ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠤᠤ ᠹᠸᠢ ᠯᠦ ᠰᠥᠯᠳᠠ ᠰᠤᠮᠤ᠂ ᠰᠢᠷᠬᠤᠰᠤᠨ ᠪᠠᠯᠭᠠᠰᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠠᠭᠦ ᠠᠵᠢᠯ ᠪᠠ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠪᠠᠶᠢᠴᠠᠭᠠᠵᠤ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2020-02-24
     2 ᠰᠠᠷ᠎ᠠ ᠶᠢᠨ 19 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠤᠤ ᠹᠸᠢ ᠯᠦ ᠵᠢᠴᠢ ᠬᠤᠲᠠ ᠶᠢᠨ ᠳᠠᠭᠠᠭᠠᠴᠢᠯᠠᠨ ᠬᠠᠷᠢᠯᠴᠠᠬᠤ ᠬᠢᠨᠠᠨ ᠵᠢᠯᠣᠭᠤᠳᠬᠤ ᠲᠤᠭᠤᠶᠢᠯᠠᠩ ᠤᠨ ᠬᠢᠨ ᠰᠦᠯᠳᠡ ᠰᠤᠮᠤ ᠪᠣᠯᠤᠨ ᠰᠢᠷᠬᠤᠰᠤᠨ ᠪᠠᠯᠭᠠᠰᠤᠨ ᠳᠤ ᠬᠦᠷᠴᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠠᠭᠦ ᠠᠵᠢᠯ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠪᠠᠶᠢᠴᠠᠭᠠᠵᠤ ᠬᠢᠨᠠᠨ ᠵᠢᠯᠣᠭᠤᠳᠪᠠ᠃ ᠶᠡᠷᠦᠩᠬᠡᠶ ᠱᠦᠵᠢ ᠰᠢ  ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤᠨ ᠤ ᠡᠯ᠎ᠡ ᠲᠥᠷᠤᠯ ᠤᠨ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠳᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠬᠤ ᠶᠢᠨ ᠬᠠᠮᠲᠤ ᠠᠵᠤ ᠠᠬᠤᠶ ᠨᠡᠶᠢᠭᠡᠮ ᠤᠨ ᠲᠣᠭᠲᠠᠭᠤᠨ ᠪᠥᠭᠡᠳ ᠡᠷᠡᠭᠦᠯ ᠭᠥᠭᠵᠢᠯᠳᠠ  ᠶᠢ ᠡᠮᠬᠢ ᠵᠢᠷᠤᠮ ᠲᠠᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ ᠬᠤᠰᠢᠭᠤ ᠵᠠᠰᠠᠭ ᠤᠨ ᠣᠷᠳᠣᠨ ᠤ ᠠᠯᠪᠠᠨ ᠭᠡᠷ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠰᠤᠮᠤ  ᠪᠠᠯᠭᠠᠰᠤᠨ ᠤ ᠬᠠᠷᠢᠭᠤᠴᠠᠯᠭᠠᠲᠠᠨ ᠪᠠᠶᠢᠴᠠᠭᠠᠯᠳᠠ  ᠳᠤ ᠤᠷᠤᠯᠴᠠᠪᠠ᠃
