ᠦᠦᠰᠢᠨᠵᠦᠦ ᠪᠠᠯᠭᠠᠰᠤ ᠮᠠᠯ ᠠᠵᠤ ᠠᠬᠤᠢ ᠶᠢᠨ ᠳᠣᠭᠳᠠᠭᠤᠨ ᠬᠦᠭᠵᠢᠯᠲᠡ ᠶᠢ ᠪᠠᠲᠤᠯᠠᠵᠤ ᠪᠠᠶᠢᠨ᠎ᠠ
ᠨᠡᠶᠢᠲᠡᠯᠡᠭᠰᠡᠨ ᠴᠠᠭ᠄
2020-02-24
     ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠦᠦᠰᠢᠨᠵᠤᠤ ᠪᠠᠯᠭᠠᠰᠤ ᠬᠠᠪᠣᠷ ᠤᠨ ᠳᠥᠯ ᠳᠣᠰᠬᠤ᠂ ᠬᠢᠵᠢᠭ ᠢ ᠰᠡᠷᠭᠡᠶᠢᠯᠡᠵᠣ ᠡᠮᠨᠡᠨ ᠵᠠᠰᠠᠬᠤ ᠵᠡᠷᠭᠡ ᠠᠵᠢᠯ ᠢᠶᠠᠨ ᠯᠠᠪᠳᠠᠭᠤᠨ ᠪᠡᠳᠣᠳᠡᠢ ᠰᠠᠶᠢᠳᠣᠷ ᠦᠷᠨᠢᠬᠦᠯᠦᠨ ᠮᠠᠯ ᠰᠦᠷᠣᠭ᠌ ᠤᠨ ᠮᠡᠨᠳᠦ ᠣᠨᠳᠣᠷᠠᠯᠲᠠ ᠶᠢ ᠪᠠᠳᠣᠯᠠᠨ ᠮᠠᠯ ᠠᠵᠤ ᠠᠬᠤᠢ ᠪᠠᠨ ᠳᠣᠭᠳᠠᠭᠤᠨ ᠢᠶᠠᠷ ᠭᠦᠭᠵᠢᠭᠦᠯᠵᠦ ᠪᠠᠶᠢᠨ᠎ᠠ᠃      ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠦᠦᠰᠢᠨᠵᠤᠤ ᠪᠠᠯᠭᠠᠰᠣ ᠮᠠᠯ ᠡᠮᠨᠡᠯᠭᠡ ᠶᠢᠨ ᠦᠢᠯᠡᠴᠢᠯᠡᠭᠡᠨ ᠤ ᠳᠤᠭᠤᠶᠢᠯᠠᠩ ᠢᠶᠠᠨ ᠵᠣᠬᠢᠶᠠᠨ ᠪᠠᠶᠢᠭᠤᠯᠵᠣ ᠭᠠᠳᠠᠭᠰᠢ ᠲᠤᠲᠤᠭᠰᠢ ᠶᠠᠪᠤᠬᠤ ᠳᠤ ᠳᠦᠭᠦᠮ ᠦᠭᠡᠢ᠂ ᠬᠦᠮᠦᠨ ᠤ ᠬᠦᠴᠦ ᠬᠦᠷᠦᠯᠴᠡᠬᠦ ᠦᠬᠡᠢ ᠮᠠᠯᠴᠢᠨ ᠲᠦᠮᠡᠨ ᠤ ᠭᠡᠷ ᠡᠷᠣᠭᠡ ᠳᠤ ᠬᠦᠨᠵᠡᠭᠡᠶᠢᠷᠡᠨ ᠦᠨ᠎ᠡ ᠲᠦᠯᠦᠪᠦᠷᠢ ᠦᠭᠡᠢ ᠮᠠᠯ ᠡᠮᠨᠡᠯᠭᠡ ᠶᠢᠨ ᠣᠶᠢᠯᠡᠴᠢᠯᠡᠭᠡ ᠬᠠᠩᠭᠠᠯ᠎ᠠ᠃      ᠦᠦᠰᠢᠨᠵᠦᠦ ᠪᠠᠯᠭᠠᠰᠤᠨ ᠤ ᠮᠠᠯ ᠡᠮᠨᠡᠯᠭᠡ ᠶᠢᠨ ᠦᠢᠯᠡᠴᠢᠯᠡᠭᠡᠨ ᠤ ᠳᠤᠭᠤᠶᠢᠯᠠᠩ ᠨᠢ 2018 ᠣᠨ ᠳᠤ ᠪᠠᠶᠢᠭᠤᠯᠣᠭᠳᠠᠨ ᠣᠳᠣᠬᠠᠨ ᠳᠤ ᠠᠷᠪᠠᠨ ᠬᠤᠶᠠᠷ ᠭᠡᠰᠢᠭᠦᠨ ᠲᠠᠢ ᠪᠠᠶᠢᠵᠤ ᠵᠢᠯ ᠳᠤ ᠪᠠᠨ 1200 ᠭᠠᠷᠣᠢ ᠠᠶᠢᠯ ᠤᠳᠠᠭ᠎ᠠ ᠣᠶᠢᠯᠡᠴᠢᠯᠡᠨ 6 ᠳᠦᠮᠡ ᠭᠠᠷᠣᠢ ᠮᠠᠯ ᠢ ᠡᠮᠨᠡᠨ ᠵᠠᠰᠠᠭᠰᠠᠨ ᠪᠠᠶᠢᠨ᠎ᠠ᠃ ᠡᠨᠡ ᠤᠳᠠᠭᠠᠨ ᠤ ᠬᠢᠵᠢᠭ ᠰᠡᠷᠭᠡᠶᠢᠯᠡᠯᠲᠡ ᠶᠢᠨ ᠪᠠᠴᠢᠮ ᠪᠠᠶᠢᠳᠠᠯ ᠳᠤ ᠴᠠᠭᠠᠨ ᠰᠠᠷ᠎ᠠ ᠶᠢᠨ ᠰᠢᠨ᠎ᠡ ᠶᠢᠨ ᠵᠢᠷᠭᠤᠭᠠᠨ ᠠᠴᠠ ᠡᠬᠢᠯᠡᠨ ᠪᠦᠬᠦᠨ ᠢᠶᠠᠷ ᠢᠶᠠᠨ ᠬᠦᠳᠡᠯᠦᠯᠴᠡᠵᠤ ᠮᠠᠯᠴᠢᠳ ᠤᠨ ᠵᠡᠬᠢᠶᠠᠯᠠᠭᠰᠠᠨ ᠮᠠᠯ ᠤᠨ ᠡᠮ ᠢ ᠭᠡᠷ ᠲᠤ ᠨᠢ ᠬᠦᠷᠭᠡᠬᠦ᠂ ᠮᠠᠯ ᠰᠦᠷᠣᠭ᠌ ᠤᠨ ᠡᠯ᠎ᠡ ᠵᠣᠶᠢᠯ ᠤᠨ ᠡᠮᠨᠡᠯᠭᠡ᠂ ᠲᠦᠯᠯᠡᠬᠦ ᠳᠤ ᠬᠦᠴᠢᠷ ᠮᠠᠯ ᠳᠤ ᠮᠡᠰᠡ ᠵᠠᠰᠠᠯ ᠬᠢᠬᠦ ᠵᠡᠷᠭᠡ ᠦᠢᠯᠡᠴᠢᠯᠡᠭᠡ ᠶᠢ ᠦᠨ᠎ᠡ ᠲᠦᠯᠦᠪᠦᠷᠢ ᠦᠭᠡᠢ ᠪᠠᠷ ᠬᠠᠩᠭᠠᠬᠤ ᠶᠢᠨ ᠬᠠᠮᠲᠤ ᠮᠠᠯᠴᠢᠨ ᠲᠦᠮᠡᠨ ᠤ ᠭᠠᠳᠠᠭᠰᠢ ᠲᠤᠳᠤᠭᠰᠢ ᠶᠠᠪᠤᠬᠤ ᠶᠢ ᠪᠠᠭᠠᠰᠬᠠᠵᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠳᠤ ᠬᠤᠪᠢ ᠨᠡᠮᠡᠷᠢ ᠦᠵᠡᠭᠦᠯᠵᠦ ᠴᠢᠳᠠᠭᠰᠠᠨ ᠪᠠᠶᠢᠨ᠎ᠠ᠃    
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号