ ᠤ ᠰᠡᠳᠬᠢᠯ ᠢ ᠳᠤᠯᠠᠭᠠᠴᠠᠭᠤᠯᠤᠯ᠎ᠠ
ᠨᠡᠶᠢᠲᠡᠯᠡᠭᠰᠡᠨ ᠴᠠᠭ᠄
2020-02-20
     ᠨᠡᠶᠢᠲᠡ ᠣᠯᠠᠨ ᠢᠶᠠᠷ ᠢᠶᠠᠨ ᠬᠦᠴᠦ ᠬᠠᠮᠲᠤᠳᠬᠠᠨ ᠰᠢᠨ᠎ᠡ ᠲᠢᠲᠢᠮᠯᠢᠭ ᠠᠭᠤᠰᠬᠢᠨ ᠥᠷᠪᠢᠰᠦᠯ ᠤᠨ ᠬᠢᠵᠢᠭ ᠡᠪᠡᠳᠴᠢᠨ ᠲᠠᠢ ᠲᠡᠮᠡᠴᠡᠵᠦ ᠪᠠᠶᠢᠭ᠎ᠠ ᠴᠠᠭ ᠮᠥᠴᠡ ᠳᠤ ᠮᠠᠨ ᠤ ᠬᠤᠰᠢᠭᠤᠨ ᠤ ᠲᠣᠭᠤᠷᠢᠮ ᠤᠨ ᠰᠦᠮ᠎ᠡ ᠶᠢᠨ ᠯᠠᠮ᠎ᠠ ᠪᠠᠭᠰᠢ ᠨᠠᠷ ᠬᠠᠶᠢᠷ᠎ᠠ ᠪᠢᠯᠬᠠᠭᠰᠠᠨ ᠥᠷᠯᠥᠭᠡᠨ ᠤ ᠬᠤᠭᠤᠯᠠ ᠪᠡᠯᠡᠳᠬᠡᠵᠦ ᠡᠮᠦᠨ᠎ᠡ ᠹᠷᠣᠨᠲ ᠤᠨ ᠺᠠᠳ᠋ᠷ ᠠᠵᠢᠯᠲᠠᠨ ᠳᠤ ᠬᠦᠷᠭᠡᠭᠡᠳ ᠬᠢᠵᠢᠭ ᠰᠡᠷᠭᠡᠶᠢᠯᠡᠯᠲᠡ ᠶᠢᠨ ᠠᠵᠢᠯ ᠳᠤ ᠥᠪᠡᠷ ᠤᠨ ᠬᠤᠪᠢ ᠨᠡᠮᠡᠷᠢ ᠪᠠᠨ ᠦᠵᠡᠭᠦᠯᠵᠦ ᠪᠠᠶᠢᠨ᠎ᠠ᠃ ᠡᠨᠡ ᠤᠳᠠᠭ᠎ᠠ ᠲᠣᠭᠤᠷᠢᠮ ᠤᠨ ᠰᠦᠮ᠎ᠡ ᠠᠴᠠ ᠭᠠᠯᠠᠭᠤᠲᠤ ᠪᠠᠯᠭᠠᠰᠤ ᠪᠣᠯᠣᠨ ᠰᠦᠯᠳᠡ ᠰᠤᠮᠤᠨ ᠤ 106 ᠬᠢᠵᠢᠭ ᠰᠡᠷᠭᠡᠶᠢᠯᠡᠬᠦ ᠪᠠᠶᠢᠴᠠᠭᠠᠯᠲᠠ ᠶᠢᠨ ᠴᠡᠭ ᠤᠨ 550 ᠭᠠᠷᠤᠢ ᠠᠵᠢᠯᠲᠠᠨ ᠳᠤ ᠨᠢᠭᠡ ᠬᠤᠪᠢ ᠥᠷᠯᠥᠭᠡᠨ ᠤ ᠬᠤᠭᠤᠯᠠ ᠪᠡᠯᠡᠳᠬᠡᠨ ᠬᠦᠷᠭᠡᠵᠦ ᠲᠡᠳᠡᠨ ᠤ ᠬᠢᠵᠢᠭ ᠰᠡᠷᠭᠡᠶᠢᠯᠡᠯᠲᠡ ᠶᠢᠨ ᠠᠵᠢᠯ ᠳᠤ ᠦᠵᠡᠭᠦᠯᠦᠭᠰᠡᠨ ᠬᠥᠳᠡᠯᠮᠦᠷᠢ ᠵᠢᠳᠬᠦᠯ ᠳᠤᠨᠢ ᠲᠠᠯᠠᠷᠬᠠᠵᠤ ᠪᠠᠶᠢᠬᠤ ᠰᠡᠳᠬᠢᠯ ᠢᠶᠠᠨ ᠢᠯᠡᠳᠬᠡᠭᠰᠡᠨ ᠪᠠᠶᠢᠨ᠎ᠠ᠃ ᠠᠵᠢᠯᠲᠠᠳ ᠴᠤ ᠬᠠᠯᠠᠭᠤᠨ ᠳᠤᠯᠠᠭᠠᠨ ᠥᠷᠯᠥᠭᠡᠨ ᠤ ᠬᠤᠭᠤᠯᠠ ᠲᠣᠰᠣᠭᠠᠳ ᠰᠡᠳᠬᠢᠯ ᠳᠣᠭᠳᠣᠯᠣᠨ ᠵᠣᠷᠢᠭᠵᠢᠵᠤ ᠪᠠᠶᠢᠯ᠎ᠠ᠃      ᠤᠶᠢᠯᠠᠭᠠᠭᠰᠠᠨ ᠢᠶᠠᠷ᠂ ᠮᠠᠨ ᠤ ᠬᠤᠰᠢᠭᠤᠨ ᠤ ᠱᠠᠰᠢᠨ ᠤ ᠲᠠᠯ᠎ᠠ ᠶᠢᠨ ᠬᠢᠨ ᠡᠨᠡ ᠤᠳᠠᠭ᠎ᠠ ᠤᠷᠢᠳ ᠬᠤᠵᠢᠳ 41589.98 ᠲᠥᠭᠦᠷᠢᠭ ᠬᠠᠨᠳᠢᠪᠯᠠᠵᠤ ᠬᠢᠵᠢᠭ ᠰᠡᠷᠭᠡᠶᠢᠯᠡᠯᠲᠡ ᠶᠢᠨ ᠠᠵᠢᠯ ᠳᠤ ᠬᠦᠴᠦᠲᠡᠢ ᠳᠡᠮᠵᠢᠯᠭᠡ ᠦᠵᠡᠭᠦᠯᠦᠭᠰᠡᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号