ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠬᠤᠰᠢᠭᠤᠨ ᠤ ᠡᠪᠡᠳᠴᠢᠨ ᠬᠢᠵᠢᠭ ᠢ ᠰᠡᠷᠭᠡᠶᠢᠯᠡᠨ ᠡᠵᠡᠮᠳᠡᠬᠦ ᠲᠥᠪ᠂  ᠠᠷᠠᠳ ᠤᠨ ᠡᠮᠨᠡᠯᠭᠡ ᠶᠢᠨ ᠬᠤᠷᠢᠶ᠎ᠠ ᠪᠤᠯᠤᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠲᠥᠪ ᠲᠤ ᠬᠦᠷᠴᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠢ ᠪᠠᠶᠢᠴᠠᠭᠠᠨ ᠵᠢᠯᠤᠭᠤᠳᠪᠠ
ᠨᠡᠶᠢᠲᠡᠯᠡᠭᠰᠡᠨ ᠴᠠᠭ᠄
2020-02-20
     2 ᠰᠠᠷ᠎ᠠ ᠶᠢᠨ 16 ᠤ ᠡᠳᠤᠷ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠬᠤᠰᠢᠭᠤᠨ ᠤ ᠡᠪᠡᠳᠴᠢᠨ ᠬᠢᠵᠢᠭ ᠢ ᠰᠡᠷᠭᠡᠶᠢᠯᠡᠨ ᠡᠵᠡᠮᠳᠡᠬᠦ ᠲᠥᠪ᠂  ᠠᠷᠠᠳ ᠤᠨ ᠡᠮᠨᠡᠯᠭᠡ ᠶᠢᠨ ᠬᠤᠷᠢᠶ᠎ᠠ ᠪᠤᠯᠤᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠲᠥᠪ ᠲᠤ ᠬᠦᠷᠴᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠢ ᠪᠠᠶᠢᠴᠠᠭᠠᠨ ᠵᠢᠯᠤᠭᠤᠳᠪᠠ᠃ ᠲᠡᠷᠡ ᠴᠢᠬᠤᠯᠠᠴᠢᠯᠠᠬᠤ ᠳᠠᠭᠠᠨ᠂ ᠡᠯ᠎ᠡ ᠱᠠᠳᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ᠂ ᠶᠡᠷᠦᠩᠬᠡᠢ ᠰᠠᠶᠢᠳ ᠯᠢ ᠺᠧ ᠴᠢᠶᠠᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠥᠪᠠᠷᠳᠡᠭᠡᠨ ᠵᠠᠰᠠᠬᠤ ᠣᠷᠣᠨ᠂ ᠬᠤᠳᠠ ᠶᠢᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠭᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠣᠯᠤᠨ ᠪᠠᠶ᠎ᠠ ᠮᠠᠬᠠᠪᠣᠳ ᠤᠨ ᠡᠷᠡᠭᠦᠯ ᠴᠢᠭᠢᠷᠠᠭ ᠢ ᠲᠡᠷᠢᠭᠦᠨ ᠪᠠᠶᠢᠷᠢᠨ ᠳᠤ ᠲᠠᠯᠪᠢᠨ ᠠᠵᠢᠯ ᠤᠨ ᠪᠠᠶᠢᠷᠢ ᠪᠠᠨ ᠪᠠᠲᠤ ᠰᠠᠭᠢᠵᠤ ᠢᠲᠡᠭᠡᠯ ᠵᠣᠷᠢᠭ ᠢᠶᠠᠨ ᠪᠠᠲᠤᠳᠬᠠᠵᠤ ᠤᠨᠤᠪᠴᠢᠳᠠᠢ ᠠᠷᠭ᠎ᠠ ᠪᠤᠳᠤᠯᠭ᠎ᠠ ᠠᠪᠴᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠶᠢ  ᠴᠢᠩᠭᠠᠳᠬᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠠᠳ ᠤᠨ ᠳᠠᠶᠢᠨ᠂ ᠶᠠᠷᠤᠩᠭᠡᠢ ᠳᠠᠶᠢᠯᠠᠯᠳᠤᠭᠠᠨ᠂ ᠬᠤᠷᠢᠭᠯᠠᠯᠳᠠ ᠶᠢᠨ ᠲᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃ ᠬᠤᠰᠢᠭᠤ ᠤᠳᠤᠷᠢᠳᠤᠯᠭ᠎ᠠ ᠵᠠᠩ ᡁᠢ ᠰᠢᠦ᠋ᠩ᠂ ᠵᠣᠣ ᠶᠦᠩ ᠹᠧᠩ᠂ ᠪᠠᠶᠠᠨᠴᠡᠩᠭᠡᠯ᠂ ᠪᠠᠶᠠᠨᠴᠢᠮᠡᠭ ᠵᠢᠴᠢ ᠬᠤᠰᠢᠭᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠬᠠᠷᠢᠭᠤᠴᠠᠯᠭᠠᠲᠠᠳ ᠪᠠᠶᠢᠴᠠᠭᠠᠯᠳᠠ ᠳᠤ ᠣᠷᠣᠯᠴᠠᠵᠠᠶ᠃
    ᠬᠤᠰᠢᠭᠤᠨ ᠤ ᠡᠪᠡᠳᠴᠢᠨ ᠬᠢᠵᠢᠭ ᠢ ᠰᠡᠷᠭᠡᠶᠢᠯᠡᠨ ᠡᠵᠡᠮᠳᠡᠬᠦ ᠲᠥᠪ᠂ ᠠᠷᠠᠳ ᠤᠨ ᠡᠮᠨᠡᠯᠭᠡ ᠶᠢᠨ ᠬᠤᠷᠢᠶ᠎ᠠ  ᠳᠤ ᠡᠷᠳᠡᠨᠢᠪᠢᠯᠢᠭ ᠱᠠᠭᠠᠷᠳᠠᠬᠤ ᠳᠤ ᠪᠠᠨ᠂ ᠰᠠᠬᠢᠯᠭ᠎ᠠ ᠪᠠᠲᠤ ᠶᠢ ᠴᠢᠩᠭ᠎ᠠ ᠰᠠᠭᠢᠨ ᠨᠢᠭᠡᠳᠦᠯᠲᠡᠢ ᠤᠳᠤᠷᠢᠳᠤᠯᠭ᠎ᠠ ᠵᠢᠯᠤᠭᠤᠳᠤᠯᠭ᠎ᠠ ᠶᠢ  ᠪᠠᠷᠢᠮᠳᠠᠯᠠᠨ ᠨᠢᠭᠡᠳᠦᠯᠲᠡᠢ ᠲᠤᠭᠢᠷᠠᠭᠤᠯᠤᠯᠳᠠ ᠵᠤᠭᠢᠴᠠᠭᠤᠯᠭ᠎ᠠ ᠶᠢ ᠴᠢᠩᠭᠠᠳᠬᠠᠵᠤ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ ᠲᠤᠰ ᠲᠤᠰ ᠤᠨ ᠡᠭᠦᠷᠭᠡ ᠬᠠᠷᠢᠭᠤᠴᠠᠯᠭ᠎ᠠ ᠪᠠᠨ  ᠭᠥᠢᠴᠡᠳᠭᠡᠨ ᠬᠦᠴᠢᠷ ᠪᠡᠷᠬᠡᠰᠢᠶᠡᠯ ᠢ ᠢᠯᠠᠨ ᠳᠠᠪᠠᠵᠤ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ ᠤᠨᠢᠨ ᠳᠡᠭᠡᠷ᠎ᠡ ᠨᠢ  ᠱᠠᠭᠠᠷᠳᠠᠨ ᠪᠠᠶᠢᠴᠠᠭᠠᠯᠳᠠ ᠭᠢᠵᠤ ᠰᠡᠳᠬᠢᠯ ᠨᠢᠭᠡᠳᠦᠨ ᠬᠦᠴᠦ ᠪᠠᠨ ᠬᠠᠮᠳᠤᠳᠬᠠᠵᠤ ᠰᠡᠷᠭᠡᠶᠢᠯᠡᠨ ᠡᠵᠡᠮᠳᠡᠬᠦ ᠠᠵᠢᠯ ᠢ ᠨᠡᠩ ᠨᠠᠷᠢᠯᠢᠭ ᠪᠣᠳᠠᠲᠠᠢ ᠬᠢᠵᠦ ᠪᠣᠳᠠᠲᠤ ᠠᠵᠢᠯᠯᠠᠭ᠎ᠠ  ᠪᠠᠷ ᠢᠶᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠠᠳ ᠤᠨ ᠳᠠᠶᠢᠨ᠂ ᠶᠠᠷᠤᠩᠭᠡᠢ ᠳᠠᠶᠢᠯᠠᠯᠳᠤᠭᠠᠨ᠂ ᠬᠤᠷᠢᠭᠯᠠᠯᠳᠠ ᠶᠢᠨ ᠲᠠᠶᠢᠯᠠᠯᠳᠤᠭᠠᠨ ᠤ ᠢᠯᠠᠯᠲᠠ ᠶᠢ ᠤᠯᠬᠤ ᠬᠡᠷᠡᠭᠲᠡᠢ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠦᠶᠯᠡᠰ ᠪᠣᠯ ᠤᠯᠠᠨ ᠲᠦᠮᠡᠨ ᠨᠢᠭᠡᠪᠦᠷᠢ ᠳᠤ ᠬᠤᠯᠪᠣᠭᠳᠠᠬᠤ ᠲᠡᠷᠢᠭᠦᠨ ᠴᠢᠬᠤᠯᠠ ᠶᠠᠪᠤᠳᠠᠯ ᠮᠥᠨ᠃ ᠨᠡᠶᠢᠭᠡᠮ ᠤᠨ ᠰᠢᠨ᠎ᠡ ᠪᠠᠶᠢᠳᠠᠯ ᠤᠨ ᠡᠮᠦᠨ᠎ᠡ ᠡᠮᠴᠢᠯᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠵᠢᠴᠢ ᠡᠮᠴᠢᠯᠡᠭᠡᠨ ᠤ ᠪᠠᠶᠢᠭᠤᠯᠤᠮᠵᠢ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ ᠠᠷᠠᠳ ᠤᠨ ᠲᠥᠯᠥᠭᠡ ᠨᠡᠩ ᠤᠯᠠᠨ ᠪᠣᠳᠠᠲᠠᠶ ᠠᠵᠢᠯ ᠬᠢᠬᠦ ᠶᠢᠨ ᠬᠠᠮᠲᠤ ᠤᠯᠤᠰ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠠᠷᠠᠯᠲᠠ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠳᠠᠯᠠᠨ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠰᠠᠭᠤᠷᠢ ᠲᠥᠬᠦᠭᠡᠷᠦᠮᠵᠢ᠂ ᠡᠮ ᠡᠮᠨᠡᠯᠭᠡ ᠶᠢᠨ ᠡᠬᠢ ᠪᠠᠶᠠᠯᠢᠭ᠂ ᠤᠯᠠᠨ ᠨᠡᠶᠢᠲᠡ ᠶᠢᠨ ᠦᠢᠯᠡᠴᠢᠯᠡᠭᠡ᠂ ᠴᠢᠳᠠᠪᠤᠷᠢᠲᠠᠨ ᠤ ᠡᠩᠨᠡᠭᠡ ᠵᠡᠷᠭᠡ ᠲᠠᠯ᠎ᠠ  ᠶᠢᠨ ᠲᠤᠳᠠᠭᠳᠠᠯ ᠢ ᠨᠥᠬᠦᠪᠥᠷᠢᠯᠡᠵᠦ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠤᠨ ᠬᠥᠭᠵᠢᠯᠲᠡ ᠶᠢ ᠠᠭᠢᠭᠤᠯᠤᠨ ᠠᠷᠠᠳ ᠤᠯᠠᠨ ᠤ ᠡᠷᠡᠭᠦᠯ ᠮᠡᠨᠳᠦ ᠶᠢᠨ ᠬᠡᠷᠡᠭᠴᠡᠭᠡ ᠱᠠᠭᠠᠷᠳᠠᠯᠭ᠎ᠠ ᠶᠢ ᠨᠡᠩ ᠰᠠᠶᠢᠲᠤᠷ ᠬᠠᠩᠭᠠᠬᠤ ᠬᠡᠷᠡᠭᠲᠡᠢ᠃ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠮᠡᠳᠡᠯᠭᠡ ᠶᠢᠨ ᠤᠬᠠᠭᠤᠯᠭ᠎ᠠ ᠬᠥᠮᠦᠵᠢᠯ ᠢ ᠴᠢᠩᠭᠠᠳᠬᠠᠨ ᠤᠯᠠᠨ ᠲᠦᠮᠡᠨ ᠤ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠬᠠᠮᠠᠭᠠᠯᠠᠬᠤ ᠤᠬᠠᠮᠰᠠᠷ ᠪᠣᠯᠤᠨ ᠴᠢᠳᠠᠪᠤᠷᠢ ᠶᠢ ᠨᠡᠮᠡᠭᠳᠡᠭᠦᠯᠵᠦ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠪᠣᠭᠤᠮᠲᠠ ᠰᠢᠪᠲᠤᠯᠬᠤ ᠬᠠᠮᠳᠤ ᠶᠢᠨ ᠬᠦᠴᠦᠨ ᠢ ᠪᠦᠷᠢᠯᠳᠦᠭᠦᠯᠬᠦ ᠬᠡᠷᠡᠭᠲᠡᠢ ᠭᠡᠵᠡᠢ᠃
     ᠠᠮᠢᠲᠠᠨ ᠤ ᠡᠪᠡᠳᠴᠢᠨ ᠬᠢᠵᠢᠭ ᠢ ᠰᠡᠷᠭᠡᠶᠢᠯᠡᠨ ᠡᠵᠡᠮᠳᠡᠬᠦ ᠲᠥᠪ ᠲᠤ ᠡᠷᠳᠡᠨᠢᠪᠢᠯᠢᠭ ᠴᠢᠬᠤᠯᠠᠴᠢᠯᠠᠭᠰᠠᠨ ᠨᠢ᠂ ᠣᠳᠣᠬᠠᠨ ᠳᠤ ᠪᠥᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠢᠯᠠᠩᠭᠤᠶ᠎ᠠ ᠮᠠᠯ ᠠᠵᠤ ᠠᠬᠤᠶ  ᠶᠢᠨ ᠠᠵᠢᠯ ᠶᠠᠭ ᠴᠢᠨᠠᠷ ᠰᠠᠶᠢᠲᠠᠶ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯᠳᠤ ᠬᠤᠭᠤᠴᠠᠭᠠᠨ  ᠳᠤ ᠤᠷᠤᠵᠤ ᠪᠠᠶᠢᠭ᠎ᠠ ᠪᠣᠯᠬᠤᠷ ᠡᠷᠬᠡᠪᠰᠢ ᠡᠨᠡ ᠬᠦ ᠠᠵᠠ ᠲᠣᠬᠢᠶᠠᠯ ᠢ ᠠᠳᠬᠤᠵᠤ ᠪᠥᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠢ ᠳᠠᠬᠢᠨ ᠰᠢᠨ᠎ᠡ ᠳᠡᠭᠲᠡᠷ ᠲᠤ ᠭᠠᠷᠭᠠᠬᠤ ᠬᠡᠷᠡᠭᠲᠡᠶ᠃ ᠬᠤᠯᠤᠭᠠᠨ᠎ᠠ ᠶᠢᠨ ᠬᠢᠵᠢᠭ᠂ ᠠᠹᠷᠢᠺᠠ ᠲᠢᠪ ᠤᠨ ᠭᠠᠭ᠋ᠠᠶ ᠶᠢᠨ ᠬᠢᠵᠢᠭ ᠵᠡᠷᠭᠡ ᠠᠮᠢᠲᠠᠨ ᠤ ᠬᠦᠨᠳᠦ ᠶᠡᠭᠡ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠪᠣᠯ ᠨᠡᠶᠢᠭᠡᠮ ᠤᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠥᠪᠰᠢᠨ ᠤ ᠠᠵᠢᠯ ᠤᠨ ᠴᠢᠬᠤᠯᠠ ᠪᠦᠷᠢᠯᠳᠦᠬᠦᠨ ᠬᠡᠰᠡᠭ᠂ ᠠᠷᠠᠳ ᠤᠨ ᠠᠮᠢᠳᠤᠷᠠᠯ ᠢ ᠲᠣᠭᠲᠠᠭᠤᠨ ᠪᠠᠶᠢᠯᠭᠠᠬᠤ ᠶᠢᠨ ᠭᠤᠤᠯ ᠠᠷᠭ᠎ᠠ ᠬᠡᠮᠵᠢᠶ᠎ᠡ᠂ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠶ ᠶᠢᠨ ᠪᠦᠬᠦ ᠲᠠᠯ᠎ᠠ ᠶᠢᠨ᠂  ᠵᠤᠭᠢᠴᠠᠩᠭᠤᠢ᠂ ᠡᠷᠡᠭᠦᠯ  ᠢᠶᠠᠷ ᠦᠷᠭᠦᠯᠵᠢᠯᠡᠨ ᠬᠥᠭᠵᠢᠬᠦ ᠶᠢ ᠠᠬᠢᠭᠤᠯᠬᠤ ᠶᠢᠨ ᠰᠠᠭᠤᠷᠢ ᠴᠢᠨᠠᠷᠲᠠᠶ ᠠᠵᠢᠯ ᠮᠥᠨ᠃ ᠠᠮᠢᠲᠠᠨ ᠤ ᠬᠦᠨᠳᠦ ᠶᠡᠭᠡ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠠᠳᠬᠤᠬᠤ ᠨᠢ ᠪᠥᠭᠦ ᠬᠤᠰᠢᠭᠤᠨ ᠤ ᠲᠠᠵᠢᠭᠡᠪᠤᠷᠢ  ᠶᠢᠨ ᠦᠢᠯᠡᠰ ᠤᠨ ᠦᠷᠭᠦᠯᠵᠢᠯᠡᠨ ᠡᠷᠡᠭᠦᠯ ᠢᠶᠠᠷ ᠴᠢᠨᠠᠷ ᠰᠠᠶᠢᠳᠠᠢ ᠬᠥᠭᠵᠢᠬᠦ ᠲᠠᠢ ᠬᠤᠯᠪᠣᠭᠳᠠᠵᠤ ᠠᠷᠠᠳ ᠣᠯᠠᠨ ᠤ ᠡᠷᠡᠭᠦᠯ ᠮᠡᠨᠳᠦ ᠪᠣᠯᠤᠨ ᠠᠮᠤᠷ ᠲᠦᠪᠰᠢᠨ ᠲᠠᠢ ᠬᠤᠯᠪᠣᠭᠳᠠᠬᠤ ᠶᠤᠮ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠥᠩᠭᠡᠷᠡᠭᠰᠡᠨ ᠲᠠᠢ ᠪᠠᠨ ᠠᠳᠠᠯᠢ ᠪᠠᠷ ᠡᠨᠡ ᠬᠦ ᠠᠵᠢᠯ ᠢ ᠰᠠᠶᠢᠲᠤᠷ ᠬᠢᠵᠦ ᠮᠠᠨ ᠤ ᠬᠤᠰᠢᠭᠤᠨ ᠤ ᠮᠠᠯ ᠠᠵᠤ ᠠᠬᠤᠶ ᠶᠢᠨ ᠦᠶᠯᠡᠳᠪᠦᠷᠢᠯᠡᠯ ᠤᠨ ᠠᠮᠤᠷ ᠲᠦᠪᠰᠢᠨ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠴᠢᠨᠠᠷ ᠰᠠᠶᠢᠲᠠᠶ ᠬᠥᠭᠵᠢᠯᠲᠡ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠠᠮᠢ ᠠᠬᠤᠶ ᠣᠷᠴᠢᠨ ᠲᠣᠭᠤᠷᠢᠨ ᠤ ᠠᠮᠤᠷ ᠲᠦᠪᠰᠢᠨ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠡᠶ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号