     ᠵᠣᠣ ᠹᠸᠢ ᠯᠦ ᠨᠡᠷ ᠤᠷᠢᠳ ᠬᠤᠵᠢᠳ ᠰᠦᠯᠳᠡ ᠰᠤᠮᠤ ᠪᠣᠯᠤᠨ ᠰᠢᠷᠬᠤᠰᠤᠨ ᠪᠠᠯᠭᠠᠰᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠠᠭᠦ ᠭᠠᠵᠠᠷ᠂ ᠭᠤᠤᠯᠳᠠᠯᠭᠠᠳᠤ ᠡᠷᠡᠭᠦᠯ ᠬᠠᠮᠠᠭᠠᠯᠠᠯ ᠤᠨ ᠬᠤᠷᠢᠶ᠎ᠠ᠂ ᠠᠮᠤ ᠪᠤᠳᠠᠭ᠎ᠠ ᠬᠤᠷᠢᠶᠠᠨ ᠬᠠᠳᠠᠭᠠᠯᠠᠬᠤ ᠲᠥᠪ᠂ ᠲᠠᠷᠢᠶᠠᠨ ᠦᠷ᠎ᠡ ᠬᠤᠳᠠᠯᠳᠤᠨ ᠪᠣᠷᠣᠯᠠᠭᠤᠯᠬᠤ ᠳᠡᠯᠭᠡᠭᠦᠷ᠂ ᠷᠦᠩ ᠹᠧᠩ ᠳᠠᠬᠢᠨ ᠰᠢᠨᠡᠳᠴᠤ ᠪᠤᠯᠬᠤ ᠡᠬᠢ ᠪᠠᠶᠠᠯᠢᠭ ᠤᠨ ᠬᠢᠵᠠᠭᠠᠷᠲᠤ ᠺᠣᠮᠫᠠᠨᠢ᠂ ᠸᠠᠩ ᠶᠣᠣ ᠸᠠᠨ ᠲᠣᠰᠬᠤᠨ ᠤ ᠴᠢᠬᠢ ᠪᠣᠶᠢᠵᠢᠭᠤᠯᠬᠤ ᠰᠠᠭᠤᠷᠢᠨ ᠭᠠᠵᠠᠷ ᠵᠡᠷᠭᠡ ᠭᠠᠵᠠᠷ ᠲᠤ ᠭᠥᠷᠴᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢᠨ ᠬᠠᠮᠲᠤ ᠠᠮᠤ ᠪᠤᠳᠠᠭ᠎ᠠ ᠬᠤᠳᠠᠯᠳᠤᠨ ᠠᠪᠬᠤ᠂ ᠲᠣᠰᠬᠤᠨ ᠤ ᠬᠠᠮᠲᠤ ᠶᠢᠨ ᠠᠵᠤ ᠠᠬᠤᠶ  ᠶᠢᠨ ᠬᠥᠭᠵᠢᠯᠲᠡ᠂ ᠲᠠᠷᠢᠶᠠᠯᠠᠩ ᠤᠨ ᠡᠳ᠋ ᠪᠠᠷᠠᠭ᠎ᠠ ᠶᠢ ᠰᠢᠯᠵᠢᠭᠦᠯᠦᠨ ᠲᠡᠭᠡᠭᠡᠪᠦᠷᠢᠯᠡᠵᠦ ᠨᠥᠭᠡᠴᠡᠯᠡᠭᠰᠡᠨ ᠵᠡᠷᠭᠡ ᠪᠠᠶᠢᠳᠠᠯ ᠢ ᠨᠠᠷᠢᠨ ᠤᠶᠢᠯᠠᠭᠠᠪᠠ᠃      ᠵᠣᠣ ᠹᠸᠢ ᠯᠦ ᠵᠢᠭᠠᠵᠤ ᠭᠠᠷᠭᠠᠭᠰᠠᠨ ᠨᠢ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠮᠥᠨ ᠬᠦ ᠬᠦᠨᠳᠦ ᠬᠡᠴᠡᠭᠦᠦ ᠪᠤᠯᠬᠤᠷ ᠪᠢᠳᠠ ᠵᠠᠪᠠᠯ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠶᠯᠡᠳᠦᠯ ᠢ ᠭᠦᠶᠴᠡᠳ ᠪᠠᠳᠠᠷᠠᠭᠤᠯᠵᠤ ᠥᠷᠭᠡᠨ ᠣᠯᠠᠨ ᠮᠠᠯᠴᠢᠨ ᠲᠠᠷᠢᠶᠠᠴᠢᠨ ᠤ ᠰᠠᠷᠭᠡᠶᠢᠯᠠᠨ ᠡᠵᠡᠮᠳᠡᠬᠦ ᠰᠠᠨᠠᠭᠠᠴᠢᠯᠠᠭᠠᠲᠤ ᠴᠢᠨᠠᠷ᠂ ᠢᠳᠡᠪᠭᠢᠳᠤ ᠴᠢᠨᠠᠷ ᠢ ᠳᠠᠶᠢᠴᠢᠯᠠᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠨᠢᠭᠲᠠ ᠴᠢᠩᠭ᠎ᠠ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠬᠤ ᠬᠡᠷᠡᠭᠲᠡᠶ ᠭᠡᠵᠡᠢ᠃
