2 ᠰᠠᠷ᠎ᠠ ᠶᠢᠨ 15 ᠤ ᠣᠷᠣᠢ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠭᠠᠯᠠᠭᠤᠲᠤ | ᠪᠠᠯᠭᠠᠰᠤᠨ ᠤ ᠨᠠᠷᠠᠨ ᠭᠡᠷᠡᠯ ᠨᠡᠶᠢᠭᠡᠮ ᠲᠤᠭᠤᠷᠢᠭ ᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ | ᠬᠤᠷᠠᠯ ᠢ ᠡᠷᠬᠢᠯᠡᠨ ᠬᠤᠷᠠᠯᠳᠤᠭᠤᠯᠵᠤ ᠭᠠᠯᠠᠭᠤᠲᠤ ᠪᠠᠯᠭᠠᠰᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠤᠨ ᠪᠠᠶᠢᠳᠠᠯ ᠢ ᠰᠤᠨᠤᠰᠤᠭᠰᠠᠨ ᠤ ᠲᠠᠷᠠᠭ᠎ᠠ ᠴᠢᠬᠤᠯᠠᠴᠢᠯᠠᠬᠤ ᠳᠠᠭᠠᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠴᠢᠬᠤᠯᠠ ᠴᠢᠨᠠᠷ ᠢ ᠭᠦᠶᠴᠡᠳ ᠲᠠᠨᠢᠵᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ᠂ ᠣᠯᠠᠨ | ᠢᠶᠠᠷ ᠢᠶᠠᠨ ᠰᠡᠷᠬᠡᠶᠢᠯᠡᠵᠦ ᠣᠯᠠᠨ ᠢᠶᠠᠷ ᠢᠶᠠᠨ ᠡᠵᠡᠮᠳᠡᠬᠦ ᠲᠣᠣᠷᠵᠢᠯ ᠢ ᠪᠠᠶᠢᠭᠤᠯᠵᠤ ᠨᠡᠶᠢᠭᠡᠮ ᠲᠣᠭᠤᠷᠢᠭ ᠤᠨ ᠬᠢᠵᠢᠭ | ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠬᠢᠯᠡᠯᠲᠡ ᠶᠢ ᠪᠠᠲᠤ ᠴᠣᠭᠴᠠᠯᠠᠵᠤ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠷᠠᠳ ᠤᠨ ᠲᠠᠶᠢᠨ᠂ ᠶᠡᠷᠦᠩᠬᠡᠢ ᠳᠠᠶᠢᠯᠠᠯᠳᠣᠭᠠᠨ᠂ ᠬᠤᠷᠢᠭᠯᠠᠯᠲᠠ ᠶᠢᠨ ᠳᠠᠶᠢᠯᠠᠯᠳᠣᠭᠠᠨ ᠤ ᠢᠯᠠᠯᠲᠠ ᠶᠢ | ᠤᠯᠬᠤ ᠬᠡᠷᠡᠭᠲᠡᠶ ᠭᠡᠵᠡᠢ᠃ ᠬᠤᠰᠢᠭᠤ ᠣᠳᠣᠷᠢᠳᠣᠯᠭ᠎ᠠ ᠵᠠᠩ ᡁᠢ ᠰᠢᠦ᠋ᠩ᠂ ᠵᠣᠣ ᠶᠥᠩ ᠹᠧᠩ᠂ ᠯᠢ ᠵᠦᠩ ᠯᠢᠨ | ᠵᠢᠴᠢ ᠬᠤᠰᠢᠭᠤ ᠡᠷᠡᠬᠦᠯ ᠬᠠᠮᠠᠭᠠᠯᠠᠯ᠂ ᠡᠨᠧᠷᠬᠢ᠂ ᠰᠣᠷᠭᠠᠨ ᠬᠦᠮᠦᠵᠢᠯ᠂ ᠣᠷᠣᠨ ᠰᠠᠭᠤᠴᠠ ᠵᠡᠷᠭᠡ ᠰᠠᠯᠠᠭ᠎ᠠ | ᠮᠦᠴᠢᠷ ᠤᠨ ᠬᠠᠷᠢᠭᠤᠴᠠᠯᠭᠠᠲᠠᠨ᠂ ᠭᠠᠯᠠᠭᠤᠲᠤ ᠪᠠᠯᠭᠠᠰᠣᠨ ᠤ ᠣᠳᠣᠷᠢᠳᠬᠤ ᠪᠠᠭ ᠤᠨ ᠪᠦᠷᠢᠯᠳᠦᠬᠦᠨ᠂ ᠡᠯ᠎ᠡ | ᠨᠡᠶᠢᠬᠡᠮ ᠲᠣᠭᠤᠷᠢᠭ ᠤᠨ ᠨᠠᠮ ᠤᠨ ᠡᠬᠦᠷ ᠤᠨ ᠱᠦᠵᠢ ᠬᠤᠷᠠᠯ ᠳᠤ ᠣᠷᠣᠯᠴᠠᠪᠠ᠃ | | | | | | | ᠬᠤᠷᠠᠯ ᠳᠡᠭᠡᠷ᠎ᠡ ᠭᠠᠯᠠᠭᠤᠲᠤ ᠪᠠᠯᠭᠠᠰᠤᠨ ᠤ ᠭᠤᠤᠯ ᠬᠠᠷᠢᠭᠤᠴᠠᠯᠭᠠᠲᠠᠨ ᠵᠢᠴᠢ ᠡᠯ᠎ᠡ ᠨᠡᠶᠢᠭᠡᠮ ᠲᠣᠭᠤᠷᠢᠭ ᠤᠨ | ᠨᠠᠮ ᠤᠨ ᠡᠭᠦᠷ ᠤᠨ ᠱᠦᠵᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠪᠠ ᠣᠷᠣᠰᠢᠵᠤ ᠪᠠᠶᠢᠭ᠎ᠠ | ᠪᠣᠳᠠᠲᠠᠶ ᠠᠰᠠᠭᠤᠳᠠᠯ ᠢᠶᠠᠨ ᠲᠣᠰ ᠲᠣᠰ ᠬᠠᠷᠢᠭᠤ ᠮᠡᠳᠡᠭᠦᠯᠪᠡ᠃ ᠡᠷᠳᠡᠨᠢᠪᠢᠯᠢᠭ ᠰᠣᠨᠣᠰᠬᠤ ᠶᠢᠨ ᠳᠠᠭᠠᠤ ᠲᠡᠮᠳᠡᠭᠯᠡᠯ | ᠬᠢᠵᠦ ᠪᠣᠳᠠᠲᠠᠶ ᠠᠰᠠᠭᠤᠳᠠᠯ ᠤᠨ ᠲᠤᠬᠠᠶ ᠣᠯᠠᠨ ᠲᠠᠢ ᠶᠠᠷᠢᠯᠴᠠᠵᠤ ᠣᠳᠣᠬᠠᠨ ᠤ ᠪᠥᠬᠦ ᠬᠤᠰᠢᠭᠤᠨ ᠤ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠣᠳᠣᠯᠣᠭᠰᠠᠨ ᠪᠠᠶᠢᠨ᠎ᠠ᠃ | ᠡᠷᠳᠡᠨᠢᠪᠢᠯᠢᠭ ᠵᠢᠭᠠᠵᠤ ᠭᠠᠷᠭᠠᠬᠤ ᠳᠠᠭᠠᠨ᠂ ᠣᠳᠣᠬᠠᠨ ᠳᠤ ᠨᠤᠲᠤᠭ ᠲᠤ ᠪᠠᠨ ᠪᠤᠴᠠᠵᠤ ᠠᠵᠢᠯ ᠤᠨ ᠪᠠᠶᠢᠷᠢ | ᠳᠠᠭᠠᠨ ᠭᠠᠷᠣᠭᠰᠠᠨ ᠬᠥᠮᠦᠰ ᠤᠨ ᠲᠤᠭ᠎ᠠ ᠨᠡᠮᠡᠭᠳᠡᠬᠦ ᠣᠷᠭᠢᠯ ᠤᠨ ᠬᠤᠭᠤᠴᠠᠭ᠎ᠠ ᠪᠠᠶᠢᠵᠤ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠬᠠᠮᠤᠭ ᠤᠨ ᠵᠠᠩᠬᠢᠯᠠᠭ᠎ᠠ ᠶᠢᠨ ᠱᠠᠲᠤᠨ ᠳᠤ ᠤᠷᠤᠭᠠᠳ ᠪᠠᠶᠢᠨ᠎ᠠ᠂ ᠣᠯᠠᠨ ᠢᠶᠠᠷ ᠢᠶᠠᠨ | ᠤᠯᠤᠰ ᠲᠥᠷᠥ ᠶᠢᠨ ᠣᠬᠠᠮᠰᠠᠷ ᠢᠶᠠᠨ ᠳᠡᠭᠡᠭᠰᠢᠯᠡᠬᠦᠯᠵᠦ ᠬᠢᠨᠠᠮᠠᠭᠠᠶ ᠣᠪᠣᠷ ᠢᠶᠠᠷ ᠬᠠᠷᠢᠭᠤᠴᠠᠯᠭ᠎ᠠ ᠪᠠᠨ ᠡᠭᠦᠷᠭᠡᠯᠡᠵᠦ | ᠣᠯᠠᠨ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠡᠷᠡᠭᠦᠯ ᠮᠡᠨᠳᠦ ᠶᠢᠨ ᠲᠠᠯ᠎ᠠ ᠠᠴᠠ ᠪᠤᠳᠣᠯᠬᠢᠯᠠᠵᠤ ᠬᠢᠵᠢᠭ | ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠣᠳᠣᠬᠠᠨ ᠤ ᠬᠠᠮᠤᠭ ᠤᠨ ᠴᠢᠬᠤᠯᠠ ᠡᠭᠦᠷᠭᠡ ᠪᠤᠯᠭᠠᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠰᠡᠷᠬᠡᠶᠢᠯᠡᠨ ᠪᠣᠳᠠᠲᠠᠶ ᠨᠠᠷᠢᠯᠢᠭ ᠰᠠᠶᠢᠲᠤᠷ ᠠᠳᠬᠤᠬᠤ ᠬᠡᠷᠡᠭᠲᠡᠶ | ᠃ ᠨᠡᠶᠢᠭᠡᠮ ᠲᠣᠭᠤᠷᠢᠭ ᠪᠣᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠤᠨ᠎ᠠ ᠹᠷᠣᠨᠲ ᠪᠣᠯᠬᠤᠷ | ᠬᠤᠯᠪᠤᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ | ᠡᠵᠡᠮᠳᠡᠬᠦ ᠲᠣᠣᠷᠵᠢᠯ ᠢ ᠪᠦᠬᠦ ᠬᠦᠴᠦᠨ ᠢᠶᠠᠷ ᠪᠠᠶᠢᠭᠤᠯᠵᠤ ᠨᠡᠶᠢᠭᠡᠮ ᠲᠣᠭᠤᠷᠢᠭ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠᠬᠢᠯᠡᠯᠲᠡ ᠶᠢ ᠪᠠᠲᠤ ᠴᠣᠭᠴᠠᠯᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠠᠳ ᠤᠨ | ᠲᠠᠶᠢᠨ᠂ ᠶᠡᠷᠦᠩᠬᠡᠶ ᠳᠠᠶᠢᠯᠠᠯᠳᠤᠭᠠᠨ᠂ ᠬᠤᠷᠢᠭᠯᠠᠯᠲᠠ ᠶᠢᠨ ᠳᠠᠶᠢᠯᠠᠯᠳᠣᠭᠠᠨ ᠤ ᠢᠯᠠᠯᠲᠠ ᠶᠢ ᠡᠷᠡᠰ ᠣᠯᠬᠤ ᠬᠡᠷᠡᠭᠲᠡᠶ | ᠭᠡᠵᠡᠢ᠃ | | | | | | | ᠡᠷᠳᠡᠨᠢᠪᠢᠯᠢᠭ ᠴᠢᠬᠤᠯᠠᠴᠢᠯᠠᠬᠤ ᠳᠠᠭᠠᠨ᠂ ᠨᠠᠮ ᠤᠨ ᠲᠥᠪ ᠬᠤᠷᠢᠶ᠎ᠠ ᠪᠣᠯᠤᠨ ᠡᠯ᠎ᠡ ᠱᠠᠲᠤᠨ ᠤ ᠨᠠᠮ ᠤᠨ | ᠬᠤᠷᠢᠶ᠎ᠠ ᠵᠠᠰᠠᠭ ᠤᠨ ᠣᠷᠳᠣᠨ ᠤ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ | ᠰᠤᠷᠤᠯᠴᠠᠨ ᠣᠶᠢᠯᠠᠭᠠᠵᠤ ᠦᠢᠯᠡᠳᠦᠯᠭᠡᠵᠢᠬᠦᠯᠦᠨ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠶ᠃ ᠡᠯ᠎ᠡ | ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠨᠠᠮ ᠤᠨ ᠭᠡᠰᠢᠭᠦᠨ ᠺᠠᠳ᠋ᠷᠴᠤᠳ ᠦᠶᠯᠡᠳᠦᠯ ᠢᠶᠠᠨ | ᠪᠠᠳᠠᠷᠠᠭᠤᠯᠤᠨ ᠡᠮᠦᠨ᠎ᠡ ᠨᠢ ᠭᠠᠪᠰᠢᠭᠠᠶᠢᠯᠠᠨ ᠦᠯᠢᠭᠡᠷ ᠳᠠᠭᠤᠷᠢᠶᠠᠯ ᠪᠤᠯᠵᠤ ᠺᠠᠳ᠋ᠷ ᠠᠵᠢᠯᠳᠠᠨ᠂ ᠰᠠᠶᠢᠨ ᠳᠤᠷ᠎ᠠ ᠶᠢᠨ | ᠦᠶᠯᠡᠴᠢᠯᠡᠭᠡᠨ ᠤ ᠡᠩᠨᠡᠭᠡ᠂ ᠰᠠᠭᠤᠭᠠᠯᠢ ᠠᠷᠠᠳ ᠤᠨ ᠲᠣᠭᠤᠷᠢᠭ ᠤᠨ ᠥᠮᠴᠢᠲᠡᠨ ᠤ ᠵᠥᠪᠯᠡᠯ᠂ ᠠᠳᠠᠯ ᠠᠬᠤᠢ ᠶᠢᠨ | ᠺᠣᠮᠫᠠᠨᠢ ᠪᠠ ᠥᠷᠭᠡᠨ ᠤᠯᠠᠨ ᠠᠷᠠᠳ ᠲᠦᠮᠡᠨ ᠢ ᠳᠠᠭᠠᠭᠤᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠦᠬᠦ | ᠠᠷᠠᠳ ᠤᠨ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠬᠤ ᠬᠡᠷᠡᠭᠲᠡᠶ᠃ ᠮᠡᠳᠡᠭᠡ ᠵᠠᠩᠭᠢ ᠨᠡᠪᠲᠡᠷᠡᠯᠴᠡᠬᠦ ᠠᠷᠭ᠎ᠠ ᠵᠠᠮ ᠢ | ᠰᠠᠭᠠᠳ ᠥᠬᠡᠶ ᠨᠡᠪᠲᠡᠷᠡᠭᠦᠯᠵᠦ ᠮᠡᠳᠡᠭᠡ ᠵᠠᠩᠭᠢᠵᠢᠯᠲᠠ᠂ ᠤᠶᠤᠨᠴᠢᠯᠠᠯᠲᠠ ᠪᠠ ᠬᠤᠲᠠ ᠬᠥᠳᠡᠭᠡ ᠶᠢᠨ ᠦᠨᠳᠦᠰᠦᠨ | ᠱᠠᠲᠤᠨ ᠤ ᠨᠡᠶᠢᠭᠡᠮ ᠤᠨ ᠵᠠᠰᠠᠯᠲᠠ ᠲᠠᠢ ᠤᠶᠠᠯᠳᠤᠭᠤᠯᠤᠨ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠳᠠᠯ ᠨᠢ | ᠳᠣᠳᠣᠷᠬᠠᠢ ᠪᠠᠶᠢᠬᠤ ᠶᠢ ᠪᠡᠶᠡᠯᠡᠭᠦᠯᠬᠦ ᠬᠡᠷᠡᠭᠲᠡᠶ᠃ ᠠᠵᠢᠯ ᠲᠥᠷᠥᠯ᠂ ᠰᠠᠯᠠᠭ᠎ᠠ ᠮᠥᠴᠢᠷ ᠤᠨ ᠬᠤᠪᠢᠶᠠᠷᠢᠯᠠᠨ | ᠬᠠᠮᠢᠶᠠᠷᠬᠤ ᠬᠠᠷᠢᠭᠤᠴᠠᠯᠭ᠎ᠠ ᠶᠢ ᠴᠢᠩᠭᠠᠳᠬᠠᠨ ᠰᠦᠯᠵᠢᠶᠡᠨ ᠤ ᠦᠶᠯᠡᠳᠦᠯ ᠢ ᠪᠠᠳᠠᠷᠠᠭᠤᠯᠵᠤ ᠡᠯ᠎ᠡ ᠰᠠᠯᠠᠭ᠎ᠠ ᠮᠥᠴᠢᠷ | ᠪᠠᠶᠢᠭᠤᠯᠭ᠎ᠠ ᠨᠢᠭᠡᠴᠢ ᠶᠢᠨ ᠡᠬᠢ ᠪᠠᠶᠠᠯᠢᠭ ᠪᠠ ᠬᠦᠴᠦᠨ ᠢ ᠳᠠᠶᠢᠴᠢᠯᠠᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ | ᠡᠵᠡᠮᠳᠡᠬᠦ ᠠᠵᠢᠯ ᠤᠨ ᠬᠡᠯᠪᠡᠷᠢ ᠶᠢ ᠪᠦᠷᠢᠯᠳᠦᠭᠦᠯᠬᠦ ᠬᠡᠷᠡᠭᠲᠡᠶ᠃ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠶᠯᠡᠳᠦᠯᠭᠡ ᠶᠢ ᠪᠠᠳᠠᠷᠠᠭᠤᠯᠤᠨ ᠰᠠᠶᠢᠨ ᠳᠤᠷ᠎ᠠ ᠶᠢᠨ ᠦᠶᠯᠡᠴᠢᠯᠡᠭᠡᠨ ᠤ ᠡᠩᠨᠡᠭᠡ ᠶᠢ ᠵᠣᠬᠢᠶᠠᠨ ᠪᠠᠶᠢᠭᠤᠯᠵᠤ ᠨᠡᠶᠢᠭᠡᠮ | ᠲᠣᠭᠤᠷᠢᠭ ᠤᠨ ᠬᠠᠮᠵᠢᠨ ᠵᠢᠵᠢᠭᠦᠷᠯᠡᠬᠦ ᠪᠠ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ ᠪᠥᠬᠦ | ᠠᠷᠠᠳ ᠢᠶᠠᠷ ᠢᠶᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠣᠷᠣᠯᠴᠠᠬᠤ ᠬᠦᠴᠦᠷᠬᠡᠭ ᠶᠡᠭᠡ ᠨᠡᠶᠢᠯᠡᠮᠡᠯ | ᠬᠦᠴᠦᠨ ᠢ ᠨᠢᠭᠲᠠᠷᠠᠭᠤᠯᠬᠤ ᠬᠡᠷᠡᠭᠲᠡᠶ᠃ ᠣᠯᠠᠨ ᠲᠦᠮᠡᠨ ᠳᠤ ᠦᠶᠯᠡᠴᠢᠯᠡᠬᠦ ᠠᠵᠢᠯ ᠢ ᠰᠠᠶᠢᠲᠤᠷ ᠬᠢᠵᠦ ᠪᠣᠳᠠᠲᠠᠶ | ᠬᠦᠴᠢᠷᠳᠡᠯ ᠪᠣᠯᠤᠨ ᠠᠰᠠᠭᠤᠳᠠᠯ ᠢ ᠬᠠᠪᠰᠣᠷᠣᠨ ᠰᠢᠶᠳᠪᠦᠷᠢᠯᠡᠵᠦ ᠣᠯᠠᠨ ᠲᠦᠮᠡᠨ ᠢ ᠳᠠᠶᠢᠴᠢᠯᠠᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠢᠯᠠᠯᠲᠠ ᠶᠢ ᠣᠯᠬᠤ ᠢᠲᠡᠭᠡᠯ ᠵᠣᠷᠢᠭ ᠢ ᠨᠢ ᠨᠠᠮᠡᠭᠳᠠᠭᠦᠯᠤᠨ ᠬᠢᠵᠢᠭ ᠤᠨ ᠪᠠᠶᠢᠳᠠᠯ | ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠤᠨ ᠺᠠᠳ᠋ᠷ ᠠᠵᠢᠯᠳᠠᠨ ᠢ ᠨᠡᠩ ᠢᠯᠡᠬᠦᠦ ᠬᠠᠯᠠᠮᠵᠢᠯᠠᠨ ᠵᠣᠷᠢᠭᠵᠢᠭᠤᠯᠬᠤ | ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠡᠭᠦᠷᠭᠡ ᠴᠢᠳᠠᠪᠤᠷᠢ ᠶᠢᠨ | ᠦᠶᠯᠡᠳᠦᠯ ᠢ ᠰᠠᠶᠢᠲᠤᠷ ᠪᠠᠳᠠᠷᠠᠭᠤᠯᠵᠤ ᠳᠡᠭᠡᠳᠦ ᠱᠠᠲᠤᠨ ᠤ ᠰᠢᠶᠳᠪᠦᠷᠢᠲᠦ ᠪᠣᠳᠣᠯᠭ᠎ᠠ ᠶᠢ ᠴᠠᠭ ᠲᠤᠬᠠᠶ ᠳᠤᠨᠢ | ᠤᠯᠠᠮᠵᠢᠯᠠᠨ ᠠᠵᠢᠯ ᠤᠨ ᠵᠢᠯᠣᠭᠤᠳᠣᠯᠭ᠎ᠠ ᠬᠢᠬᠦ ᠬᠡᠷᠡᠭᠲᠡᠶ᠃ ᠤᠬᠠᠭᠤᠯᠤᠨ ᠵᠢᠯᠣᠭᠤᠳᠬᠤ ᠠᠵᠢᠯ ᠢ ᠰᠠᠶᠢᠲᠤᠷ ᠬᠢᠵᠦ | ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠤᠬᠠᠭᠤᠯᠵᠤ ᠬᠢᠵᠢᠭ ᠢ | ᠰᠡᠷᠭᠡᠶᠢᠯᠡᠬᠦ ᠡᠮᠦᠨ᠎ᠡ ᠹᠷᠣᠨᠲ ᠲᠤ ᠬᠦᠨᠵᠡᠭᠡᠶᠢᠷᠡᠨ ᠰᠣᠷᠪᠣᠯᠵᠢᠯᠠᠨ ᠮᠡᠳᠡᠭᠡᠯᠡᠵᠦ ᠰᠢᠯᠢᠳᠡᠭ ᠨᠡᠶᠢᠲᠡᠯᠢᠭ ᠵᠢᠱᠢᠶ᠎ᠡ ᠪᠣᠯᠤᠨ | ᠲᠡᠷᠢᠭᠦᠨ ᠤ ᠲᠤᠷᠰᠢᠯᠭ᠎ᠠ ᠶᠢ ᠤᠬᠠᠭᠤᠯᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠯᠭᠡ ᠶᠢ ᠶᠡᠬᠡᠪᠡᠷ | ᠲᠦᠬᠡᠮᠡᠯᠵᠢᠬᠦᠯᠵᠦ ᠪᠦᠬᠦ ᠠᠷᠠᠳ ᠢᠶᠠᠷ ᠢᠶᠠᠨ ᠣᠷᠣᠯᠴᠠᠬᠤ᠂ ᠬᠠᠮᠲᠤ ᠪᠠᠷ ᠲᠤᠭᠤᠯᠬᠤ ᠬᠦᠴᠦᠷᠬᠡᠭ ᠶᠡᠭᠡ ᠢᠳᠡᠪᠬᠢ | ᠬᠦᠴᠦᠨ ᠢ ᠨᠢᠭᠲᠠᠷᠠᠭᠤᠯᠬᠤ ᠬᠡᠷᠡᠭᠲᠡᠢ ᠭᠡᠵᠡᠢ᠃ |