ᠰᠢᠨᠬᠤᠸᠠ ᠬᠤᠷᠢᠶᠠᠨ ᠤ ᠪᠡᠭᠡᠵᠢᠩ ᠤᠨ 2 ᠰᠠᠷ᠎ᠡ ᠶᠢᠨ 19 ᠤ ᠴᠠᠬᠢᠯᠭᠠᠨ ᠮᠡᠳᠡᠭᠡ ᠨᠠᠮ ᠤᠨ ᠲᠦᠪ | ᠬᠤᠷᠢᠶᠠᠨ ᠤ ᠶᠡᠷᠤᠩᠭᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ | ᠲᠡᠷᠢᠬᠦᠯᠡᠭᠴᠢ ᠰᠢ ᠶᠢᠨ ᠫᠢᠩ ᠤᠢᠢᠷ᠎ᠡ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠤᠷᠤᠯᠴᠠᠵᠤ | ᠪᠠᠶᠢᠭ᠎ᠠ ᠡᠮᠨᠡᠯᠭᠡ ᠶᠢᠨ ᠠᠵᠢᠯᠳᠠᠳ ᠢ ᠬᠠᠯᠠᠮᠵᠢᠯᠠᠵᠤ ᠬᠠᠶᠢᠷᠠᠯᠠᠬᠤ ᠲᠤᠬᠠᠢ ᠲᠤᠰᠬᠠᠢᠢᠯᠠᠨ ᠴᠢᠬᠤᠯᠠ ᠵᠢᠭᠠᠪᠤᠷᠢ | ᠦᠭᠴᠤ᠂ ᠡᠮᠨᠡᠯᠭᠡ ᠶᠢᠨ ᠠᠵᠢᠯᠳᠠᠳ ᠪᠤᠯ ᠬᠢᠵᠢᠭ ᠤᠨ ᠪᠠᠶᠢᠳᠠᠯ ᠢ ᠲᠠᠶᠢᠯᠠᠨ ᠢᠯᠠᠬᠤ ᠲᠤᠯᠭᠠᠭᠤᠷᠢ ᠬᠦᠴᠤᠨ ᠮᠦᠨ᠂ | ᠲᠡᠳᠡᠨ ᠢ ᠬᠠᠮᠠᠭᠠᠯᠠᠵᠤ᠂ ᠬᠠᠯᠠᠮᠵᠢᠯᠠᠵᠤ᠂ ᠬᠠᠶᠢᠷᠠᠯᠠᠬᠤ ᠶᠢ ᠡᠷᠬᠡᠪᠰᠢ ᠲᠡᠭᠡᠳᠤ ᠬᠡᠮᠵᠢᠶ᠎ᠡ ᠪᠠᠷ ᠴᠢᠬᠤᠯᠠᠴᠢᠯᠠᠵᠤ᠂ ᠡᠯ᠎ᠡ | ᠲᠡᠯ᠎ᠡ ᠠᠴᠠ ᠲᠡᠮᠵᠢᠯᠭᠡ ᠪᠠᠳᠤᠯᠠᠭ᠎ᠠ ᠬᠠᠨᠭ᠍ᠭᠠᠨ᠂ ᠲᠡᠳᠡᠨ ᠢ ᠢᠮᠠᠭᠳᠠ ᠬᠦᠴᠤᠷᠭᠡᠭ ᠶᠡᠭᠡ ᠪᠠᠶᠢᠯᠳᠤᠬᠤ ᠬᠦᠴᠤᠨ᠂ | ᠤᠷᠬᠢᠯᠤᠮ᠎ᠡ ᠬᠠᠯᠠᠭᠤᠨ ᠲᠡᠮᠡᠴᠡᠯ ᠤᠨ ᠵᠤᠷᠢᠭ᠂ ᠴᠤᠭ ᠪᠠᠳᠠᠷᠠᠩᠭᠤᠢ ᠰᠦᠷ ᠰᠦᠯᠳᠠ ᠲᠠᠢ ᠪᠠᠶᠢᠯᠭᠠᠵᠤ᠂ | ᠦᠷᠬᠦᠯᠵᠢᠯᠡᠨ ᠡᠷᠡᠬᠦᠯ ᠮᠡᠨᠳᠤ ᠪᠠᠷ ᠬᠢᠵᠢᠭ ᠤᠨ ᠪᠠᠶᠢᠳᠠᠯ ᠢ ᠲᠠᠶᠢᠯᠠᠨ ᠢᠯᠠᠬᠤ ᠲᠠᠮᠠᠴᠡᠯ ᠳᠤ ᠤᠷᠤᠯᠴᠠᠬᠤ ᠶᠢ | ᠪᠠᠳᠤᠯᠠᠬᠤ ᠭᠡᠷᠡᠭᠳᠠᠢ ᠭᠡᠵᠤ ᠴᠢᠬᠤᠯᠠᠴᠢᠯᠠᠪᠠ᠃ | ᠰᠢ ᠶᠢᠨ ᠫᠢᠩ᠂ ᠵᠢᠯᠤᠭᠤᠳᠤᠨ ᠵᠤᠬᠢᠴᠠᠭᠤᠯᠬᠤ ᠪᠠ ᠠᠷᠤ ᠲᠠᠯ᠎ᠡ ᠶᠢᠨ ᠦᠢᠯᠡᠴᠢᠯᠡᠭᠡᠨ ᠤ ᠪᠠᠳᠤᠯᠠᠭ᠎ᠠ ᠪᠠᠨ | ᠰᠢᠨᠵᠢᠯᠡᠬᠦ ᠤᠬᠠᠭᠠᠨᠴᠢ ᠪᠠᠷ ᠪᠤᠳᠠᠳᠠᠶᠢᠵᠢᠭᠤᠯᠵᠤ᠂ ᠡᠮᠨᠡᠯᠭᠡ ᠶᠢᠨ ᠠᠵᠢᠯᠳᠠᠳ ᠤᠨ ᠲᠠᠷᠤᠯᠳᠠ ᠶᠢ ᠬᠦᠩᠭᠡᠷᠡᠭᠦᠯᠬᠦ᠂ | ᠠᠮᠢᠳᠤᠷᠠᠯ ᠢ ᠨᠢ ᠪᠠᠳᠤᠯᠠᠬᠤ᠂ ᠴᠢᠬᠤᠯᠠ ᠪᠦᠬᠦᠢ ᠠᠮᠠᠷᠠᠭᠤᠯᠤᠨ ᠴᠡᠭᠴᠡᠯᠡᠬᠦ ᠴᠠᠭ ᠤᠯᠭᠤᠬᠤ᠂ ᠤᠶᠤᠨ ᠰᠠᠨᠠᠭᠠᠨ ᠤ | ᠵᠤᠷᠢᠬᠵᠢᠭᠤᠯᠤᠯ ᠦᠭᠬᠦ ᠶᠢ ᠡᠷᠬᠡᠪᠰᠢ ᠴᠠᠭ ᠲᠤᠬᠠᠢ ᠳᠤᠨᠢ ᠴᠢᠩᠭᠠᠳᠬᠠᠨ ᠨᠠᠶᠢᠳᠠᠪᠤᠷᠢᠵᠢᠭᠤᠯᠵᠤ᠂ ᠬᠤᠪᠸᠢ ︵ | ᠦᠬᠠᠨ︶ ᠳᠤ ᠪᠠᠶᠢᠭ᠎ᠠ ᠡᠮᠴᠢᠯᠡᠭᠡᠨ ᠤ ᠠᠩᠭᠢ ᠶᠢᠨ ᠠᠮᠤᠷ ᠲᠦᠪᠰᠢᠨ ᠡᠮᠬᠢ ᠵᠢᠷᠤᠮ ᠲᠠᠢ᠂ ᠨᠢᠭᠡᠳᠦᠯᠳᠠᠢ | ᠲᠦᠯᠦᠪᠵᠢᠬᠦᠯᠤᠨ ᠵᠤᠬᠢᠴᠠᠭᠤᠯᠬᠤ᠂ ᠡᠷᠴᠢᠮᠳᠠᠢ ᠪᠦᠭᠡᠳ ᠪᠦᠳᠦᠮᠵᠢᠳᠠᠢ᠂ ᠴᠠᠭ ᠲᠤᠬᠠᠢ ᠳᠤᠨᠢ ᠳᠠᠷᠤᠢ ᠲᠦᠷᠭᠡᠨ | ᠠᠵᠢᠯ ᠢᠶᠠᠨ ᠦᠷᠨᠢᠬᠦᠯᠬᠦ ᠶᠢ ᠨᠢ ᠡᠷᠬᠡᠪᠰᠢ ᠪᠠᠳᠤᠯᠬᠠᠤ ᠭᠡᠷᠡᠭᠳᠠᠢ ᠭᠡᠵᠤ ᠴᠢᠬᠤᠯᠠᠴᠢᠯᠠᠪᠠ᠃ | ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠭᠠᠷᠤᠬᠰᠡᠨ ᠠᠴᠠ ᠨᠠᠭᠠᠰᠢ᠂ ᠦᠷᠭᠡᠨ | ᠤᠯᠠᠨ ᠡᠮᠨᠡᠯᠭᠡ ᠶᠢᠨ ᠠᠵᠢᠯᠳᠡᠨ ᠡᠳᠦᠷ ᠰᠦᠨᠢ ᠦᠭᠡᠢ ᠦᠷᠬᠦᠯᠵᠢᠯᠡᠨ ᠲᠡᠮᠡᠴᠡᠵᠦ᠂ ᠵᠠᠷᠢᠮ ᠡᠮᠨᠡᠯᠭᠡ ᠶᠢᠨ ᠠᠵᠢᠯᠳᠠᠨ | ᠵᠤᠯ ᠪᠤᠰᠤ ᠪᠠᠷ ᠸᠢᠷᠦ᠋ᠰ ᠲᠤ ᠬᠠᠯᠳᠠᠪᠤᠷᠢᠯᠠᠬᠳᠠᠨ᠂ ᠵᠠᠷᠢᠮ ᠨᠢ ᠴᠢᠨᠠᠬᠰᠢᠯᠠᠨ ᠠᠮᠢ ᠨᠠᠰᠤ ᠪᠠᠨ ᠵᠤᠷᠢᠭᠤᠯᠵᠤ᠂ ᠡᠮᠴᠢ | ᠬᠦᠮᠦᠨ ᠤ ᠡᠨᠡᠷᠢᠩᠬᠦᠢ ᠡᠷᠬᠢᠮ ᠲᠡᠭᠡᠳᠤ ᠵᠤᠷᠢᠭ ᠰᠠᠨᠠᠭ᠎ᠠ ᠶᠢ ᠬᠠᠷᠠᠭᠤᠯᠪᠠ᠃ ᠰᠢ ᠶᠢᠨ ᠫᠢᠩ ᠤᠯᠠᠨ ᠤᠳᠠᠭ᠎ᠠ | ᠬᠤᠷᠠᠯ ᠬᠤᠷᠠᠯᠳᠤᠭᠤᠯᠵᠤ᠂ ᠴᠢᠬᠤᠯᠠ ᠶᠠᠷᠢᠶ᠎ᠡ ᠲᠠᠯᠪᠢᠨ ᠴᠢᠬᠤᠯᠠ ᠵᠢᠭᠠᠪᠤᠷᠢ ᠦᠭᠴᠤ᠂ ᠪᠦᠬᠦ ᠤᠯᠤᠰ ᠢᠯᠠᠩᠭᠤᠶ᠎ᠡ | ᠬᠤᠪᠸᠢ ᠪᠤᠯᠤᠨ ᠦᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠤᠨ᠎ᠡ ᠹᠷᠤᠨᠲ ᠲᠤ ᠡᠷᠡᠯᠬᠡᠭᠯᠡᠨ | ᠲᠡᠮᠡᠴᠡᠵᠤ ᠪᠠᠶᠢᠭ᠎ᠠ ᠡᠮᠨᠡᠯᠭᠡ ᠶᠢᠨ ᠠᠵᠢᠯᠳᠠᠳ ᠲᠤ ᠨᠠᠮ ᠤᠨ ᠲᠦᠪ ᠬᠤᠷᠢᠶᠠᠨ ᠤ ᠬᠠᠶᠢᠷ᠎ᠠ ᠬᠠᠯᠠᠮᠵᠢᠯᠠᠯ ᠢᠶᠠᠨ | ᠬᠦᠷᠭᠡᠵᠠᠢ᠃ ᠲᠡᠷᠡ ᠪᠡᠭᠡᠵᠢᠩ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠰᠤᠳᠤᠯᠵᠤ | ᠵᠢᠭᠠᠨ ᠵᠢᠯᠤᠭᠤᠳᠬᠤ ᠳᠠᠭᠠᠨ ᠦᠷᠭᠡᠨ ᠤᠯᠠᠨ ᠡᠮᠨᠡᠯᠭᠡ ᠶᠢᠨ ᠠᠵᠢᠯᠳᠠᠨ ᠢ ᠲᠤᠳᠤᠨᠤ ᠪᠠᠷ ᠲᠤᠬᠤᠨᠢᠭᠤᠯᠤᠬᠰᠡᠨ | ᠪᠦᠭᠡᠳ ᠲᠡᠳᠡᠨ ᠢ ᠬᠠᠪᠰᠤᠷᠤᠨ ᠪᠤᠳᠠᠳᠠᠢ ᠬᠦᠴᠢᠷᠳᠡᠯ ᠪᠤᠯᠤᠨ ᠠᠰᠠᠭᠤᠳᠠᠯ ᠢ ᠨᠢ ᠰᠢᠢᠳᠪᠤᠷᠢᠯᠡᠵᠤ ᠦᠭᠬᠦ ᠲᠤᠬᠠᠢ | ᠪᠠᠶᠢᠷᠢᠯᠠᠭᠤᠯᠤᠯᠳᠠ ᠬᠢᠵᠤ ᠱᠠᠭᠠᠷᠳᠠᠯᠭ᠎ᠠ ᠲᠤᠷᠠᠳᠴᠠᠢ᠃ | ᠨᠠᠮ ᠤᠨ ᠲᠦᠪ ᠬᠤᠷᠢᠶᠠᠨ ᠤ ᠪᠠᠶᠢᠷᠢᠯᠠᠭᠤᠯᠤᠯᠳᠠ ᠶᠢ ᠦᠨᠳᠤᠰᠤᠯᠡᠨ᠂ ᠪᠦᠬᠦ ᠤᠯᠤᠰ ᠤᠨ 29 ᠮᠤᠵᠢ | ᠦᠪᠡᠷᠳᠡᠭᠡᠨ ᠵᠠᠰᠠᠬᠤ ᠤᠷᠤᠨ ᠰᠢᠭᠤᠳ ᠬᠠᠷᠢᠶᠠᠳᠤ ᠬᠤᠳᠠ᠂ ᠰᠢᠨᠵᠢᠶᠠᠩ ᠤᠨ ᠦᠢᠯᠡᠳᠪᠤᠷᠢᠯᠡᠯ ᠪᠦᠳᠦᠭᠡᠨ | ᠪᠠᠶᠢᠭᠤᠯᠤᠯᠳᠠ ᠶᠢᠨ ᠪᠢᠡᠭᠲ᠋ᠤᠸᠠᠨ ᠪᠤᠯᠤᠨ ᠴᠡᠷᠢᠭ ᠠᠩᠭᠢ ᠶᠢᠨ ᠰᠢᠰᠲ᠋ᠧᠮ ᠤᠨ ᠬᠢᠨ ᠨᠢᠭᠡᠨᠳᠠ 3 ᠲᠦᠮᠡ ᠭᠠᠷᠤᠢ | ᠡᠮᠨᠡᠯᠭᠡ ᠶᠢᠨ ᠠᠵᠢᠯᠳᠠᠨ ᠲᠤᠮᠢᠯᠠᠵᠤ ᠬᠤᠪᠸᠢ ︵ᠦᠬᠠᠨ︶ ᠶᠢ ᠲᠤᠰᠠᠯᠠᠵᠤ ᠪᠠᠶᠢᠨ᠎ᠠ᠃ |