     ᠵᠤᠤ ᠹᠸᠢ ᠯᠦ ᠴᠢᠬᠤᠯᠠᠴᠢᠯᠠᠭᠰᠠᠨ ᠨᠢ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠰᠠᠶᠢᠲᠤᠷ ᠬᠢᠬᠦ  ᠨᠢ ᠲᠠᠷᠢᠶᠠᠯᠠᠩ ᠮᠠᠯ ᠠᠵᠤ ᠠᠬᠤᠢ ᠶᠢᠨ ᠦᠢᠯᠡᠳᠬᠦᠨ ᠢ ᠨᠡᠮᠡᠭᠳᠡᠭᠦᠯᠬᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠠᠷᠠᠯᠲᠠ ᠶᠢ ᠪᠡᠶᠡᠯᠡᠭᠦᠯᠬᠦ ᠲᠠᠢ ᠬᠤᠯᠪᠣᠭᠳᠠᠨ᠎ᠠ᠃ ᠣᠳᠣᠬᠠᠨ ᠤ ᠠᠮᠤ ᠪᠤᠳᠠᠭ᠎ᠠ ᠬᠤᠳᠠᠯᠳᠤᠨ ᠠᠪᠬᠤ᠂ ᠨᠥᠭᠡᠴᠡᠯᠡᠬᠦ᠂ ᠲᠡᠭᠡᠭᠡᠪᠦᠷᠢᠯᠡᠬᠦ᠂ ᠪᠣᠷᠣᠯᠠᠭᠤᠯᠬᠤ ᠠᠵᠢᠯ ᠢ ᠪᠤᠳᠠᠳᠠᠢ ᠰᠠᠶᠢᠲᠦᠷ ᠠᠳᠬᠤᠵᠤ ᠮᠠᠯᠴᠢᠨ ᠲᠠᠷᠢᠶᠠᠴᠢᠨ ᠢ ᠬᠠᠪᠰᠤᠷᠤᠨ ᠠᠮᠤ ᠪᠤᠳᠠᠭ᠎ᠠ ᠶᠢ  ᠨᠢ ᠬᠤᠳᠠᠯᠳᠤᠨ ᠦᠭᠴᠦ ︽ᠠᠮᠤ ᠪᠤᠳᠠᠭ᠎ᠠ ᠬᠤᠳᠠᠯᠳᠤᠬᠤ ᠳᠤ ᠬᠦᠴᠢᠷᠲᠠᠢ︾ ᠠᠰᠠᠭᠤᠳᠠᠯ ᠢᠯᠡᠷᠡᠬᠦ ᠠᠴᠠ ᠰᠡᠷᠭᠡᠶᠢᠯᠡᠬᠦ ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠲᠠᠷᠢᠶᠠᠯᠠᠩ ᠮᠠᠯ ᠠᠵᠤ ᠠᠬᠤᠢ ᠶᠢᠨ ᠦᠶᠯᠡᠳᠪᠦᠷᠢᠯᠡᠯ ᠤᠨ ︽ᠬᠤᠶᠠᠷ ᠢ ᠰᠠᠭᠠᠲᠠᠭᠠᠬᠤ ᠦᠭᠡᠢ︾ ᠪᠠᠶᠢᠬᠤ ᠶᠢ ᠪᠡᠶᠡᠯᠡᠭᠦᠯᠬᠦ ᠬᠡᠷᠡᠭᠲᠡᠶ᠃ ᠰᠤᠮᠤ ᠪᠠᠯᠭᠠᠰᠤ ᠵᠢᠴᠢ ᠡᠯ᠎ᠡ ᠳᠠᠭᠠᠭᠠᠴᠢᠯᠠᠨ ᠬᠠᠷᠢᠯᠴᠠᠬᠤ ᠨᠢᠭᠡᠴᠢ᠂ ᠭᠠᠴᠠᠭ᠎ᠠ ᠲᠣᠰᠬᠤᠨ ᠤ ︽ᠬᠤᠶᠠᠷ ᠵᠥᠪᠯᠠᠯ︾ ᠤᠨ ᠬᠠᠷᠢᠭᠤᠴᠠᠯᠭᠠᠲᠠᠳ ᠲᠠᠨᠢᠯᠲᠠ ᠪᠠᠨ ᠳᠡᠭᠡᠭᠰᠢᠯᠡᠭᠦᠯᠵᠦ ᠬᠠᠷᠢᠭᠤᠴᠠᠯᠭ᠎ᠠ ᠪᠠᠨ ᠡᠭᠦᠷᠭᠡᠯᠠᠨ ᠮᠠᠯᠴᠢᠨ ᠲᠠᠷᠢᠶᠠᠴᠢᠨ ᠳᠤ ᠤᠯᠤᠰ ᠤᠨ ᠭᠢᠨᠠᠨ ᠲᠤᠭᠳᠠᠭᠠᠭᠰᠠᠨ ᠴᠢᠨᠠᠷ ᠰᠠᠶᠢᠲᠠᠶ ᠲᠠᠷᠢᠶᠠᠨ ᠦᠷ᠎ᠡ᠂ ᠲᠠᠷᠢᠶᠠᠨ ᠡᠮ ᠬᠤᠳᠠᠯᠳᠤᠨ ᠠᠪᠬᠤ ᠶᠢ ᠤᠬᠠᠭᠤᠯᠤᠨ ᠵᠢᠯᠣᠭᠤᠳᠴᠤ ᠲᠠᠷᠢᠮᠠᠯ ᠤᠨ ᠵᠦᠶᠯ ᠤᠨ ᠬᠤᠷᠣᠬᠠᠶ ᠶᠢᠨ ᠬᠥᠨᠥᠭᠡᠯ ᠢ ᠰᠠᠷᠭᠡᠶᠢᠯᠠᠨ ᠪᠠᠭᠠᠰᠬᠠᠵᠤ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠭᠦ ᠳᠤ ᠬᠦᠴᠦᠨ ᠨᠡᠮᠡᠷᠢᠯᠡᠬᠦ ᠬᠡᠷᠡᠭᠲᠡᠶ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号