ᠬᠤᠰᠢᠭᠤ ᠵᠠᠰᠠᠭ ᠤᠨ ᠣᠷᠳᠣᠨ ᠤ 3 ᠳ᠋ᠤᠭᠠᠷ ᠤᠳᠠᠭᠠᠨ ᠤ ᠪᠠᠶᠢᠩᠭᠤ ᠶᠢᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020-02-24
     2 ᠰᠠᠷ᠎ᠠ ᠶᠢᠨ 20 ᠤ ᠡᠳᠦᠷ᠂ ᠬᠤᠰᠢᠭᠤ ᠵᠠᠰᠠᠭ ᠤᠨ ᠣᠷᠳᠣᠨ ᠤ 3 ᠳ᠋ᠤᠭᠠᠷ ᠤᠳᠠᠭᠠᠨ ᠤ ᠪᠠᠶᠢᠩᠭᠤ ᠶᠢᠨ ᠠᠵᠢᠯ ᠤᠨ ᠬᠤᠷᠠᠯ ᠬᠤᠷᠠᠯᠳᠤᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ ᠹᠸᠢ ᠯᠦ ᠬᠤᠷᠠᠯ ᠡᠷᠭᠢᠯᠡᠵᠦ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ ᠵᠠᠩ ᡁᠢ ᠰᠢᠦ᠋ᠩ᠂ ᠯᠢ ᠵᠥᠩ ᠯᠢᠨ᠂ ᠬᠤᠰᠢᠭᠤ ᠲᠡᠳ᠋ ᠳᠠᠷᠤᠭ᠎ᠠ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠭᠤᠤ ᠬᠤ᠋᠂ ᠬᠤᠰᠢᠭᠤ ᠳᠡᠳ᠋ ᠳᠠᠷᠤᠭ᠎ᠠ ᠵᠧᠦ ᠱᠤᠸᠠᠢ᠂ ᠪᠠᠶᠠᠨᠴᠡᠩᠭᠡᠯ᠂ ᠪᠠᠶᠠᠨᠴᠢᠮᠡᠭ᠂ ᠯᠢᠦ ᠵᠧᠩ ᠬᠤᠷᠠᠯ  ᠳᠤ ᠣᠷᠣᠯᠴᠠᠵᠤ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠠᠮ ᠤᠨ ᠬᠤᠷᠢᠶᠠᠨ ᠤ ᠠᠯᠪᠠᠨ ᠬᠡᠷ  ᠤᠨ ᠡᠷᠬᠢᠯᠡᠭᠴᠢ ᠵᠣᠣ ᠶᠦᠩ ᠹᠧᠩ᠂ ᠬᠤᠰᠢᠭᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠤᠯᠤᠰ ᠲᠥᠷᠥ  ᠶᠢᠨ ᠭᠡᠰᠢᠭᠦᠨ ᠼᠦᠢ ᠵᠧᠩ ᠸᠧᠨ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ  ᠶᠢᠨ ᠬᠤᠷᠢᠶᠠᠨ ᠤ ᠳᠡᠳ᠋ ᠡᠷᠬᠢᠯᠡᠭᠴᠢ ᠯᠢ ᠰᠢᠦ ᠹᠧᠩ ᠬᠤᠷᠠᠯ ᠳᠤ ᠰᠤᠯᠠ ᠣᠷᠣᠯᠴᠠᠪᠠ᠃ ᠨᠠᠷᠢᠠᠭᠤᠤᠯ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ᠂ ᠡᠯ᠎ᠡ ᠰᠤᠮᠤ ᠪᠠᠯᠭᠠᠰᠤ ᠵᠢᠴᠢ ᠬᠤᠰᠢᠭᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
