2 ᠰᠠᠷ᠎ᠠ ᠶᠢᠨ 18 ᠤ ᠡᠳᠦᠷ᠂ ᠬᠤᠰᠢᠭᠤ ᠨᠠᠮ ᠤᠨ ᠬᠤᠷᠢᠶ᠎ᠠ ᠣᠨᠣᠯ ᠤᠨ ᠰᠣᠷᠣᠯᠴᠠᠯᠭ᠎ᠠ ᠶᠢᠨ ᠭᠤᠤᠯ | ᠳᠤᠭᠤᠶᠢᠯᠠᠩ ᠤᠨ ᠰᠤᠷᠤᠯᠴᠠᠬᠤ ᠬᠤᠷᠠᠯ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠬᠤᠷᠠᠯ | ᠵᠢᠴᠢ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠬᠡᠶᠢᠯᠡᠨ ᠡᠵᠠᠮᠳᠠᠭᠦ ᠠᠵᠢᠯ ᠤᠨ | ᠤᠳᠤᠷᠢᠳᠬᠤ ᠳᠤᠭᠤᠶᠢᠯᠠᠩ ᠤᠨ ᠵᠢᠷᠭᠤᠳᠤᠭᠠᠷ ᠤᠳᠠᠭᠠᠨ ᠤ ᠬᠤᠷᠠᠯ ᠢ ᠬᠤᠷᠠᠯᠳᠤᠭᠤᠯᠪᠠ᠃ ᠬᠤᠰᠢᠭᠤ ᠨᠠᠮ ᠤᠨ | ᠬᠤᠷᠢᠶᠠᠨ ᠤ ᠱᠦᠵᠢ ᠡᠷᠳᠡᠨᠢᠪᠢᠯᠢᠭ ᠬᠤᠷᠠᠯ ᠢ ᠡᠷᠭᠢᠯᠡᠨ ᠶᠠᠷᠢᠶ᠎ᠠ ᠲᠠᠯᠪᠢᠵᠤ ᠴᠢᠬᠤᠯᠠᠴᠢᠯᠠᠬᠤ ᠳᠠᠭᠠᠨ᠂ ᠪᠥᠬᠦ | ᠬᠤᠰᠢᠭᠤ ᠪᠠᠷ ᠢᠶᠠᠨ ᠬᠠᠷᠢᠭᠤᠴᠠᠯᠭ᠎ᠠ ᠡᠭᠦᠷᠭᠡᠯᠡᠵᠦ ᠨᠢᠭᠡ ᠲᠠᠯ᠎ᠠ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠢ ᠠᠳᠬᠤᠨ ᠨᠥᠭᠦᠭᠡ ᠲᠠᠯ᠎ᠠ ᠪᠠᠷ ᠭᠤᠤᠯᠳᠠᠯᠭ᠎ᠠ ᠲᠠᠢ ᠠᠵᠢᠯ ᠢ ᠠᠳᠬᠤᠵᠤ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠷᠠᠳ ᠤᠨ ᠳᠠᠶᠢᠨ᠂ ᠶᠡᠷᠦᠩᠬᠡᠶ ᠲᠠᠶᠢᠯᠠᠯᠳᠤᠭᠠᠨ᠂ ᠬᠤᠷᠢᠭᠯᠠᠯᠳᠠ ᠶᠢᠨ ᠲᠠᠶᠢᠯᠠᠯᠳᠤᠭᠠᠨ ᠤ | ᠢᠯᠠᠯᠲᠠ ᠶᠢ ᠣᠯᠵᠤ ᠡᠨᠡ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠴᠢᠷᠮᠠᠶᠢᠨ | ᠪᠡᠶᠡᠯᠡᠭᠦᠯᠬᠦ ᠬᠡᠷᠡᠭᠲᠡᠶ ᠬᠡᠪᠡ᠃ ᠬᠤᠰᠢᠭᠤ ᠳᠥᠷᠪᠡᠨ ᠶᠡᠭᠡ ᠤᠳᠤᠷᠢᠳᠬᠤ ᠪᠠᠭ ᠤᠨ ᠭᠤᠤᠯ ᠤᠳᠤᠷᠢᠳᠤᠯᠭ᠎ᠠ ᠵᠢᠴᠢ | ᠬᠤᠰᠢᠭᠤ ᠨᠠᠮ ᠤᠨ ᠬᠤᠷᠢᠶᠠᠨ ᠤ ᠡᠯ᠎ᠡ ᠪᠠᠶᠢᠩᠭᠤ ᠶᠢᠨ ᠭᠡᠰᠢᠭᠦᠨ᠂ ᠡᠯ᠎ᠡ ᠬᠤᠰᠢᠭᠤ ᠳᠡᠳ᠋ ᠳᠠᠷᠤᠭ᠎ᠠ ᠬᠤᠷᠠᠯ ᠳᠤ | ᠣᠷᠣᠯᠴᠠᠵᠠᠶ᠃ | ᠬᠤᠷᠠᠯ ᠠᠴᠠ 2 ᠰᠠᠷ᠎ᠠ ᠶᠢᠨ 12 ᠤᠨ ᠡᠳᠦᠷ ᠬᠤᠷᠠᠯᠳᠤᠭᠰᠠᠨ ᠨᠠᠮ ᠤᠨ ᠲᠥᠪ ᠬᠤᠷᠢᠶᠠᠨ ᠤ ᠤᠯᠤᠰ | ᠲᠦᠷᠦ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠪᠣᠯᠤᠨ ᠲᠥᠪ ᠤᠨ ᠥᠭᠡᠷᠡᠴᠢᠯᠡᠯᠲᠡ ᠶᠢ ᠪᠦᠬᠦ | ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠠᠷᠪᠠᠨ ᠬᠤᠶᠠᠳᠤᠭᠠᠷ ᠤᠳᠠᠭ᠎ᠠ ᠶᠢᠨ ᠬᠤᠷᠠᠯ ︽︿ᠬᠥᠳᠡᠭᠡ ᠠᠵᠤ | ᠠᠬᠤᠢ ᠬᠥᠳᠡᠭᠡ ᠲᠣᠰᠬᠤᠨ ᠲᠠᠷᠢᠶᠠᠴᠢᠨ﹀ ᠤ ᠬᠦᠷᠢᠶᠡᠨ ᠳᠠᠬᠢ ᠭᠤᠣᠯᠳᠠᠯᠭ᠎ᠠ ᠲᠠᠢ ᠠᠵᠢᠯ ᠢ ᠰᠠᠶᠢᠲᠤᠷ ᠠᠳᠬᠤᠵᠤ | ᠲᠣᠭᠲᠠᠭᠰᠠᠨ ᠬᠤᠭᠤᠴᠠᠭᠠᠨ ᠳᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠭᠦ ᠶᠢ ᠪᠠᠲᠤᠯᠠᠬᠤ | ᠲᠤᠬᠠᠢ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ︾ ᠵᠡᠷᠭᠡ ᠬᠤᠷᠠᠯ᠂ ᠪᠢᠴᠢᠭ | ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ︽ᠦᠤᠰᠢᠨ ᠬᠤᠰᠢᠭᠤᠨ ᠤ ᠬᠡᠯᠪᠡᠷᠢ ᠶᠢᠨ ᠦᠵᠡᠯ | ᠤᠨ ᠲᠤᠪᠤᠶᠢᠮ᠎ᠠ ᠠᠰᠠᠭᠤᠳᠠᠯ ᠢ ᠤᠯᠠᠮ ᠨᠢᠭᠡ ᠠᠯᠬᠤᠮ ᠰᠢᠢᠳᠪᠦᠷᠢᠯᠡᠵᠦ ᠰᠤᠷᠲᠠᠯ ᠢ ᠰᠠᠶᠢᠵᠢᠷᠠᠭᠤᠯᠵᠤ ᠦᠨᠳᠦᠰᠦᠨ | ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠬᠠᠢ ᠮᠡᠳᠡᠭᠳᠡᠯ︾ ᠢ ᠤᠩᠰᠢᠨ ᠨᠡᠶᠢᠲᠡᠯᠡᠪᠡ᠃ ᠡᠯ᠎ᠡ ᠬᠤᠪᠢᠶᠠᠷᠢᠯᠠᠨ | ᠬᠠᠷᠢᠭᠤᠴᠠᠬᠤ ᠤᠳᠤᠷᠢᠳᠤᠯᠭ᠎ᠠ ᠣᠶᠢᠷ᠎ᠠ ᠶᠢᠨ ᠬᠤᠭᠤᠴᠠᠭᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠠᠭᠦ ᠪᠠ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ | ᠶᠢᠨ ᠡᠯ᠎ᠡ ᠲᠦᠷᠦᠯ ᠤᠨ ᠠᠵᠢᠯ ᠢ ᠥᠷᠨᠢᠭᠦᠯᠦᠭᠰᠡᠨ ᠪᠠᠶᠢᠳᠠᠯ ᠢᠶᠠᠨ ᠲᠣᠰ ᠲᠣᠰ ᠬᠠᠷᠢᠭᠤ ᠮᠡᠳᠡᠭᠦᠯᠬᠦ ᠶᠢᠨ ᠬᠠᠮᠲᠤ | ᠪᠣᠳᠠᠲᠠᠶ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ | ᠬᠤᠷᠠᠯ ᠠᠴᠠ ᠵᠢᠭᠠᠬᠤ ᠳᠤ ᠪᠠᠨ᠂ ᠣᠳᠣᠬᠠᠨ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠠᠭᠦ ᠠᠵᠢᠯ | ᠨᠢᠭᠡᠨᠲᠡ ᠬᠠᠮᠤᠭ ᠵᠠᠩᠭᠢᠯᠠᠭ᠎ᠠ ᠶᠢᠨ ᠬᠤᠭᠤᠴᠠᠭᠠᠨ ᠳᠤ ᠣᠷᠣᠭᠠᠳ ᠪᠠᠶᠢᠨ᠎ᠠ᠂ ᠪᠥᠬᠦ ᠬᠤᠰᠢᠭᠤ ᠪᠠᠷ ᠢᠶᠠᠨ ᠳᠡᠭᠡᠳᠦ | ᠬᠡᠮᠵᠢᠶ᠎ᠡ ᠪᠠᠷ ᠰᠡᠷᠡᠮᠵᠢᠯᠡᠵᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠠᠭᠦ ᠠᠵᠢᠯ ᠢ ᠲᠡᠷᠢᠭᠦᠨ ᠴᠢᠬᠤᠯᠠ ᠶᠠᠪᠤᠳᠠᠯ | ᠪᠣᠯᠭᠠᠨ ᠠᠳᠬᠤᠵᠤ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠣᠨᠣᠪᠴᠢᠲᠠᠶ ᠰᠤᠷᠤᠯᠴᠠᠨ | ᠡᠵᠡᠮᠰᠢᠵᠦ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ ᠣᠯᠠᠨ ᠢᠶᠠᠷ ᠢᠶᠠᠨ | ᠰᠡᠷᠭᠡᠶᠢᠯᠡᠵᠦ ᠣᠯᠠᠨ ᠢᠶᠠᠷ ᠢᠶᠠᠨ ᠬᠤᠷᠢᠭᠯᠠᠬᠤ᠂ ᠬᠤᠯᠪᠣᠭᠠᠯᠠᠨ ᠰᠡᠷᠭᠡᠶᠢᠯᠡᠵᠦ ᠬᠠᠮᠲᠤᠷᠠᠨ ᠬᠤᠷᠢᠭᠯᠠᠬᠤ ᠠᠵᠢᠯ ᠤᠨ | ᠬᠠᠮᠲᠤᠷᠠᠯ ᠬᠦᠴᠦᠨ ᠢ ᠴᠢᠩᠭᠠᠳᠬᠠᠵᠤ ᠬᠢᠵᠢᠭ ᠤᠨ ᠪᠠᠶᠢᠳᠠᠯ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ | ᠬᠡᠷᠡᠭᠲᠡᠶ᠃ ᠬᠠᠪᠤᠷ ᠤᠨ ᠤᠯᠠᠷᠢᠯ ᠤᠨ ᠬᠤᠯᠤᠭᠠᠨ᠎ᠠ ᠶᠢᠨ ᠬᠢᠵᠢᠭ᠂ ᠠᠹᠷᠢᠺᠠ ᠲᠢᠪ ᠤᠨ ᠭᠠᠭ᠋ᠠᠶ ᠶᠢᠨ ᠬᠢᠵᠢᠭ ᠵᠡᠷᠭᠡ | ᠪᠤᠰᠤᠳ ᠬᠢᠵᠢᠭ ᠤᠨ ᠪᠠᠶᠢᠳᠠᠯ ᠢ ᠰᠡᠷᠭᠡᠶᠢᠯᠡᠨ ᠵᠠᠰᠠᠬᠤ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠬᠤ | ᠬᠡᠷᠡᠭᠲᠡᠶ ᠭᠡᠵᠡᠢ᠃ | ᠬᠤᠷᠠᠯ ᠠᠴᠠ ᠴᠢᠬᠤᠯᠠᠴᠢᠯᠠᠬᠤ ᠳᠤ ᠪᠠᠨ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠡᠪ ᠤᠨ ᠡᠮᠬᠢ | ᠲᠢᠭᠯᠢᠮ ᠢ ᠬᠠᠮᠠᠭᠠᠯᠠᠨ ᠮᠠᠯ ᠲᠠᠷᠢᠶᠠᠯᠠᠩ ᠠᠵᠤ ᠠᠬᠤᠶ ᠶᠢᠨ ᠠᠵᠤ ᠦᠶᠯᠡᠰ ᠤᠨ ᠬᠥᠭᠵᠢᠯᠲᠡ᠂ ᠣᠷᠤᠰᠢᠨ | ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ | ᠨᠡᠶᠢᠭᠡᠮ ᠤᠨ ᠵᠠᠰᠠᠯᠲᠠ ᠵᠡᠷᠭᠡ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠰᠢᠶᠳᠪᠦᠷᠢᠯᠡᠵᠦ ᠠᠵᠤ | ᠠᠬᠤᠶᠢᠯᠠᠯ ᠤᠨ ᠦᠶᠯᠡᠳᠪᠦᠷᠢᠯᠡᠯ ᠢᠶᠠᠨ ᠰᠡᠷᠭᠦᠭᠡᠬᠦ ᠶᠢ ᠪᠠᠳᠤᠯᠠᠨ ᠭᠤᠷᠪᠠᠨ ᠶᠡᠭᠡ ᠰᠢᠪᠲᠤᠯᠤᠯᠲᠠ ᠶᠢᠨ | ᠳᠠᠶᠢᠯᠠᠯᠳᠤᠭᠠᠨ ᠢ ᠰᠠᠶᠢᠲᠤᠷ ᠬᠢᠵᠦ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ᠂ ᠠᠮᠢ ᠠᠬᠤᠶ ᠶᠢᠨ ᠪᠥᠲᠥᠭᠡᠨ | ᠪᠠᠶᠢᠭᠤᠯᠤᠯᠲᠠ᠂ ᠪᠣᠯᠪᠠᠰᠤᠨ ᠬᠤᠲᠠ ᠶᠢᠨ ᠡᠭᠦᠳᠤᠨ ᠪᠠᠶᠢᠭᠤᠯᠤᠯᠳᠠ᠂ ᠥᠭᠡᠷᠡᠴᠢᠯᠡᠯᠲᠡ ᠶᠢ ᠪᠥᠬᠦ ᠲᠠᠯ᠎ᠠ ᠪᠠᠷ | ᠭᠦᠨᠵᠡᠭᠡᠶᠢᠷᠡᠭᠦᠯᠬᠦ᠂ ᠠᠶᠤᠯᠭᠦᠢ ᠦᠶᠯᠡᠳᠪᠦᠷᠢᠯᠡᠯ ᠵᠡᠷᠭᠡ ᠶᠢᠨ ᠠᠵᠢᠯ ᠢ ᠰᠠᠶᠢᠲᠤᠷ ᠠᠳᠬᠤᠬᠤ ᠬᠡᠷᠡᠭᠲᠡᠶ᠃ ᠰᠤᠷᠲᠠᠯ | ᠤᠨ ᠪᠠᠶᠢᠭᠤᠯᠤᠯᠲᠠ ᠶᠢ ᠴᠢᠩᠭᠠᠳᠬᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤᠮᠳᠠ ᠣᠷᠣᠰᠢᠵᠤ ᠪᠠᠶᠢᠭ᠎ᠠ | ᠬᠡᠯᠪᠡᠷᠢ ᠶᠢᠨ ᠦᠵᠡᠯ᠂ ᠨᠣᠶᠠᠨᠴᠢ ᠰᠤᠷᠲᠠᠯ ᠵᠡᠷᠭᠡ ᠠᠰᠠᠭᠤᠳᠠᠯ ᠢ ᠴᠡᠭᠴᠡᠯᠡᠨ ᠵᠠᠰᠠᠬᠤ ᠬᠡᠷᠡᠭᠲᠡᠶ ᠭᠡᠵᠡᠢ᠃ | ᠬᠤᠷᠠᠯ ᠠᠴᠠ ᠴᠢᠬᠤᠯᠠᠴᠢᠯᠠᠬᠤ ᠳᠤ ᠪᠠᠨ᠂ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠡᠯ᠎ᠡ ᠵᠦᠢᠯ | ᠤᠨ ᠠᠵᠢᠯ ᠢ ᠰᠠᠶᠢᠲᠤᠷ ᠬᠢᠵᠦ ᠬᠢᠵᠢᠭ ᠤᠨ ᠪᠠᠶᠢᠳᠠᠯ ᠢ ᠠᠰᠢᠭᠯᠠᠨ ᠪᠠᠷᠠᠭᠠᠨ ᠤ ᠦᠨ᠎ᠡ ᠶᠢ ᠥᠰᠬᠡᠬᠦ᠂ ᠵᠠᠬ᠎ᠠ | ᠳᠡᠯᠭᠡᠭᠦᠷ ᠢ ᠰᠠᠮᠠᠭᠤᠷᠠᠭᠤᠯᠬᠤ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ | ᠴᠣᠬᠢᠯᠲᠠ ᠥᠭᠬᠦ ᠬᠡᠷᠡᠭᠲᠡᠢ᠃ ᠤᠬᠠᠭᠤᠯᠭ᠎ᠠ ᠬᠥᠮᠦᠵᠢᠯ ᠪᠣᠯᠤᠨ ᠶᠠᠷᠢᠶ᠎ᠠ ᠬᠡᠯᠡᠯᠴᠡᠭᠡ ᠪᠠᠷ ᠬᠥᠲᠥᠯᠥᠨ ᠵᠢᠯᠣᠭᠤᠳᠬᠤ | ᠠᠵᠢᠯ ᠢ ᠰᠠᠶᠢᠲᠤᠷ ᠬᠢᠵᠦ ᠣᠯᠠᠨ ᠲᠦᠮᠡᠨ ᠤ ᠠᠩᠬᠠᠷᠤᠯ ᠲᠠᠯᠪᠢᠵᠤ ᠪᠠᠶᠭ᠎ᠠ ᠠᠰᠠᠭᠤᠳᠠᠯ ᠳᠤ ᠴᠠᠭ ᠲᠤᠬᠠᠶ ᠳᠤᠨᠢ | ᠬᠠᠷᠢᠭᠤᠯᠲᠠ ᠥᠭᠴᠦ ᠠᠯᠪᠠᠨ ᠤ ᠮᠡᠳᠡᠭᠡ ᠵᠠᠩᠭᠢ ᠶᠢ ᠣᠨᠣᠪᠴᠢᠲᠠᠶ ᠨᠡᠶᠢᠲᠡᠯᠡᠵᠦ ᠬᠢᠵᠢᠭ ᠰᠡᠷᠭᠡᠶᠢᠯᠡᠬᠦ ᠡᠮᠤᠨ᠎ᠠ | ᠹᠷᠣᠨᠲ ᠤᠨ ᠬᠦᠮᠦᠨ ᠢ ᠳᠣᠭᠳᠣᠯᠤᠭᠤᠯᠤᠮ᠎ᠠ ᠦᠢᠯᠡ ᠠᠵᠢᠯᠯᠠᠭ᠎ᠠ ᠶᠢ ᠠᠭᠤᠳᠠᠯᠠᠨ ᠮᠡᠳᠡᠭᠡᠯᠡᠵᠦ ᠣᠯᠠᠨ ᠤ ᠵᠣᠷᠢᠭ ᠢ | ᠨᠢᠭᠡᠳᠬᠡᠨ ᠬᠢᠵᠢᠭ ᠤᠨ ᠪᠠᠶᠢᠳᠠᠯ ᠢ ᠡᠰᠡᠷᠭᠦᠴᠡᠬᠦ ᠬᠦᠴᠦᠷᠬᠡᠭ ᠶᠡᠭᠡ ᠬᠦᠴᠦᠨ ᠢ ᠨᠢᠭᠲᠠᠷᠠᠭᠤᠯᠬᠤ ᠬᠡᠷᠡᠭᠲᠡᠶ ᠭᠡᠵᠡᠢ᠃ | ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃ |