2 ᠰᠠᠷ᠎ᠠ ᠶᠢᠨ 14 ᠤ ᠡᠳᠦᠷ᠂ ᠬᠤᠰᠢᠭᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠬᠤᠷᠠᠯ | ᠬᠤᠰᠢᠭᠤ ᠵᠠᠰᠠᠭ ᠵᠠᠬᠢᠷᠭᠠᠨ ᠤ ᠦᠶᠯᠡᠴᠢᠯᠡᠭᠡᠨ ᠤ ᠲᠥᠪ ᠲᠤ ᠬᠤᠷᠠᠯᠳᠤᠪᠠ᠃ ᠬᠤᠰᠢᠭᠤ ᠨᠠᠮ ᠤᠨ ᠬᠤᠷᠢᠶᠠᠨ ᠤ | ᠳᠡᠳ᠋ ᠱᠦᠵᠢ᠂ ᠬᠤᠰᠢᠭᠤ ᠳᠠᠷᠤᠭ᠎ᠠ ᠵᠣᠣ ᠹᠸᠢ ᠯᠦ ᠬᠤᠷᠠᠯ ᠢ ᠡᠷᠭᠢᠯᠡᠵᠦ ᠬᠤᠰᠢᠭᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ ᠵᠠᠩ ᡁᠢ ᠰᠢᠦ᠋ᠩ᠂ ᠯᠢ ᠵᠥᠩ ᠯᠢᠨ᠂ ᠬᠤᠰᠢᠭᠤ | ᠤᠳᠤᠷᠢᠳᠤᠯᠭ᠎ᠠ ᠭᠤᠤ ᠬᠤ᠋᠂ ᠪᠠᠶᠠᠨᠴᠡᠩᠭᠡᠯ᠂ ᠪᠠᠶᠠᠨᠴᠢᠮᠡᠭ ᠪᠣᠯᠤᠨ ᠡᠯ᠎ᠡ ᠠᠵᠤ ᠠᠬᠤᠶ ᠶᠢᠨ ᠨᠡᠭᠡᠭᠡᠯᠲᠡ ᠶᠢᠨ | ᠲᠤᠭᠤᠷᠢᠭ ︵ᠬᠦᠷᠢᠶᠡᠯᠡᠩ ᠲᠣᠭᠤᠷᠢᠭ︶᠂ ᠰᠤᠮᠤ ᠪᠠᠯᠭᠠᠰᠤ ᠵᠢᠴᠢ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ | ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ | | | | | | | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ | ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠶᠡᠷᠦᠩᠬᠡᠢ ᠰᠠᠶᠢᠳ ᠯᠢ ᠺᠧ ᠴᠢᠶᠠᠩ ᠤᠨ ᠬᠢᠵᠢᠭ | ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠠᠳᠬᠤᠬᠤ ᠶᠢᠨ ᠬᠠᠮᠲᠤ ᠠᠵᠤ ᠠᠬᠤᠢ ᠶᠢᠨ ᠡᠷᠭᠢᠯᠳᠠ | ᠶᠢᠨ ᠲᠤᠬᠢᠷᠠᠭᠤᠯᠤᠯᠳᠠ ᠶᠢ ᠴᠢᠩᠭᠠᠳᠬᠠᠨ ᠬᠠᠩᠭᠠᠯᠭ᠎ᠠ ᠶᠢ ᠨᠡᠩ ᠰᠠᠶᠢᠲᠤᠷ ᠪᠠᠲᠤᠯᠠᠬᠤ ᠲᠤᠬᠠᠢ ᠵᠢᠭᠠᠪᠤᠷᠢ ᠶᠢᠨ | ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠪᠠ᠃ | ᠵᠣᠣ ᠹᠸᠢ ᠯᠦ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠳᠡᠭᠡᠳᠦ ᠱᠠᠲᠤᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠶ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ ᠦᠵᠡᠯ ᠰᠠᠨᠠᠭ᠎ᠠ ᠪᠣᠯᠤᠨ ᠦᠢᠯᠡ | ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ | ᠨᠢᠭᠡᠳᠭᠡᠨ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠᠨ ᠨᠡᠮᠡᠭᠳᠡᠭᠦᠯᠥᠨ ᠠᠵᠢᠯ ᠤᠨ ᠨᠢᠭᠡᠳᠦᠯᠲᠡᠶ | ᠲᠥᠯᠥᠪᠵᠢᠭᠦᠯᠭᠡ ᠶᠢ ᠴᠢᠩᠭᠠᠳᠬᠠᠵᠤ ᠨᠠᠷᠢᠯᠢᠭ ᠪᠣᠳᠠᠲᠠᠶ ᠶᠢ ᠡᠷᠬᠢᠮᠯᠡᠬᠦ ᠠᠵᠢᠯ ᠤᠨ ᠰᠤᠷᠲᠠᠯ ᠢᠶᠠᠷ ᠪᠥᠬᠦ ᠬᠤᠰᠢᠭᠤᠨ | ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠨᠡᠨ ᠬᠦ ᠰᠠᠶᠢᠲᠤᠷ ᠠᠳᠬᠤᠵᠤ ᠬᠢᠵᠢᠭ ᠤᠨ ᠪᠠᠶᠢᠳᠠᠯ | ᠢ ᠰᠡᠷᠭᠡᠶᠢᠯᠡᠨ ᠡᠵᠡᠮᠳᠡᠬᠦ ᠬᠤᠷᠢᠭᠯᠯᠠᠲᠠ ᠶᠢᠨ ᠳᠠᠶᠢᠯᠠᠯᠳᠤᠭᠠᠨ ᠳᠤ ᠡᠷᠡᠰ ᠢᠯᠠᠯᠲᠠ ᠤᠯᠬᠤ ᠬᠡᠷᠡᠭᠲᠡᠶ ᠭᠡᠵᠡᠶ᠃ | | | | | | | ᠣᠶᠢᠷ᠎ᠠ ᠶᠢᠨ ᠬᠤᠭᠤᠴᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠠᠭᠦ ᠢᠯᠠᠩᠭᠤᠶ᠎ᠠ ᠠᠵᠤ | ᠠᠬᠤᠶᠢᠯᠠᠯ ᠤᠨ ᠠᠵᠢᠯ ᠢᠶᠠᠨ ᠰᠡᠷᠭᠦᠭᠡᠵᠦ ᠠᠵᠢᠯ ᠤᠨ ᠪᠠᠶᠢᠷᠢ ᠳᠠᠭᠠᠨ ᠪᠤᠴᠠᠬᠤ ᠠᠵᠢᠯ ᠢ ᠰᠠᠶᠢᠲᠤᠷ ᠬᠢᠬᠦ ᠲᠤᠬᠠᠶ | ᠵᠤᠤ ᠹᠸᠢ ᠯᠦ ᠱᠠᠭᠠᠷᠳᠠᠭᠰᠠᠨ ᠨᠢ᠂ ᠪᠠᠶᠢᠴᠠᠭᠠᠬᠤ ᠴᠡᠭ ᠤᠨ ᠬᠠᠮᠢᠶᠠᠷᠤᠨ ᠡᠵᠡᠮᠳᠡᠬᠦ ᠶᠠᠪᠤᠴᠠ ᠶᠢ ᠴᠢᠩᠭ᠎ᠠ | ᠪᠠᠶᠢᠯᠭᠠᠵᠤ ᠲᠡᠷᠭᠡ ᠮᠠᠰᠢᠨ ᠢ ᠳᠠᠩᠰᠠᠯᠠᠬᠤ ᠪᠡᠶ᠎ᠡ ᠶᠢᠨ ᠳᠤᠯᠠᠭᠠᠨ ᠢ ᠬᠡᠮᠵᠢᠬᠦ ᠪᠠ ᠭᠠᠳᠠᠨ᠎ᠠ ᠮᠤᠵᠢ ᠠᠴᠠ ᠢᠷᠡᠭᠰᠠᠨ | ᠭᠥᠮᠤᠰ ᠤᠨ ᠬᠠᠮᠢᠶᠠᠷᠤᠯᠲᠠ ᠶᠢ ᠰᠠᠶᠢᠨ ᠬᠢᠬᠦ ᠬᠡᠷᠡᠭᠲᠡᠶ᠃ ᠨᠡᠶᠢᠭᠡᠮ ᠲᠣᠭᠤᠷᠢᠭ᠂ ᠰᠠᠭᠤᠭᠠᠯᠢ ᠠᠷᠠᠳ ᠤᠨ | ᠲᠣᠭᠤᠷᠢᠭ ᠵᠢᠴᠢ ᠪᠠᠶᠢᠰᠢᠩ ᠭᠡᠷᠳᠤ ᠲᠣᠭᠤᠷᠢᠭ ᠤᠨ ᠬᠠᠮᠢᠶᠠᠷᠤᠯᠲᠠ ᠶᠢ ᠤᠯᠠᠮ ᠴᠢᠩᠭᠠᠳᠬᠠᠵᠤ ᠬᠥᠮᠦᠰ ᠤᠨ | ᠰᠢᠯᠵᠢᠯᠲᠡ ᠶᠢ ᠪᠠᠭᠠᠰᠬᠠᠨ ᠬᠢᠵᠢᠭ ᠳᠡᠯᠭᠡᠷᠡᠬᠦ ᠵᠠᠮ ᠢ ᠪᠢᠲᠡᠭᠦᠮᠵᠢᠯᠡᠬᠦ ᠬᠡᠷᠡᠭᠲᠡᠶ᠃ ᠠᠵᠤ ᠠᠬᠤᠶᠢᠯᠠᠯ ᠤᠨ | ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠤᠰᠤᠭᠠᠷ ᠠᠵᠢᠯ ᠢᠶᠠᠨ ᠡᠬᠢᠯᠡᠭᠦᠯᠬᠦ ᠪᠠ ᠰᠡᠷᠭᠦᠭᠡᠬᠦ ᠶᠢ ᠱᠠᠭᠠᠷᠳᠠᠨ | ᠲᠤᠰᠠᠭᠠᠷᠯᠠᠬᠤ ᠠᠷᠭ᠎ᠠ ᠬᠡᠮᠵᠢᠶ᠎ᠡ ᠪᠠ ᠬᠠᠮᠢᠶᠠᠷᠤᠯᠲᠠ ᠶᠢ ᠴᠢᠩᠭ᠎ᠠ ᠨᠠᠶᠢᠳᠠᠪᠤᠷᠢᠵᠢᠭᠤᠯᠵᠤ ᠠᠯᠢ ᠲᠦᠷᠭᠡᠨ ᠢᠶᠠᠷ ᠦᠷ᠎ᠡ | ᠪᠦᠲᠦᠮᠵᠢ ᠤᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠶᠢᠨ ᠬᠥᠭᠵᠢᠯᠲᠡ ᠶᠢᠨ ᠬᠤᠶᠠᠷ | ᠲᠠᠯ᠎ᠠ ᠶᠢ ᠠᠳᠬᠤᠬᠤ᠂ ᠬᠤᠶᠠᠷ ᠢ ᠰᠠᠭᠠᠲᠠᠭᠠᠬᠤ ᠦᠭᠡᠢ ᠪᠠᠶᠢᠬᠤ ᠶᠢ ᠪᠡᠶᠡᠯᠡᠭᠦᠯᠬᠦ ᠬᠡᠷᠡᠭᠲᠡᠶ᠃ ᠬᠢᠵᠢᠭ ᠤᠨ ᠪᠠᠶᠢᠳᠠᠯ | ᠢ ᠰᠡᠷᠭᠡᠶᠢᠯᠡᠨ ᠡᠵᠡᠮᠳᠠᠭᠦ ᠠᠵᠢᠯ ᠤᠨ ᠪᠦᠬᠦᠯᠢ ᠴᠣᠭᠴᠠ ᠶᠢᠨ ᠪᠠᠶᠢᠳᠠᠯ ᠪᠣᠯᠤᠨ ᠠᠷᠠᠳ ᠣᠯᠠᠨ ᠤ ᠠᠮᠢᠳᠤᠷᠠᠯ ᠤᠨ | ᠬᠡᠷᠡᠭᠴᠡᠭᠡ ᠶᠢ ᠦᠨᠳᠦᠰᠦᠯᠡᠨ ᠭᠤᠷᠪᠠᠳᠤᠭᠠᠷ ᠠᠵᠤ ᠦᠶᠯᠡᠰ ᠤᠨ ᠦᠶᠯᠡᠴᠢᠯᠡᠭᠡᠨ ᠤ ᠦᠶᠯᠡᠰ ᠢ ᠡᠮᠬᠢ ᠵᠢᠷᠤᠮ ᠲᠠᠢ᠂ | ᠲᠥᠷᠥᠯ ᠬᠤᠪᠢᠶᠠᠵᠤ ᠠᠯᠬᠤᠮ ᠬᠤᠪᠢᠶᠠᠨ ᠰᠡᠷᠭᠦᠭᠡᠬᠦ ᠬᠡᠷᠡᠭᠲᠡᠶ ᠭᠡᠵᠡᠢ᠃ | ᠣᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠤᠨ ᠲᠤᠬᠠᠶ ᠵᠣᠣ ᠹᠸᠢ ᠯᠤ᠋ ᠴᠢᠬᠤᠯᠠᠴᠢᠯᠠᠭᠰᠠᠨ | ᠨᠢ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ | ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢᠨ ᠲᠥᠷᠥᠯ ᠵᠦᠶᠯ ᠤᠨ ᠭᠠᠷᠳᠠᠮ ᠭᠥᠢᠴᠠᠳᠭᠡᠭᠦ ᠠᠵᠢᠯ ᠢ | ᠰᠠᠶᠢᠲᠤᠷ ᠬᠢᠬᠦ ᠬᠡᠷᠡᠭᠲᠡᠶ᠃ ᠮᠠᠯᠴᠢᠨ ᠲᠠᠷᠢᠶᠠᠴᠢᠳ ᠢ ᠬᠠᠪᠰᠤᠷᠤᠨ ᠡᠷᠳᠡᠨᠢ ᠰᠢᠰᠢ ᠪᠤᠷᠤᠯᠠᠭᠤᠯᠤᠨ ᠲᠠᠷᠢᠶᠠᠯᠠᠩ ᠤᠨ | ᠦᠶᠯᠡᠳᠪᠦᠷᠢᠯᠡᠯ ᠤᠨ ᠪᠥᠳᠥᠭᠡᠭᠳᠡᠭᠦᠨ ᠢ ᠵᠥᠭᠡᠭᠡᠪᠤᠷᠢᠯᠠᠭᠦ ᠠᠵᠢᠯ ᠢ ᠭᠢᠵᠤ ᠬᠠᠪᠤᠷ ᠤᠨ ᠲᠠᠷᠢᠶᠠᠯᠠᠭ᠎ᠠ ᠶᠢᠨ ᠬᠡᠪ ᠤᠨ | ᠶᠣᠰᠣᠭᠠᠷ ᠶᠠᠪᠤᠭᠳᠠᠬᠤ ᠶᠢ ᠪᠠᠲᠤᠯᠠᠬᠤ ᠬᠡᠷᠡᠭᠲᠡᠶ᠃ ᠭᠤᠤᠯᠳᠠᠯᠭ᠎ᠠ ᠲᠠᠢ ᠲᠥᠷᠥᠯ ᠵᠦᠶᠯ ᠢ ᠲᠥᠷᠥᠯ ᠬᠤᠪᠢᠶᠠᠨ | ᠬᠠᠮᠢᠶᠠᠷᠬᠤ ᠶᠢ ᠪᠠᠷᠢᠮᠲᠠᠯᠠᠵᠤ ᠠᠵᠢᠯ ᠡᠬᠢᠯᠡᠭᠦᠯᠬᠦ ᠨᠥᠬᠦᠴᠡᠯ ᠢ ᠪᠦᠷᠢᠯᠳᠦᠭᠦᠯᠦᠭᠰᠡᠨ ᠢ ᠨᠢ ᠱᠠᠯᠠᠪᠳᠠᠨ ᠡᠬᠢᠯᠡᠭᠦᠯᠵᠦ | ᠨᠥᠬᠦᠴᠡᠯ ᠪᠦᠷᠢᠯᠳᠦᠭᠡᠳᠦᠶ ᠶᠢ ᠨᠢ ᠡᠮᠤᠨᠡᠭᠢ ᠬᠤᠭᠤᠴᠠᠭᠠᠨ ᠤ ᠠᠵᠢᠯ ᠢ ᠰᠠᠶᠢᠲᠤᠷ ᠬᠢᠬᠦ ᠶᠢ ᠱᠠᠭᠠᠷᠳᠠᠬᠤ ᠬᠡᠷᠡᠭᠲᠡᠶ᠃ | ᠠᠵᠤ ᠠᠬᠤᠶᠢᠯᠠᠯ ᠤᠨ ᠰᠢᠨᠵᠢᠯᠡᠬᠦ ᠤᠬᠠᠭᠠᠨᠴᠢ ᠲᠥᠷᠢᠮᠵᠢᠯ ᠲᠠᠢ ᠲᠥᠰᠦᠯ ᠪᠣᠯᠤᠨ ᠪᠠᠴᠢᠮ ᠪᠠᠶᠢᠳᠠᠯ ᠢ | ᠰᠢᠢᠳᠪᠦᠷᠢᠯᠡᠬᠦ ᠲᠥᠰᠦᠯ ᠲᠤᠭᠳᠠᠭᠠᠬᠤ ᠶᠢ ᠱᠠᠭᠠᠷᠳᠠᠨ ᠲᠦᠭᠰᠢᠭᠦᠷᠢ ᠶᠢᠨ ᠳᠠᠯᠳᠠ ᠭᠡᠮ ᠢ ᠪᠦᠬᠦ ᠲᠠᠯ᠎ᠠ ᠪᠠᠷ | ᠪᠠᠶᠢᠴᠠᠭᠠᠨ ᠲᠦᠭᠰᠢᠭᠦᠷᠢ ᠶᠢ ᠰᠡᠷᠭᠡᠶᠢᠯᠡᠨ ᠡᠵᠡᠮᠳᠠᠭᠦ ᠮᠡᠷᠭᠡᠵᠢᠯ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠠᠶᠤᠯᠭᠦᠢ | ᠥᠢᠯᠠᠳᠪᠤᠷᠢᠯᠠᠯ ᠢ ᠪᠠᠳᠣᠯᠠᠬᠤ ᠬᠡᠷᠡᠭᠲᠡᠶ ᠭᠡᠵᠡᠢ᠃ |