     ᠬᠤᠷᠠᠯ ᠠᠴᠠ ︽ᠬᠤᠰᠢᠭᠤ ᠰᠤᠮᠤ ᠪᠠᠯᠭᠠᠰᠤ ᠬᠤᠶᠠᠷ ᠱᠠᠲᠤᠨ ᠤ ᠢᠷᠭᠡᠨ ᠤ ᠬᠡᠷᠡᠭ ᠤᠨ ᠪᠣᠳᠠᠲᠤ ᠶᠠᠪᠤᠳᠠᠯ  ᠤᠨ ᠲᠥᠷᠤᠯ ᠵᠦᠶᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠪᠢᠯᠧᠲ ᠥᠭᠬᠦ ᠲᠦᠷᠢᠮ ᠢ ᠠᠬᠢᠭᠤᠯᠬᠤ ᠠᠵᠢᠯ ᠤᠨ ᠬᠡᠷᠡᠭᠵᠢᠭᠦᠯᠬᠦ ᠲᠥᠰᠦᠯ︾ ᠢ ᠬᠠᠮᠲᠤ ᠪᠠᠷ ᠰᠤᠷᠤᠯᠴᠠᠵᠤ ᠨᠠᠷᠢᠠᠭᠤᠤᠯ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ᠂ ᠡᠯ᠎ᠡ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠰᠠᠯᠠᠭ᠎ᠠ ᠮᠥᠴᠢᠷ ᠵᠢᠴᠢ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠳᠤᠷᠠᠳᠤᠭᠰᠠᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠤᠨ ᠪᠠᠶᠢᠳᠠᠯ ᠤᠨ ᠲᠣᠳᠣᠷᠬᠠᠶᠢᠯᠠᠯᠲᠠ ᠶᠢ ᠰᠣᠨᠣᠰᠪᠠ᠃
     ᠵᠣᠣ ᠹᠸᠢ ᠯᠦ ᠵᠢᠭᠠᠵᠤ ᠭᠠᠷᠭᠠᠭᠰᠠᠨ ᠨᠢ᠂ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠨᠢ ᠠᠷᠠᠳ ᠣᠯᠠᠨ ᠤ ᠠᠮᠢᠳᠤᠷᠠᠯ ᠲᠠᠢ ᠬᠤᠯᠪᠣᠭᠳᠠᠵᠤ ᠵᠠᠰᠠᠭ ᠤᠨ ᠣᠷᠳᠣᠨ ᠤ ᠠᠷᠠᠳ ᠣᠯᠠᠨ ᠤ ᠬᠠᠨᠤᠮᠵᠢ ᠶᠢᠨ ᠬᠡᠮᠵᠢᠶ᠎ᠡ ᠪᠠ ᠠᠰᠢᠭ ᠬᠦᠷᠲᠡᠭᠰᠡᠨ ᠲᠥᠷᠥᠭᠳᠡᠯ ᠢ ᠳᠡᠭᠡᠭᠰᠢᠯᠡᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠃ ᠡᠯ᠎ᠡ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠲᠡᠭᠡᠳᠤ ᠬᠡᠮᠵᠢᠶᠡᠨ ᠤ ᠬᠠᠷᠢᠭᠤᠴᠠᠯᠭᠠᠳᠤ ᠰᠡᠳᠬᠢᠯᠭᠡ ᠪᠠᠷ ᠣᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠢ ᠣᠨᠣᠪᠴᠢᠲᠠᠶ᠂ ᠪᠣᠳᠠᠲᠠᠶ ᠠᠳᠬᠤᠬᠤ ᠬᠡᠷᠡᠭᠲᠡᠶ᠃ ᠠᠷᠠᠳ  ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠢ ᠰᠣᠩᠭᠤᠨ ᠭᠠᠷᠭᠠᠬᠤ ᠶᠠᠪᠤᠴᠠ ᠳᠤ ᠨᠢᠭᠡᠳᠤᠯᠳᠠᠢ ᠲᠥᠯᠥᠪᠵᠢᠭᠦᠯᠬᠦ ᠶᠢ ᠰᠠᠶᠢᠲᠤᠷ ᠬᠢᠵᠦ ᠲᠥᠷᠥᠯ ᠵᠦᠶᠯ ᠤᠨ ᠰᠢᠨᠵᠢᠯᠡᠬᠦ ᠤᠬᠠᠭᠠᠨᠴᠢ ᠴᠢᠨᠠᠷ᠂ ᠪᠦᠳᠦᠮᠵᠢᠳᠤ ᠴᠢᠨᠠᠷ ᠢ ᠲᠡᠭᠡᠭᠰᠢᠯᠠᠭᠦᠯᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠭᠡᠮᠡᠯᠵᠢᠭᠦ ᠬᠡᠪᠴᠢᠶ᠎ᠡ ᠶᠢ ᠨᠡᠩ ᠥᠷᠭᠡᠨ᠂ ᠠᠰᠢᠭ ᠬᠦᠷᠲᠡᠭᠰᠡᠨ ᠲᠥᠷᠥᠭᠳᠡᠯ ᠢ ᠨᠡᠩ ᠴᠢᠩᠭ᠎ᠠ ᠪᠣᠯᠭᠠᠵᠤ ᠪᠣᠳᠠᠲᠤ ᠶᠠᠪᠤᠳᠠᠯ ᠢ ᠰᠠᠶᠢᠨ ᠬᠡᠷᠡᠭᠲᠡᠶ ᠭᠡᠵᠡᠢ᠃
     ᠵᠣᠣ ᠹᠸᠢ ᠯᠦ ᠴᠢᠬᠤᠯᠠᠴᠢᠯᠠᠭᠰᠠᠨ ᠨᠢ᠂ ᠡᠳ᠋ ᠤᠨ ᠵᠠᠰᠠᠭ ᠤᠨ ᠪᠠᠯᠠ ᠮᠥᠩᠭᠦ ᠶᠢ ᠨᠢᠭᠡᠳᠦᠯᠲᠡᠶ ᠲᠥᠯᠥᠪᠯᠡᠬᠦ  ᠶᠢ ᠴᠢᠩᠭᠠᠳᠬᠠᠨ ᠲᠥᠷᠥᠯ ᠵᠦᠶᠯ ᠢ ᠤᠷᠤᠭᠰᠢᠲᠠᠶ ᠠᠬᠢᠭᠤᠯᠬᠤ ᠳᠤ ᠬᠦᠴᠦᠲᠡᠶ ᠪᠠᠲᠤᠯᠠᠭ᠎ᠠ ᠬᠠᠩᠭᠠᠬᠤ ᠬᠡᠷᠡᠭᠲᠡᠶ᠃ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠦᠷ᠎ᠡ ᠪᠥᠳᠥᠮᠵᠢ ᠶᠢ ᠰᠢᠯᠭᠠᠬᠤ ᠪᠠᠷᠢᠮᠵᠢᠶ᠎ᠠ ᠪᠤᠯᠭᠠᠨ ᠬᠡᠷᠡᠭᠵᠢᠭᠦᠯᠬᠦ ᠶᠠᠪᠤᠴᠠ ᠶᠢ ᠤᠯᠠᠨ ᠲᠦᠮᠡᠨ ᠤ ᠬᠢᠨᠠᠯᠲᠠ ᠲᠠᠯᠪᠢᠬᠤ ᠬᠡᠪᠴᠢᠶᠡᠨ ᠳᠤ ᠤᠷᠤᠭᠤᠯᠤᠨ ᠦᠷ᠎ᠡ ᠪᠦᠲᠦᠮᠵᠢ ᠤᠯᠵᠤ ᠲᠦᠮᠡᠨ ᠤ ᠬᠦᠰᠡᠵᠦ ᠪᠠᠶᠢᠭ᠎ᠠ ᠵᠦᠢᠯ ᠳᠤ ᠬᠠᠷᠢᠭᠤᠯᠲᠠ ᠥᠭᠬᠦ ᠶᠢ ᠪᠠᠲᠤᠯᠠᠵᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠦᠨᠡᠨ ᠬᠦ ᠠᠷᠠᠳ ᠤᠨ ᠰᠡᠳᠬᠢᠯ ᠤᠨ ᠢᠨᠵᠧᠨᠧᠷᠢᠩ ᠪᠣᠯᠭᠠᠬᠤ ᠬᠡᠷᠡᠭᠲᠡᠢ ᠭᠡᠵᠡᠢ᠃      ᠬᠤᠷᠠᠯ ᠠᠴᠠ ᠪᠠᠰᠠ ᠬᠡᠰᠡᠭ ᠡᠮ ᠡᠮᠨᠡᠯᠭᠡ ᠶᠢᠨ ᠲᠥᠬᠦᠭᠡᠷᠦᠮᠵᠢ ᠬᠤᠳᠠᠯᠳᠤᠨ ᠠᠪᠬᠤ ᠵᠢᠴᠢ ᠪᠥᠬᠦ ᠬᠤᠰᠢᠭᠤᠨ ᠤ ᠡᠯ᠎ᠠ ᠳᠤᠮᠳᠠᠳᠤ ᠪᠠᠭ᠎ᠠ ᠰᠤᠷᠭᠠᠭᠤᠯᠢ ︵ᠬᠡᠦᠬᠡᠳ ᠤᠨ ᠴᠡᠴᠡᠷᠯᠢᠭ︶ ᠳᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠬᠦᠭᠡᠷᠦᠮᠵᠢ ᠵᠡᠷᠭᠡ ᠶᠢ ᠳᠣᠭᠢᠷᠠᠭᠤᠯᠬᠤ ᠲᠤᠬᠠᠶ ᠰᠤᠳᠤᠯᠵᠠᠶ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号